ᠨᠡᠶᠢᠭᠡᠮ ᠤᠨ ᠥᠩᠭᠡᠨ ᠬᠡᠷᠩᠯᠡᠬᠡᠨ ᠤ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠴᠡᠭᠴᠡᠯᠡᠨ ᠵᠠᠰᠠᠬᠤ ᠪᠠ ᠵᠢᠷᠤᠮᠵᠢᠭᠤᠯᠬᠤ ᠲᠤᠬᠠᠶ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/6/15
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠨᠠᠮ ᠤᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠡᠶᠢᠭᠡᠮ ᠤᠨ ᠥᠩᠭᠡᠨ ᠬᠡᠷᠡᠭᠯᠡᠭᠡᠨ ᠤ ᠦᠰᠦᠭ ᠪᠢᠴᠢᠭ ᠢ ᠬᠠᠤᠯᠢ ᠳᠦᠷᠢᠮᠵᠢᠭᠦᠯᠬᠦ᠂ ᠵᠢᠷᠤᠮᠵᠢᠭᠤᠯᠬᠤ ᠶᠢ ᠠᠬᠢᠭᠤᠯᠵᠦ᠂ ᠨᠡᠶᠢᠭᠡᠮ ᠤᠨ ᠥᠩᠭᠡᠨ ᠬᠡᠷᠩᠯᠡᠬᠡᠨ ᠤ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡᠪᠡᠷ ᠬᠡᠷᠩᠯᠡᠬᠦ ᠨᠣᠷᠮ᠎ᠠ᠂ ᠣᠨᠣᠪᠴᠢᠲᠤ ᠨᠣᠷᠮ᠎ᠠ᠂ ᠵᠢᠷᠤᠮᠵᠢᠭᠰᠠᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠰᠤᠳᠤᠯᠵᠤ᠂ ᠨᠡᠶᠢᠭᠡᠮ ᠤᠨ ᠥᠩᠭᠡᠨ ᠬᠡᠷᠩᠯᠡᠬᠡᠨ ᠤ ᠮᠣᠩᠭᠤᠯ ᠬᠢᠲᠠᠳ ᠬᠤᠶᠠᠷ ᠵᠤᠶᠢᠯ ᠤᠨ ᠥᠰᠥᠭ ᠪᠢᠴᠢᠭ ᠢ ᠵᠡᠷᠭᠡᠪᠡᠷ ᠬᠡᠷᠩᠯᠡᠬᠦ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠶᠡᠷᠦᠩᠬᠡᠶ ᠱᠠᠭᠠᠷᠳᠠᠯᠭ᠎ᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠲᠦᠷᠢᠮ︾᠂ ︽ᠤᠯᠠᠭᠠᠨᠬᠠᠳᠠ ᠬᠤᠲᠠ ᠶᠢᠨ ᠬᠡᠷ ᠤᠨ ᠭᠠᠳᠠᠨᠠᠬᠢ ᠵᠠᠷ ᠮᠡᠳᠡᠭᠡ ᠪᠠ ᠫᠠᠶᠢᠰᠠ ᠲᠡᠮᠳᠡᠭ ᠢ ᠪᠠᠶᠢᠷᠢᠯᠠᠭᠤᠯᠬᠤ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠢ ᠴᠢᠩᠭ᠎ᠠ ᠵᠢᠷᠤᠮᠯᠠᠨ ᠬᠢᠨᠠᠮᠠᠭᠠᠶ ᠬᠡᠷᠡᠭᠵᠢᠭᠦᠯᠦᠨ᠎ᠡ ᠃ ︽ᠮᠣᠩᠭᠤᠯ ᠬᠢᠲᠠᠳ  ᠦᠰᠦᠭ ᠢ ᠵᠡᠷᠭᠡᠪᠡᠷ ᠬᠡᠷᠡᠭᠯᠡᠬᠦ᠂ ᠲᠦᠷᠢᠮᠵᠢᠭᠦᠨ ᠬᠡᠷᠡᠭᠯᠡᠬᠦ᠂ ᠴᠡᠪᠡᠷ ᠰᠠᠶᠢᠬᠠᠨ ᠪᠠᠶᠢᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠣᠳᠣᠬᠠᠨ ᠳᠤ ᠨᠡᠶᠢᠭᠡᠮ ᠤᠨ ᠥᠩᠭᠡᠨ ᠬᠡᠷᠩᠯᠡᠭᠡᠨ ᠤ ᠦᠰᠦᠭ ᠪᠢᠴᠢᠭ ᠲᠤ ᠣᠷᠣᠰᠢᠵᠤ ᠪᠠᠶᠢᠭ᠎ᠠ ᠫᠠᠶᠢᠰᠠ ᠢᠯᠡᠷᠬᠡᠶᠢᠯᠡᠯ ᠦᠢᠯᠡᠳᠬᠦ ᠤᠷ᠎ᠠ ᠮᠡᠷᠭᠡᠰᠢᠯ ᠨᠢ ᠨᠢᠭᠡᠳᠦᠯ ᠦᠭᠡᠶ᠂ ᠵᠢᠷᠤᠮᠵᠢᠯ ᠦᠭᠡᠶ᠂ ᠮᠣᠩᠭᠤᠯ ᠬᠢᠲᠠᠳ ᠥᠰᠥᠭ ᠤᠨ ᠥᠰᠥᠭ ᠤᠨ ᠨᠣᠮᠧᠷ ᠤᠨ ᠬᠡᠪ ᠪᠠᠷᠢᠮᠵᠢᠶ᠎ᠠ ᠨᠢ ᠠᠳᠠᠯᠢ ᠥᠬᠡᠶ᠂ ᠮᠣᠩᠭᠤᠯ ᠥᠰᠥᠭ ᠤᠨ ᠬᠠᠷᠢᠴᠠᠯ ᠨᠢ ᠪᠠᠭ᠎ᠠ᠂ ᠰᠥᠨᠢ ᠶᠢᠨ ᠭᠡᠷᠡᠯᠲᠦᠭᠦᠯᠭᠡ ᠳᠤ ᠮᠣᠩᠭᠤᠯ ᠬᠢᠲᠠᠳ ᠦᠰᠦᠭ ᠪᠢᠴᠢᠭ ᠢ ᠵᠡᠷᠭᠡᠪᠡᠷ ᠢᠯᠡᠷᠡᠭᠦᠯᠦᠭᠰᠡᠨ ᠦᠭᠡᠶ᠂ ᠮᠣᠩᠭᠤᠯ ᠦᠰᠦᠭ ᠨᠢ ᠪᠦᠳᠡᠩᠭᠢ᠂ ᠫᠠᠶᠢᠰᠠ ᠢᠯᠡᠷᠬᠡᠶᠢᠯᠡᠯ ᠤᠨ ᠮᠣᠩᠭᠤᠯ ᠦᠰᠦᠭ ᠬᠡᠷᠡᠭᠯᠡᠬᠦ ᠨᠣᠷᠮ᠎ᠠ ᠳᠣᠤᠷ᠎ᠠ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ  ᠰᠠᠶᠢᠵᠢᠷᠠᠭᠤᠯᠤᠨ᠎ᠠ᠃ ᠨᠡᠶᠢᠭᠡᠮ ᠤᠨ ᠥᠩᠭᠡᠨ ᠬᠡᠷᠡᠭᠯᠡᠭᠡᠨ ᠤ ᠪᠢᠴᠢᠭ ᠤᠨ ︽ᠭᠤᠷᠪᠠᠨ ᠨᠣᠷᠮ᠎ᠠ︾ ︵ᠵᠡᠷᠭᠡᠪᠡᠷ ᠬᠡᠷᠡᠭᠯᠡᠬᠦ ᠨᠤᠷᠮ᠎ᠠ᠂ ᠣᠨᠣᠪᠴᠢᠲᠤ ᠨᠣᠷᠮ᠎ᠠ᠂ ᠳᠦᠷᠢᠮᠵᠢᠭᠦᠯᠦᠯᠲᠡ ᠶᠢᠨ ᠨᠣᠷᠮ᠎ᠠ︶ ᠶᠢ 98% ᠠᠴᠠ ᠳᠡᠭᠡᠭᠰᠢ ᠳᠤ ᠬᠦᠷᠦᠭᠦᠯᠵᠦ᠂ ︽ᠭᠤᠷᠪᠠᠨ ᠠᠳᠠᠯᠢ︾ ︵ᠠᠳᠠᠯᠢ ᠬᠠᠷᠢᠴᠠᠯ᠂ ᠠᠳᠠᠯᠢ ᠮᠠᠲ᠋ᠧᠷᠢᠶᠠᠯ᠂ ᠠᠳᠠᠯᠢ ᠭᠡᠷᠡᠯᠲᠦᠴᠡ︶ ᠶᠢᠨ ᠪᠠᠷᠢᠮᠵᠢᠶ᠎ᠠ ᠶᠢ ᠪᠡᠶᠡᠯᠡᠭᠦᠯᠬᠦ ᠬᠡᠷᠩᠲᠡᠢ᠃    ᠬᠤᠶᠠᠷ᠂ ᠵᠠᠰᠠᠬᠤ ᠬᠦᠷᠢᠶ᠎ᠡ ᠬᠡᠪᠴᠢᠶ᠎ᠡ    ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ᠂ ᠡᠯ᠎ᠡ ᠪᠠᠯᠭᠠᠰᠦ ᠰᠢᠶᠠᠩ ᠵᠡᠭᠡᠯᠢ ᠭᠤᠳᠤᠮᠵᠢ ᠶᠢᠨ ᠰᠠᠭᠤᠭ᠎ᠠ ᠭᠠᠵᠠᠷ ᠪᠠᠶᠢᠭᠤᠯᠤᠭᠰᠠᠨ ᠡᠯ᠎ᠡ ᠲᠦᠷᠦᠯ ᠤᠨ ᠫᠠᠶᠢᠰᠠ ᠢᠯᠡᠷᠬᠡᠶᠢᠯᠡᠯ᠂ ᠵᠠᠷ ᠤᠨ ᠫᠠᠶᠢᠰᠠ᠂ ᠵᠢᠭᠤᠯᠴᠢᠯᠠᠯ ᠤᠨ ᠦᠵᠡᠮᠵᠢ ᠶᠢᠨ ᠴᠡᠭ ᠦᠵᠡᠮᠵᠢ ᠶᠢᠨ ᠤᠷᠤᠨ ᠤ ᠲᠡᠮᠳᠡᠭ᠂ ᠵᠠᠰᠠᠮᠠᠯ ᠵᠠᠮ ᠳᠠᠭᠠᠤ ᠭᠠᠵᠠᠷ ᠤᠨ ᠨᠡᠷ᠎ᠡ ᠂ ᠡᠯ᠎ᠡ ᠵᠦᠢᠯ ᠤᠨ ᠲᠡᠮᠳᠡᠭ ᠫᠠᠶᠢᠰᠠ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠤᠨ ᠫᠠᠶᠢᠰᠠ ᠢᠯᠡᠷᠬᠡᠶᠢᠯᠡᠯ᠂ ᠠᠯᠪᠠᠨ ᠲᠠᠮᠠᠭ᠎ᠠ᠂ ᠠᠵᠢᠯ ᠲᠦᠷᠦᠯ ᠤᠨ ᠢᠯᠡᠳᠬᠡᠮᠵᠢ ᠳᠡᠮᠳᠡᠭ᠂ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠨᠢᠭᠡᠴᠢ ᠶᠢᠨ ᠨᠡᠷᠡᠶᠢᠳᠦᠯ ᠤᠨ ᠲᠡᠮᠳᠡᠭ ᠵᠡᠷᠭᠡ ᠨᠡᠶᠢᠭᠡᠮ ᠤᠨ ᠥᠩᠭᠡᠨ ᠬᠡᠷᠩᠯᠡᠭᠡᠨ ᠤ ᠮᠣᠩᠭᠤᠯ ᠬᠢᠲᠠᠳ  ᠦᠰᠦᠭ ᠢ ᠬᠠᠷᠢᠴᠠᠭᠤᠯᠤᠨ ᠬᠡᠷᠩᠯᠡᠭᠰᠡᠨ ᠪᠠᠶᠢᠳᠠᠯ᠃    ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ    ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ᠄ ᠨᠡᠶᠢᠭᠡᠮ ᠤᠨ ᠥᠩᠭᠡᠨ ᠬᠡᠷᠡᠭᠯᠡᠭᠡᠨ ᠤ ᠪᠢᠴᠢᠭ ᠢ ᠵᠣᠬᠢᠴᠠᠭᠤᠯᠤᠨ ᠵᠢᠯᠣᠭᠤᠳᠬᠤ᠂ ᠬᠠᠮᠢᠶᠠᠷᠬᠤ᠂ ᠪᠠᠶᠢᠴᠠᠭᠠᠬᠤ᠂ ᠰᠢᠪᠠᠳᠠᠬᠤ ᠵᠡᠷᠭᠡ ᠠᠵᠢᠯ ᠢ ᠬᠠᠷᠢᠭᠤᠴᠠᠬᠤ ᠬᠡᠷᠩᠳᠡᠢ    ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠫᠠᠶᠢᠰᠠ ᠢᠯᠡᠷᠬᠡᠶᠢᠯᠡᠯ ᠪᠣᠯᠤᠨ ᠭᠡᠷ ᠤᠨ ᠭᠠᠳᠠᠨᠠᠬᠢ ᠵᠠᠷ ᠮᠡᠳᠡᠭᠡ ᠶᠢ ᠬᠢᠨᠠᠨ ᠵᠥᠪᠰᠢᠶᠡᠷᠡᠬᠦ ᠪᠠ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠬᠤ ᠬᠡᠷᠩᠳᠡᠢ᠃ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠭᠰᠡᠨ ᠦᠭᠡᠢ᠂ ᠮᠣᠩᠭᠤᠯ ᠬᠢᠲᠠᠳ ᠦᠰᠦᠭ ᠤᠨ ᠣᠷᠴᠢᠭᠤᠯᠭ᠎ᠠ ᠪᠤᠷᠤᠭᠤ᠂ ᠮᠣᠩᠭᠤᠯ ᠬᠢᠲᠠᠳ ᠦᠰᠦᠭ ᠪᠢᠴᠢᠭ ᠤᠨ ᠪᠢᠴᠢᠯᠭᠡ ᠪᠤᠷᠤᠭᠤ᠂ ᠮᠣᠩᠭᠤᠯ ᠬᠢᠲᠠᠳ ᠦᠰᠦᠭ ᠤᠨ ᠬᠠᠷᠢᠴᠠᠯ ᠲᠡᠩᠴᠡᠭᠦᠷᠢ ᠦᠭᠡᠢ ᠵᠡᠷᠭᠡ ᠵᠢᠷᠤᠮᠵᠢᠯ ᠦᠭᠡᠢ ᠫᠠᠶᠢᠰᠠ ᠢᠯᠡᠷᠬᠡᠶᠢᠯᠡᠯ ᠪᠠ ᠭᠡᠷ ᠤᠨ ᠭᠠᠳᠠᠨᠠᠬᠢ ᠵᠠᠷ ᠮᠡᠳᠡᠭᠡ ᠶᠢ ᠬᠢᠨᠠᠨ ᠵᠥᠪᠰᠢᠶᠡᠷᠡᠬᠦ ᠦᠭᠡᠢ᠃ ᠨᠡᠶᠢᠭᠡᠮ ᠤᠨ ᠥᠩᠭᠡᠨ ᠬᠡᠷᠩᠯᠡᠭᠡᠨ ᠤ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡᠪᠡᠷ ᠬᠡᠷᠩᠯᠡᠬᠦ ᠲᠣᠭᠲᠠᠭᠠᠯ ᠢ ᠵᠥᠷᠢᠴᠡᠵᠦ᠂ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠥᠭᠡᠷᠡᠴᠢᠯᠡᠭᠰᠡᠨ ᠥᠬᠡᠶ ᠫᠠᠶᠢᠰᠠ ᠲᠡᠮᠳᠡᠭ᠂ ᠬᠡᠷ ᠤᠨ ᠭᠠᠳᠠᠨᠠᠬᠢ ᠵᠠᠷ ᠮᠡᠳᠡᠭᠡ ᠶᠢ ᠨᠤᠷᠠᠭᠠᠬᠤ ᠪᠤᠶᠤ ᠠᠷᠢᠯᠭᠠᠬᠤ ᠬᠡᠷᠩᠳᠡᠢ᠃    ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠪᠢ ᠶᠢᠨ ᠠᠵᠤ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ᠂ ᠲᠠᠸᠠᠷ ᠤᠨ ᠨᠡᠷᠡᠶᠢᠳᠦᠯ᠂ ᠲᠠᠸᠠᠷ ᠤᠨ ᠲᠡᠮᠳᠡᠭ᠂ ᠲᠣᠳᠣᠷᠬᠠᠶᠢᠯᠠᠯᠲᠠ ᠶᠢᠨ ᠪᠢᠴᠢᠭ ᠤᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠠᠷᠭᠡᠪᠡᠷ ᠬᠡᠷᠡᠭᠯᠡᠬᠦ ᠵᠠᠰᠠᠬᠤ ᠠᠵᠢᠯ ᠢ ᠬᠠᠷᠢᠭᠤᠴᠠᠬᠤ ᠬᠡᠷᠩᠳᠡᠢ᠃    ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠄ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠡᠮᠳᠡᠭ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠫᠠᠶᠢᠰᠠ᠂ ᠬᠤᠲᠠ ᠲᠣᠭᠤᠷᠢᠭ ᠤᠨ ᠤᠷᠤᠵᠦ ᠭᠠᠷᠬᠤ ᠵᠠᠮ ᠤᠨ ᠠᠮᠠᠰᠠᠷ ᠤᠨ ᠵᠢᠭᠠᠯᠲᠠ ᠶᠢᠨ ᠫᠠᠶᠢᠰᠠ ᠶᠢᠨ ᠮᠣᠩᠭᠤᠯ ᠬᠢᠲᠠᠳ ᠦᠰᠦᠭ ᠪᠢᠴᠢᠭ ᠢ ᠬᠠᠮᠲᠤ ᠳᠤᠨᠢ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠩᠳᠡᠢ᠃    ᠠᠷᠠᠳ ᠤᠨ ᠶᠠᠪᠤᠳᠠᠯ ᠤᠨ ᠲᠣᠪᠴᠢᠶ᠎ᠠ᠄ ᠪᠠᠶᠢᠭᠠᠯᠢ ᠶᠢᠨ ᠭᠠᠵᠠᠷ ᠵᠦᠶ ᠶᠢᠨ ᠪᠣᠳᠠᠲᠤ ᠴᠣᠭᠴᠠ ᠶᠢᠨ ᠨᠡᠷᠡᠶᠢᠳᠦᠯ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠨᠡᠷᠡᠶᠢᠳᠦᠯ᠂ ᠰᠠᠭᠤᠭᠠᠯᠢ ᠠᠷᠠᠳ ᠤᠨ ᠭᠠᠵᠠᠷ ᠣᠷᠣᠨ ᠤ ᠨᠡᠷ᠎ᠡ ᠪᠠ ᠪᠤᠰᠤᠳ ᠭᠠᠵᠠᠷ ᠤᠨ ᠨᠡᠷᠡᠶᠢᠳᠦᠯ ᠤᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠵᠠᠰᠠᠬᠤ ᠠᠵᠢᠯ ᠢ ᠬᠠᠷᠢᠭᠤᠴᠠᠬᠤ ᠬᠡᠷᠩᠳᠡᠢ᠃   ᠰᠢᠶᠠᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠄ ᠪᠠᠩᠬᠢ᠂ ᠮᠥᠩᠭᠦᠨ ᠭᠦᠢᠯᠭᠡᠭᠡᠨ ᠤ ᠰᠢᠰᠲ᠋ᠧᠮ ᠤᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠵᠠᠰᠠᠬᠤ ᠠᠵᠢᠯ ᠢ ᠬᠠᠷᠢᠭᠤᠴᠠᠬᠤ ᠬᠡᠷᠩᠳᠡᠢ᠃    ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠄ ᠵᠢᠭᠤᠯᠴᠢᠯᠠᠯ ᠤᠨ ᠦᠵᠡᠮᠵᠢ ᠶᠢᠨ ᠣᠷᠣᠨ᠂ ᠴᠢᠬᠤᠯᠠ ᠦᠵᠡᠮᠵᠢ ᠶᠢᠨ ᠣᠷᠣᠨ ᠤ ᠲᠡᠮᠳᠡᠭ᠂ ᠲᠣᠪᠴᠢ ᠲᠠᠨᠢᠯᠴᠠᠭᠤᠯᠭ᠎ᠠ᠂ ᠮᠡᠳᠡᠪᠡᠰᠦ ᠵᠤᠬᠢᠬᠤ ᠵᠤᠶᠢᠯ᠂ ᠰᠠᠨᠠᠭᠤᠯᠤᠮᠵᠢ᠂ ᠡᠭᠦᠳᠡᠨ ᠪᠢᠯᠧᠲ ᠵᠡᠷᠭᠡ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠬᠠᠮᠲᠤ ᠳᠤᠨᠢ ᠬᠡᠷᠡᠭᠯᠡᠬᠦ ᠠᠵᠢᠯ ᠢ ᠬᠠᠷᠢᠭᠤᠴᠠᠬᠤ ᠬᠡᠷᠩᠳᠡᠢ᠃    ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠶᠡᠷᠦᠩᠬᠡᠶᠢᠯᠡᠨ ᠴᠡᠭᠴᠡᠯᠡᠨ ᠵᠠᠰᠠᠬᠤ ᠶᠠᠪᠤᠴᠠ ᠳᠤ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠶᠠᠪᠤᠳᠠᠯ ᠭᠦᠢᠴᠡᠳᠭᠡᠬᠦ ᠶᠢ ᠬᠠᠷᠰᠢᠯᠠᠬᠤ᠂ ᠬᠤᠷᠢᠭᠯᠠᠬᠤ᠂ ᠲᠡᠪᠴᠢᠬᠦ ᠠᠵᠢᠯᠯᠠᠭ᠎ᠠ ᠶᠢ ᠬᠠᠷᠢᠭᠤᠴᠠᠵᠦ᠂ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠬᠡᠷᠡᠭᠲᠡᠶ᠃    ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠄ ᠲᠣᠰ ᠬᠠᠷᠢᠶ᠎ᠠ ᠣᠷᠣᠨ ᠤ ᠪᠠᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠩᠯᠡᠬᠦ ᠵᠠᠰᠠᠬᠤ ᠠᠵᠢᠯ ᠢ ᠬᠠᠷᠢᠭᠤᠴᠠᠬᠤ ᠬᠡᠷᠩᠳᠡᠢ᠃    ᠪᠤᠰᠤᠳ ᠡᠯ᠎ᠡ ᠨᠢᠭᠡᠴᠢ ᠨᠦᠭᠦᠳ ᠲᠣᠰ ᠨᠢᠭᠡᠴᠢ ᠶᠢᠨ ᠨᠡᠷᠡᠶᠢᠳᠦᠯ᠂ ᠠᠯᠪᠠᠨ ᠲᠠᠮᠠᠭ᠎ᠠ᠂ ᠪᠢᠴᠢᠭ ᠮᠠᠲ᠋ᠧᠷᠢᠶᠠᠯ ᠤᠨ ᠲᠦᠷᠦᠭᠦᠤ᠂ ᠵᠠᠬᠢᠳᠠᠯ ᠤᠨ ᠳᠤᠭᠲᠤᠢ᠂ ᠵᠠᠬᠢᠳᠠᠯ ᠤᠨ ᠴᠠᠭᠠᠰᠤ᠂ ᠠᠯᠪᠠᠨ ᠵᠠᠷ᠂ ᠤᠬᠠᠭᠤᠯᠭ᠎ᠠ ᠶᠢᠨ ᠰᠠᠮᠪᠠᠷ᠎ᠠ᠂ ᠬᠤᠷᠠᠯ ᠤᠨ ᠲᠡᠮᠳᠡᠭ᠂ ᠡᠯᠭᠦᠭᠡ ᠪᠢᠴᠢᠭᠡᠰᠦ ᠵᠡᠷᠭᠡ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠰ ᠰᠢᠰᠲ᠋ᠧᠮ ᠪᠠ ᠬᠠᠮᠢᠶᠠᠷᠤᠭᠳᠠᠬᠤ ᠡᠲᠡᠭᠡᠳ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠬᠤ ᠠᠵᠢᠯ ᠢ  ᠪᠡᠶᠡᠯᠡᠭᠦᠯᠬᠦ ᠶᠢ ᠬᠠᠷᠢᠭᠤᠴᠠᠨ ᠰᠢᠮᠳᠠᠭᠤᠯᠬᠤ ᠬᠡᠷᠡᠭᠲᠡᠶ᠃    ᠲᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠤᠬᠠᠭᠤᠯᠤᠨ ᠳᠠᠶᠢᠴᠢᠯᠠᠬᠤ ᠱᠠᠲᠤ ᠦᠶ᠎ᠡ᠄ ︵2020 ᠣᠨ ᠤ 6 ᠳ᠋ᠤᠭᠠᠷ ᠰᠠᠷ᠎ᠠ ᠶᠢᠨ 1 ᠤ ᠡᠳᠦᠷ — 6  ᠳ᠋ᠤᠭᠠᠷ ᠰᠠᠷ᠎ᠠ ᠶᠢᠨ 15 ᠤ ᠡᠳᠦᠷ︶᠃ ᠰᠢᠶᠠᠨ ᠤ ᠵᠠᠰᠠᠭ ᠤᠨ ᠣᠷᠳᠣᠨ ᠠᠴᠠ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠬᠰᠠᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠴᠦ ᠵᠣᠬᠢᠴᠠᠩᠭᠤᠢ ᠪᠠᠷ ᠤᠳᠤᠷᠢᠳᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠤᠬᠠᠭᠤᠯᠤᠨ ᠳᠠᠶᠢᠴᠢᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠤᠰ ᠰᠠᠯᠠᠭ᠎ᠠ ᠮᠥᠴᠢᠷ ᠵᠢᠴᠢ ᠬᠠᠮᠢᠶᠠᠷᠬᠤ ᠬᠦᠷᠢᠶ᠎ᠡ ᠬᠡᠪᠴᠢᠶᠡᠨ ᠳᠠᠬᠢ ᠨᠡᠶᠢᠭᠡᠮ ᠤᠨ ᠥᠩᠭᠡᠨ ᠬᠡᠷᠩᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠭᠰᠡᠨ ᠪᠠᠶᠢᠳᠠᠯ ᠢ ᠦᠪᠡᠷᠲᠡᠭᠡᠨ ᠪᠠᠶᠢᠴᠠᠭᠠᠨ ᠪᠠᠶᠢᠳᠠᠯ ᠢ ᠣᠶᠢᠯᠠᠭᠠᠵᠤ᠂ ᠰᠠᠭᠤᠷᠢ ᠮᠡᠳᠡᠭᠡ ᠵᠠᠩᠭᠢ ᠶᠢ ᠡᠵᠡᠮᠰᠢᠵᠦ᠂ ᠴᠡᠭᠴᠡᠯᠡᠨ ᠵᠠᠰᠠᠬᠤ ᠡᠬᠡ ᠲᠠᠩᠰᠠ ᠶᠢ ᠪᠠᠶᠢᠭᠤᠯᠬᠤ ᠬᠡᠷᠩᠳᠡᠢ᠃    ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ᠄ ︵2020 ᠣᠨ ᠤ 6 ᠳ᠋ᠤᠭᠠᠷ ᠰᠠᠷ᠎ᠠ ᠶᠢᠨ 16 ᠤ ᠡᠳᠦᠷ — 9 ᠳ᠋ᠤᠭᠡᠷ ᠰᠠᠷ᠎ᠠ ᠶᠢᠨ 30 ᠤ ᠡᠳᠦᠷ︶᠃ ᠡᠯ᠎ᠡ ᠨᠢᠭᠡᠴᠢ ᠪᠥᠬᠦ ᠲᠠᠯ᠎ᠠ ᠪᠠᠷ ᠣᠶᠢᠯᠭᠠᠬᠰᠠᠨ ᠪᠠᠶᠢᠳᠠᠯ ᠢᠶᠠᠨ ᠦᠨᠳᠦᠰᠦᠯᠡᠨ᠂ ᠲᠥᠷᠥᠯ ᠬᠤᠪᠢᠶᠠᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠡᠷᠩᠲᠡᠢ᠃ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠭᠰᠡᠨ ᠦᠭᠡᠢ᠂ ᠮᠣᠩᠭᠤᠯ ᠬᠢᠲᠠᠳ ᠦᠰᠦᠭ ᠪᠢᠴᠢᠭ ᠤᠨ ᠨᠣᠮᠧᠷ ᠤᠨ ᠬᠡᠪ ᠪᠠᠷᠢᠮᠵᠢᠶ᠎ᠠ ᠨᠢ 1᠄ 1 ᠳᠤ ᠬᠦᠷᠦᠭᠰᠡᠨ ᠦᠭᠡᠢ᠂ ᠪᠤᠷᠤᠭᠤ ᠣᠷᠴᠢᠭᠤᠯᠤᠭᠰᠠᠨ ᠭᠡᠷ ᠤᠨ ᠭᠠᠳᠠᠨᠠᠬᠢ ᠵᠠᠷ ᠮᠡᠳᠡᠭᠡ ᠪᠠ ᠫᠠᠶᠢᠰᠠ ᠢᠯᠡᠷᠬᠡᠶᠢᠯᠡᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠶᠢ ᠲᠡᠪᠴᠢᠭᠰᠡᠨ ᠨᠢᠭᠡᠴᠢ ᠪᠠ ᠠᠵᠤ ᠠᠬᠤᠶᠢᠯᠠᠯ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠬᠤᠲᠠ ᠶᠢᠨ ᠳᠦᠷᠢ ᠳᠦᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠥᠩᠭᠡᠨ ᠲᠠᠯ᠎ᠠ ᠶᠢᠨ ᠮᠤᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠂ ︽ᠤᠯᠠᠭᠠᠨᠬᠠᠳᠠ ᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ ᠪᠠ ᠫᠠᠶᠢᠰᠠ ᠲᠡᠮᠳᠡᠭ ᠪᠠᠶᠢᠷᠢᠯᠠᠭᠤᠯᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠭᠡᠨ ᠲᠤᠷᠠᠭᠠᠵᠤ ᠴᠢᠨᠠᠭᠰᠢᠯᠠᠪᠠᠯ ᠠᠯᠪᠠᠳᠠᠯᠭ᠎ᠠ ᠪᠠᠷ ᠨᠤᠷᠠᠭᠠᠬᠤ ᠪᠤᠶᠤ ᠠᠷᠢᠯᠭᠠᠬᠤ ᠬᠡᠷᠡᠭᠲᠡᠶ᠃    ︵ᠭᠤᠷᠪᠠ︶ ᠳ᠋ᠦᠩᠨᠡᠵᠦ ᠰᠢᠯᠭᠠᠨ ᠠᠪᠬᠤ ᠱᠠᠲᠤ ᠦᠶ᠎ᠡ᠄ ︵2020 ᠣᠨ ᠤ 10 ᠳ᠋ᠤᠭᠠᠷ ᠰᠠᠷ᠎ᠠ ᠶᠢᠨ 1 ᠤ ᠡᠳᠦᠷ — 10 ᠳ᠋ᠤᠭᠠᠷ ᠰᠠᠷ᠎ᠠ ᠶᠢᠨ 30 ᠤ ᠡᠳᠦᠷ︶᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠲᠤᠷᠰᠢᠯᠭ᠎ᠠ ᠪᠠ ᠥᠷᠨᠢᠭᠦᠯᠦᠭᠰᠡᠨ ᠪᠠᠶᠢᠳᠠᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠡᠭᠦᠨ ᠤ ᠬᠠᠮᠲᠤ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢᠶᠠᠨ ᠮᠡᠳᠡᠭᠦᠯᠦᠯᠲᠡ ᠪᠣᠯᠭᠠᠵᠤ᠂ 11 ᠰᠠᠷ᠎ᠠ ᠶᠢᠨ 5 ᠤ ᠡᠳᠦᠷ ᠠᠴᠠ ᠡᠮᠦᠨ᠎ᠡ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠥᠰᠥᠭ ᠪᠢᠴᠢᠭ ᠢ ᠵᠡᠷᠭᠡ ᠪᠠᠷ ᠬᠡᠷᠡᠭᠯᠡᠬᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ ᠬᠡᠷᠩᠳᠡᠢ᠃ ︵ᠬᠠᠷᠢᠯᠴᠠᠬᠤ ᠬᠥᠮᠦᠨ᠄ ᠤᠷᠳᠤ᠂ ᠰᠢᠦᠳᠠᠨ ᠬᠠᠶᠢᠷᠴᠠᠭ᠄ 838245532@QQ.com  ᠂ ᠬᠠᠷᠢᠯᠴᠠᠬᠤ ᠤᠲᠠᠰᠤ᠄ 4235946︶    ᠲᠠᠪᠤ᠂ ᠠᠵᠢᠯ ᠤᠨ ᠱᠠᠭᠠᠷᠳᠠᠯᠭ᠎ᠠ  ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠥᠩᠭᠡᠨ ᠬᠡᠷᠡᠭᠯᠡᠭᠡᠨ ᠤ ᠦᠰᠦᠭ ᠪᠢᠴᠢᠭ ᠪᠣᠯ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠲᠣᠭᠢᠶᠠᠯᠠᠬᠤ ᠴᠢᠨᠠᠷᠲᠠᠶ ᠦᠰᠦᠭ ᠪᠢᠴᠢᠭ ᠪᠣᠯᠤᠨ᠎ᠠ ᠃ ᠮᠠᠰᠢ ᠴᠢᠩᠭ᠎ᠠ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠨᠡᠶᠢᠭᠡᠮ ᠤᠨ ᠴᠢᠨᠠᠷᠲᠠᠶ ᠪᠠᠶᠢᠵᠤ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠬᠤ ᠨᠢ ᠨᠠᠮ ᠤᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠬᠤ ᠶᠢᠨ ᠪᠣᠳᠠᠲᠠᠶ ᠢᠯᠡᠷᠡᠯ ᠮᠥᠨ᠃ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠵᠦ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠲᠣᠬᠢᠷᠠᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃    ︵ᠬᠤᠶᠠᠷ︶ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ᠭᠡᠷ ᠤᠨ ᠭᠠᠳᠠᠨᠠᠬᠢ ᠵᠠᠷ ᠮᠡᠳᠡᠭᠡ᠂ ᠫᠠᠶᠢᠰᠠ ᠲᠡᠮᠳᠡᠭ ᠤᠨ ᠬᠢᠨᠠᠨ ᠵᠦᠪᠰᠢᠶᠡᠷᠡᠯ ᠪᠠᠶᠢᠷᠢᠯᠠᠭᠤᠯᠤᠯᠲᠠ ᠶᠢᠨ ᠵᠢᠷᠤᠮᠵᠢᠭᠰᠠᠨ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠬᠢᠨᠠᠨ ᠵᠥᠪᠰᠢᠶᠡᠷᠡᠬᠦ ᠭᠠᠷᠳᠠᠮ ᠢ ᠭᠦᠢᠴᠳᠭᠡᠵᠦ ᠳᠠᠭᠤᠰᠤᠭᠰᠠᠨ ᠤ ᠳᠠᠷᠠᠭ᠎ᠠ᠂ ᠠᠵᠢᠯ ᠤᠨ ᠲᠤᠮᠳᠠᠬᠢ᠂ ᠠᠵᠢᠯ ᠤᠨ ᠳᠠᠷᠠᠭᠠᠬᠢ ᠬᠢᠨᠠᠨ ᠬᠠᠮᠢᠶᠠᠷᠬᠤ ᠶᠢ ᠰᠠᠶᠢᠳᠤᠷ ᠬᠢᠵᠦ᠂ ᠬᠤᠳᠠᠯᠳᠤᠭᠠᠴᠢᠨ ᠡᠷᠦᠬᠡ ᠶᠢᠨ ᠦᠢᠯᠡᠳᠦᠭᠰᠡᠨ ᠫᠠᠶᠢᠰᠠ ᠢᠯᠡᠷᠬᠡᠶᠢᠯᠡᠯ ᠲᠡᠮᠳᠡᠭ ᠬᠢᠭᠡᠳ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢᠨ ᠵᠢᠷᠤᠭ ᠨᠢ ᠨᠢᠭᠡᠳᠦᠯ ᠥᠬᠡᠶ ᠵᠡᠷᠭᠡ  ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃    ︵ᠭᠤᠷᠪᠠ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠶ᠃ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠨᠢᠭᠡᠳᠬᠡᠵᠦ᠂ ᠨᠢᠭᠲᠠ ᠬᠠᠮᠵᠢᠯᠴᠠᠵᠤ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ  ᠵᠤᠶᠢᠯ ᠤᠨ ᠦᠰᠦᠭ ᠪᠢᠴᠢᠭ ᠢ ᠵᠡᠷᠭᠡ ᠪᠠᠷ  ᠬᠡᠷᠩᠯᠡᠬᠦ ᠨᠣᠷᠮ᠎ᠠ ᠪᠣᠯᠤᠨ ᠬᠢᠷᠢ ᠲᠡᠩᠴᠡᠬᠦ ᠨᠣᠷᠮ᠎ᠠ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ  ᠳᠡᠭᠡᠭᠰᠢᠯᠡᠭᠦᠯᠬᠦ ᠬᠡᠷᠩᠳᠡᠢ᠃    ︵ ᠳᠥᠷᠪᠡ︶ ᠠᠵᠢᠯ ᠤᠨ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ ᠶᠢ ᠠᠪᠴᠤ᠂ ᠴᠡᠭᠴᠡᠯᠡᠨ ᠵᠠᠰᠠᠬᠤ ᠠᠵᠢᠯ ᠤᠨ ᠤᠬᠠᠭᠤᠯᠭ᠎ᠠ ᠮᠡᠳᠡᠭᠡᠯᠡᠯ ᠢ ᠴᠢᠩᠭᠠᠳᠬᠠᠵᠦ᠂ ᠠᠵᠢᠯ ᠤᠨ ᠪᠠᠶᠢᠳᠠᠯ᠂ ᠠᠷᠭ᠎ᠠ ᠲᠤᠷᠰᠢᠯᠭ᠎ᠠ ᠪᠣᠯᠤᠨ ᠣᠯᠤᠭᠰᠠᠨ ᠦᠷ᠎ᠡ ᠪᠦᠲᠦᠮᠵᠢ ᠪᠠᠨ ᠴᠠᠭ ᠲᠤᠬᠠᠶ ᠳᠤᠨᠢ ᠲᠤᠰᠬᠠᠬᠤ ᠬᠡᠷᠩᠳᠡᠢ᠃ ᠨᠡᠶᠢᠭᠡᠮ ᠳᠠᠶᠠᠭᠠᠷ ᠲᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃    2020 ᠣᠨ ᠤ 5 ᠰᠠᠷ᠎ᠠ ᠶᠢᠨ 29 ᠤ ᠡᠳᠦᠷ    
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号