ᠨᠠᠷᠠᠨ ᠳᠤ ᠰᠢᠷᠠᠬᠳᠠᠵᠤ ᠰᠢᠷᠬᠠᠯᠠᠪᠠᠯ ᠳᠠᠷᠦ᠋ᠢᠬᠠᠨ ᠠᠷᠭ᠎ᠠ ᠬᠡᠮᠵᠢᠶ᠎ᠠ ᠠᠪᠬᠤ ᠬᠡᠷᠡᠭᠳᠡᠢ
ᠨᠡᠶᠢᠲᠡᠯᠡᠭᠰᠡᠨ ᠴᠠᠭ᠄
2020/6/15
              1. ᠨᠠᠷᠠᠨ ᠳᠤ ᠶᠠᠪᠤᠭᠠᠳ ᠠᠷᠠᠰᠤ ᠬᠤᠷᠤᠰᠴᠤ ᠤᠯᠠᠶᠢᠬᠤ ᠪᠠᠶᠢᠳᠠᠯ ᠭᠠᠷᠪᠠᠯ ᠳᠠᠷᠦ᠋ᠢᠬᠠᠨ  ᠨᠠᠷᠠᠨ ᠠᠴᠠ ᠬᠠᠯᠬᠠᠯᠠᠬᠤ ᠠᠷᠭ᠎ᠠ ᠬᠡᠮᠵᠢᠶ᠎ᠠ ᠠᠪᠬᠤ ᠭᠡᠷᠡᠭᠳᠡᠢ᠃ ᠬᠡᠷᠪᠡ ᠦᠷᠭᠦᠯᠵᠢᠯᠡᠨ ᠨᠠᠷᠠᠨ ᠳᠤ ᠰᠢᠷᠠᠭᠳᠠᠬᠤ ᠳᠤ  ᠬᠦᠷᠪᠡᠯ ᠰᠢᠷᠬᠠᠳᠤᠯ ᠨᠢ ᠤᠯᠠᠮ ᠬᠦᠨᠳᠦᠷᠡᠳᠡᠭ᠂ ᠨᠠᠷᠠᠨ ᠤ ᠰᠢᠷᠬᠠᠳᠤᠯ ᠤᠨ ᠬᠦᠭᠵᠢᠯᠳᠡ ᠶᠢᠨ ᠶᠠᠪᠤᠴᠠ ᠨᠢ ᠪᠠᠷᠤᠭ  4 — 6 ᠴᠠᠭ ᠪᠠᠶᠢᠳᠠᠭ ᠪᠤᠯᠬᠤᠷ ᠭᠡᠳᠦᠢ ᠡᠷᠳᠡ ᠠᠷᠭ᠎ᠠ ᠬᠡᠮᠵᠢᠶ᠎ᠠ ᠠᠪᠤᠪᠠᠯ ᠳᠡᠳᠦᠢ ᠰᠠᠶᠢᠨ᠃            2. ᠬᠦᠢᠳᠡᠨ ᠤᠰᠤ ᠪᠠᠷ ᠱᠠᠪᠰᠢᠵᠤ ᠴᠢᠭᠢᠭ ᠢ ᠬᠠᠮᠠᠭᠠᠯᠠᠬᠤ ᠣ ᠳᠦᠷᠭᠢᠨ᠎ᠠ᠃ ᠠᠩᠬᠠᠷ︕ ᠮᠦᠰᠦ  ᠭᠡᠷᠡᠭᠯᠡᠵᠦ ᠪᠤᠯᠬᠤ ᠦᠭᠡᠢ᠂ ᠠᠯᠴᠢᠭᠤᠷ ᠢᠶᠠᠨ ᠬᠦᠷᠦᠭᠡᠭᠦᠷ ᠲᠤ ᠬᠢᠵᠦ ᠭᠦᠢᠳᠡᠨ ᠪᠤᠯᠭᠠᠭᠠᠳ ᠰᠢᠷᠠᠭᠳᠠᠭᠰᠠᠨ  ᠭᠠᠵᠠᠷ ᠢᠶᠠᠨ ᠳᠠᠷᠤᠵᠤ ᠪᠤᠯᠤᠨ᠎ᠠ᠃             ᠳᠠᠬᠢᠨ ᠳᠠᠪᠳᠠᠨ ᠴᠢᠭᠢᠭ ᠢ ᠬᠠᠮᠠᠭᠠᠯᠠᠬᠤ ᠣ ᠳᠦᠷᠭᠢᠪᠡᠯ ᠠᠷᠠᠰᠤ ᠬᠠᠭᠤᠷᠬᠤ ᠶᠢ ᠪᠠᠭᠠᠰᠬᠠᠵᠤ ᠪᠤᠯᠳᠠᠭ  ᠂ ᠸᠢᠲ᠋ᠠᠮᠢᠨ C᠂ E ᠡᠯᠪᠡᠭ ᠠᠭᠤᠯᠤᠭᠰᠠᠨ ᠪᠦᠲᠦᠭᠡᠭᠳᠡᠭᠦᠨ ᠭᠡᠷᠡᠭᠯᠡᠪᠡᠯ ᠰᠠᠶᠢᠨ᠃             3. ᠬᠦᠨᠳᠦ ᠭᠡᠴᠡᠭᠦᠦ ᠰᠢᠷᠠᠭᠳᠠᠵᠤ ᠴᠦᠪᠦᠷᠢᠭᠦᠦ ᠭᠠᠷᠬᠤ ᠳᠡᠭᠡᠷ᠎ᠡ ᠬᠦᠷᠪᠡᠯ ᠪᠡᠶ᠎ᠡ ᠶᠢᠨ ᠤᠰᠤ  ᠠᠯᠳᠠᠭᠳᠠᠳᠠᠭ᠂ ᠤᠰᠤ ᠢᠯᠡᠭᠦᠦ ᠨᠦᠬᠦᠪᠡᠯ ᠵᠤᠬᠢᠨ᠎ᠠ᠃ ᠬᠡᠦᠬᠡᠳ ᠤᠨᠴᠠᠭᠠᠢᠢᠯᠠᠨ ᠠᠩᠬᠠᠷᠬᠤ ᠭᠡᠷᠡᠭᠳᠡᠢ᠃            ᠨᠠᠷᠠᠨ ᠳᠤ ᠰᠢᠷᠠᠭᠳᠠᠵᠤ ᠴᠦᠪᠦᠷᠢᠭᠦᠦ ᠭᠠᠷᠤᠭᠰᠠᠨ ᠭᠠᠵᠠᠷ ᠨᠢ ᠪᠡᠶ᠎ᠡ ᠶᠢᠨ 20% ︵ᠬᠡᠦᠬᠡᠳ ᠤᠨ  ᠪᠦᠬᠦᠯᠢ ᠨᠢᠷᠦᠭᠤᠨ ᠤ ᠭᠡᠰᠡᠭ ᠲᠠᠢ ᠪᠠᠷᠤᠭ ᠳᠡᠩᠴᠡᠨ᠎ᠠ︶ ᠠᠴᠠ ᠳᠠᠪᠠᠭᠰᠠᠨ ᠪᠠᠶᠢᠳᠠᠯ ᠳᠤ ᠡᠮᠨᠡᠯᠭᠡ ᠳᠤ ᠤᠴᠢᠪᠠᠯ  ᠵᠤᠬᠢᠨ᠎ᠠ᠃            4. ᠨᠠᠷᠠᠨ ᠳᠤ ᠰᠢᠷᠠᠭᠳᠠᠪᠠᠯ ᠠᠷᠠᠰᠤ ᠬᠡᠪᠡᠷᠡᠭ ᠪᠤᠯᠳᠠᠭ᠂ ᠳᠡᠶᠢᠮᠦ ᠠᠴᠠ ᠪᠡᠶ᠎ᠡ ᠤᠭᠢᠶᠠᠬᠤ ᠳᠠᠭᠠᠨ  ᠰᠢᠷᠠᠭᠳᠠᠭᠰᠠᠨ ᠭᠡᠰᠡᠭ ᠢᠶᠠᠨ ᠭᠡᠳᠦ ᠰᠢᠷᠦᠭᠦᠨ ᠨᠢᠳᠭᠡᠷᠴᠦ ᠠᠷᠴᠢᠬᠤ ᠦᠭᠡᠢ ᠪᠠᠶᠢᠬᠤ ᠶᠢ ᠬᠢᠴᠢᠶᠡᠵᠦ᠂ ᠰᠢᠷᠬᠠᠯᠠᠵᠤ  ᠦᠷᠪᠢᠰᠦᠯᠡᠬᠦ ᠠᠴᠠ ᠰᠡᠷᠭᠡᠶᠢᠯᠡᠬᠦ ᠭᠡᠷᠡᠭᠳᠡᠢ᠃       ᠢᠷᠡᠯᠲᠡ᠄  ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号