ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ  ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2020/6/17
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                 246 ᠳ᠋ᠤᠭᠠᠷ ᠲᠣᠭᠠᠲᠤ      ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠲᠣᠭᠲᠠᠭᠠᠯ︾ ᠢ 2020 ᠣᠨ ᠤ 5 ᠳ᠋ᠤᠭᠠᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ  ᠠᠷᠠᠳ ᠤᠨ ᠵᠠᠰᠠᠭ ᠤᠨ ᠣᠷᠳᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                         ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ                                                                                                        ᠪ᠊                                                                                                        2020 ᠣᠨ ᠤ 5 ᠳ᠋ᠤᠭᠠᠷ ᠰᠠᠷ᠎ᠠ ᠶᠢᠨ 29 ᠤ ᠡᠳᠦᠷ            ᠵᠠᠰᠠᠭ ᠤᠨ ᠤᠷᠳᠤᠨ ᠤ  ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ         ᠬᠦᠴᠦᠨ ᠦᠭᠡᠢ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ                 ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ         ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠨ᠂ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ  ᠰᠢᠯᠢᠳᠡᠭᠵᠢᠭᠦᠯᠬᠦ ᠶᠢ ᠬᠠᠤᠯᠢ ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ᠄      ᠨᠢᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠤᠨ ᠬᠡᠰᠡᠭ  ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶      ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾  ᠶᠢ ᠬᠦᠴᠦᠨ ᠦᠭᠡᠢ ᠪᠣᠯᠭᠠᠨ᠎ᠠ᠃ ︵ᠳᠠᠭᠠᠯᠳᠤᠭᠤᠯᠤᠯ 2︶      ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ  ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ  ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠬᠢᠨᠠᠨ ᠲᠣᠭᠲᠠᠭᠠᠵᠤ ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠤ ᠵᠣᠬᠢᠬᠤ ᠵᠠᠰᠠᠪᠤᠷᠢ  ᠤᠷᠤᠭᠤᠯᠤᠨ  ᠳᠠᠬᠢᠵᠤ ᠨᠡᠶᠢᠲᠡᠯᠡᠪᠡ᠃       ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ  ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ                      2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ  ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ  ᠳᠠᠭᠠᠯᠳᠤᠭᠤᠯᠤᠯ 1               ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ     ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ       ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ  ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ  ᠠᠷᠭ᠎ᠠ︾ ᠶᠢᠨ ᠶᠢᠰᠦᠳᠦᠭᠡᠷ ᠵᠦᠢᠯ ᠢ᠄ ︽ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠳᠠᠬᠢ ᠤᠯᠠᠨ ᠨᠡᠶᠢᠲᠡ ᠶᠢᠨ ᠠᠰᠢᠭ ᠲᠤᠰᠠ᠂  ᠤᠯᠠᠨ ᠨᠡᠶᠢᠲᠡ ᠶᠢᠨ ᠠᠮᠤᠷ ᠲᠦᠪᠰᠢᠨ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ  ᠴᠢᠨᠠᠷᠲᠠᠶ ᠪᠠᠷᠢᠮᠵᠢᠶ᠎ᠠ ᠳᠤ ᠬᠤᠯᠪᠣᠭᠳᠠᠭᠰᠠᠨ ᠠᠭᠤᠯᠭ᠎ᠠ ᠶᠢ ᠪᠣᠯ ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ  ᠤᠭᠰᠠᠷᠠᠬᠤ ᠪᠠᠷᠢᠯᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠬᠡᠷᠡᠭᠲᠡᠶ᠃ ᠪᠠᠷᠢᠯᠭ᠎ᠠ  ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢᠶᠠᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ  ᠪᠣᠯ ᠬᠡᠷᠡᠭᠯᠡᠵᠦ ᠪᠣᠯᠬᠤ ᠦᠭᠡᠢ᠃︾ ᠭᠡᠵᠦ ᠵᠠᠰᠠᠪᠤᠷᠢ ᠣᠷᠣᠭᠤᠯᠪᠠ᠃         ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠬᠢᠨᠠᠨ ᠲᠣᠭᠲᠠᠭᠠᠵᠤ  ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠠᠬᠢ ︽ᠬᠢᠨᠠᠨ ᠲᠣᠭᠲᠠᠭᠠᠵᠤ ᠦᠨᠡᠮᠰᠢᠬᠦ︾ ᠭᠡᠰᠡᠨ ᠢ ᠴᠥᠮ  ︽ᠮᠠᠭᠠᠳᠯᠠᠨ ᠲᠣᠭᠲᠠᠭᠠᠬᠤ︾ ᠪᠣᠯᠭᠠᠨ ᠬᠠᠯᠠᠵᠤ᠂ ᠨᠡᠷᠠᠶᠢᠳᠣᠯ ᠢ ᠨᠢ ︽ᠥᠪᠥᠷ ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠭᠡᠵᠦ ᠵᠠᠰᠠᠪᠤᠷᠢ  ᠣᠷᠣᠭᠤᠯᠪᠠ᠃      ᠬᠤᠶᠠᠳᠤᠭᠠᠷ ᠵᠦᠢᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠦᠨ᠎ᠡ  ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠯᠠᠭ᠎ᠠ ᠬᠢᠬᠦ ᠳᠤ ᠡᠷᠬᠡᠪᠰᠢ ᠲᠣᠰ ᠠᠷᠭ᠎ᠠ ᠶᠢ ᠵᠢᠷᠤᠮᠯᠠᠬᠤ ᠬᠡᠷᠡᠭᠲᠡᠶ︾  ᠭᠡᠵᠦ ᠵᠠᠰᠠᠪᠤᠷᠢ ᠣᠷᠣᠭᠤᠯᠪᠠ᠃       ᠭᠤᠷᠪᠠᠳᠤᠭᠠᠷ ᠵᠦᠢᠯ ᠳᠤ᠄ ︽ᠲᠤᠰ ᠠᠷᠭ᠎ᠠ ᠳᠤ ᠬᠡᠯᠡᠵᠦ ᠪᠠᠶᠢᠭ᠎ᠠ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠭᠡᠳᠡᠭ ᠨᠢ ᠤᠯᠤᠰ ᠤᠨ ᠬᠤᠯᠪᠣᠭᠳᠠᠯ ᠪᠦᠬᠦᠢ ᠪᠠᠶᠢᠭᠤᠯᠭ᠎ᠠ ᠠᠴᠠ ᠳᠤᠷᠠᠳᠴᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠠᠵᠢᠯ ᠳᠤ ᠬᠤᠯᠪᠣᠭᠳᠠᠭᠰᠠᠨ ᠦᠨ᠎ᠡ ᠬᠠᠩᠰᠢ ᠨᠢ ᠲᠣᠳᠣᠷᠬᠠᠶ ᠦᠭᠡᠢ ᠪᠤᠶᠤ ᠦᠨ᠎ᠡ  ᠬᠠᠩᠰᠢ ᠳᠤ ᠨᠢ ᠮᠠᠷᠭᠤᠭᠠᠨ ᠲᠠᠢ᠂ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠬᠢᠷᠠᠭᠤᠯᠬᠤ ᠢᠯᠡ ᠦᠢᠯᠡᠳᠭᠦᠨ᠂  ᠳᠠᠯᠳᠠ ᠡᠳ᠋ ᠬᠥᠷᠥᠩᠭᠡ ᠪᠠ ᠡᠯ᠎ᠡ ᠲᠥᠷᠥᠯ ᠤᠨ ᠲᠥᠯᠥᠪᠦᠷᠢ ᠲᠠᠢ ᠦᠢᠯᠡᠴᠢᠯᠡᠭᠡᠨ ᠳᠤ ᠦᠨ᠎ᠡ ᠬᠠᠩᠰᠢ ᠶᠢᠨ ᠨᠤᠲᠠᠯᠠᠯᠲᠠ ᠬᠢᠬᠦ ᠦᠢᠯᠡ ᠠᠵᠢᠯᠯᠠᠭ᠎ᠠ ᠶᠢ ᠵᠢᠭᠠᠵᠤ ᠪᠣᠢ᠃︾ ᠭᠡᠵᠦ ᠵᠠᠰᠠᠪᠤᠷᠢ ᠣᠷᠣᠭᠤᠯᠪᠠ᠃       ᠲᠠᠪᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ  ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯ ᠢ ᠡᠭᠦᠷᠭᠡᠯᠡᠬᠦ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃       ᠵᠢᠷᠭᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ  ᠲᠣᠭᠲᠠᠭᠠᠬᠤ ᠪᠠᠶᠢᠭᠤᠯᠤᠮᠵᠢ ᠨᠢ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠴᠠᠭᠠᠵᠠ᠂ ᠵᠠᠰᠠᠭ  ᠵᠠᠬᠢᠷᠭᠠᠨ ᠤ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠡᠭᠴᠡ ᠬᠠᠮᠢᠶᠠᠷᠬᠤ ᠰᠠᠯᠠᠭ᠎ᠠ  ᠮᠥᠴᠢᠷ ᠤᠨ ᠬᠠᠷᠢᠶ᠎ᠠ ᠪᠠᠶᠢᠭᠤᠯᠤᠮᠵᠢ ᠶᠢᠨ ᠳᠤᠷᠠᠳᠤᠭᠰᠠᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ  ᠬᠠᠷᠢᠭᠤᠴᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃       ᠶᠢᠰᠦᠳᠦᠭᠡᠷ ᠵᠦᠢᠯ ᠢ ᠨᠠᠢᠮᠠᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠨᠢ ᠲᠤᠬᠠᠶᠢᠲᠠᠢ ᠬᠥᠮᠦᠨ ᠲᠠᠢ ᠰᠠᠳᠤᠨ ᠲᠥᠷᠥᠯ ᠤᠨ ᠬᠠᠷᠢᠴᠠᠭ᠎ᠠ᠂ ᠰᠢᠭᠤᠳ ᠠᠰᠢᠭ ᠬᠤᠣᠷ ᠤᠨ ᠬᠠᠷᠢᠴᠠᠭ᠎ᠠ ᠪᠤᠶᠤ ᠪᠤᠰᠤᠳ ᠬᠠᠷᠢᠴᠠᠭ᠎ᠠ ᠲᠠᠢ ᠪᠠᠶᠢᠵᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠳ᠋ᠦᠩᠨᠡᠯᠲᠡ ᠶᠢᠨ ᠭᠤᠤᠯᠴᠢ ᠴᠢᠨᠠᠷ ᠪᠠ ᠣᠨᠣᠪᠴᠢᠲᠤ ᠴᠢᠨᠠᠷ ᠢ ᠨᠥᠯᠥᠭᠡᠯᠡᠵᠦ ᠮᠡᠳᠡᠬᠦ ᠳᠤ  ᠬᠦᠷᠪᠡᠯ᠂ ᠵᠠᠶᠢᠯᠠᠬᠤ ᠬᠡᠷᠡᠭᠲᠡᠶ᠃     ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠤ ᠵᠠᠶᠢᠯᠠᠬᠤ ᠡᠰᠡᠬᠦ ᠶᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠣᠭᠲᠠᠭᠠᠬᠤ ᠬᠡᠷᠡᠭᠲᠡᠢ᠃ ᠦᠨ᠎ᠡ ᠬᠠᠩᠰᠢ ᠵᠢᠨ‌ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠠᠶᠢᠯᠠᠬᠤ ᠡᠰᠡᠬᠦ ᠶᠢ ᠠᠳᠠᠯᠢ ᠱᠠᠲᠤᠨ ᠤ ᠦᠨ᠎ᠡ  ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠬᠤ ᠬᠡᠷᠡᠭᠲᠡᠢ᠃︾     ᠠᠷᠪᠠᠳᠤᠭᠠᠷ ᠵᠦᠢᠯ ᠢ ᠶᠢᠰᠦᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ  ᠪᠠᠶᠢᠭᠤᠯᠤᠮᠵᠢ ᠶᠢᠨ ᠭᠦᠢᠴᠡᠳᠬᠡᠭᠰᠡᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠲᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠶᠢᠨ ᠭᠠᠷᠭᠠᠭᠰᠠᠨ ᠦᠨ᠎ᠡ ᠬᠠᠩᠰᠢ ᠶᠢᠨ  ᠮᠠᠭᠠᠳᠯᠠᠨ ᠲᠣᠭᠲᠠᠭᠠᠬᠤ ᠬᠠᠮᠵᠢᠯᠴᠠᠭᠠᠨ ᠤ ᠪᠢᠴᠢᠭ ᠪᠠᠶᠢᠬᠤ ᠬᠡᠷᠡᠭᠲᠡᠶ᠃︾ ᠭᠡᠵᠦ ᠵᠠᠰᠠᠪᠤᠷᠢ ᠣᠷᠣᠭᠤᠯᠪᠠ᠃       ᠠᠷᠪᠠᠨ ᠬᠤᠶᠠᠳᠤᠭᠠᠷ ᠵᠦᠢᠯ ᠢ ᠠᠷᠪᠠᠨ ᠨᠢᠭᠡᠳᠦᠭᠡᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ  ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠳᠣᠣᠷᠠᠬᠢ ᠲᠣᠭᠲᠠᠭᠠᠯ  ᠶᠣᠰᠣᠭᠠᠷ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠬᠡᠷᠡᠭᠲᠡᠢ᠄      ︵ᠨᠢᠭᠡ︶ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠬᠠᠩᠰᠢ ᠳᠤ ᠬᠠᠷᠢᠶᠠᠯᠠᠭᠳᠠᠪᠡᠯ᠂ ᠵᠠᠬ᠎ᠠ  ᠳᠡᠯᠭᠡᠭᠦᠷ ᠤᠨ ᠳᠤᠮᠳᠠ  ᠶᠢᠨ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ︔      ︵ᠬᠤᠶᠠᠷ︶ ᠦᠢᠯᠡᠳᠴᠦ ᠳᠠᠭᠤᠰᠤᠭᠠᠳᠤᠶ ᠬᠠᠭᠠᠰ ᠳᠤᠲᠠᠭᠤ ᠵᠦᠢᠯᠡᠰ ᠢ ᠪᠣᠯ ᠦᠢᠯᠡᠳᠴᠦ ᠳᠠᠭᠤᠰᠤᠭᠰᠠᠨ ᠬᠡᠮᠵᠢᠶ᠎ᠡ ᠪᠠ ᠥᠪᠡᠷ ᠤᠨ ᠥᠷᠲᠡᠭ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔      ︵ᠭᠤᠷᠪᠠ︶ ᠬᠡᠷᠡᠭᠯᠡᠭᠰᠡᠨ ᠡᠳ᠋ ᠪᠣᠳᠠᠰ ᠢ ᠪᠣᠯ ᠬᠠᠭᠤᠴᠢᠷᠠᠭᠰᠠᠨ ᠪᠠᠶᠢᠳᠠᠯ᠂ ᠣᠳᠣ ᠶᠢᠨ ᠦᠨ᠎ᠡ ᠥᠷᠲᠡᠭ  ᠪᠤᠶᠤ ᠦᠯᠡᠳᠡᠭᠰᠡᠨ ᠦᠨ᠎ᠡ ᠥᠷᠲᠡᠭ ᠢᠶᠠᠷ ᠨᠢ ᠨᠤᠭᠤᠯᠤᠨ ᠪᠣᠳᠣᠬᠤ ᠬᠡᠷᠡᠭᠲᠡᠢ︔      ︵ᠳᠥᠷᠪᠡ︶  ᠪᠠᠷᠢᠴᠠᠭᠠᠯᠠᠬᠤ ᠪᠠ ᠥᠷᠢ ᠲᠥᠯᠥᠬᠦ ᠡᠳ᠋ ᠪᠣᠳᠠᠰ᠂ ᠬᠤᠳᠠᠯᠳᠤᠬᠤ ᠪᠤᠶᠤ ᠦᠨ᠎ᠡ ᠬᠠᠶᠠᠵᠤ ᠬᠤᠳᠠᠯᠳᠤᠬᠤ ᠡᠳ᠋ ᠪᠣᠳᠠᠰ᠂ ᠡᠵᠡᠨ ᠦᠭᠡᠢ ᠡᠳ᠋ ᠪᠣᠳᠠᠰ ᠢ ᠪᠣᠯ ᠵᠠᠬ᠎ᠠ ᠳᠡᠯᠭᠡᠭᠦᠷ ᠤᠨ ᠪᠠᠶᠢᠳᠠᠯ ᠲᠠᠢ  ᠤᠶᠠᠯᠳᠤᠭᠤᠯᠤᠨ ᠲᠣᠬᠢᠷᠠᠮᠵᠢᠲᠠᠢ ᠬᠠᠷᠢᠴᠠᠯ ᠢᠶᠠᠷ ᠨᠤᠭᠤᠯᠤᠨ ᠪᠣᠳᠣᠬᠤ ᠬᠡᠷᠡᠭᠲᠡᠢ︔       ︵ᠲᠠᠪᠤ︶  ᠠᠳᠡᠯ ᠳᠤ ᠡᠪᠳᠡᠭᠳᠡᠵᠦ ᠰᠦᠢᠲᠦᠭᠰᠡᠨ ᠡᠳ᠋ ᠪᠣᠳᠠᠰ ᠢ ᠪᠣᠯ ᠡᠪᠳᠡᠷᠡᠵᠦ ᠰᠦᠢᠲᠦᠭᠰᠡᠨ ᠪᠠᠶᠢᠳᠠᠯ ᠪᠠ ᠵᠠᠰᠠᠵᠤ ᠰᠠᠶᠢᠵᠢᠷᠠᠭᠤᠯᠬᠤ ᠵᠠᠷᠤᠳᠠᠯ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔      ︵ᠵᠢᠷᠭᠤᠭ᠎ᠠ︶ ᠦᠢᠯᠡᠴᠢᠯᠡᠭᠡᠨ ᠤ ᠲᠥᠷᠥᠯ ᠵᠦᠢᠯ ᠢ ᠪᠣᠯ ᠲᠤᠬᠠᠶ ᠶᠢᠨ ᠭᠠᠵᠠᠷ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ  ᠳᠤᠮᠳᠠᠴᠢ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ᠃︾       ᠠᠷᠪᠠᠨ ᠭᠤᠷᠪᠠᠳᠤᠭᠠᠷ ᠵᠦᠢᠯ ᠢ ᠠᠷᠪᠠᠨ ᠬᠤᠶᠠᠳᠤᠭᠠᠷ ᠵᠦᠢᠯ ᠪᠣᠯᠭᠠᠵᠤ᠂ ︽ᠦᠨ᠎ᠡ ᠬᠠᠩᠰᠢ ᠶᠢᠨ  ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠶᠢᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ ᠳᠤᠷᠠᠳᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠬᠤ  ᠬᠡᠷᠡᠭᠲᠡᠢ︔ ᠠᠰᠲᠠᠭᠠᠨ ᠪᠣᠯᠵᠣᠭᠰᠠᠨ ᠱᠠᠭᠠᠷᠳᠠᠯᠭ᠎ᠠ ᠲᠠᠢ ᠪᠣᠯ ᠪᠣᠯᠵᠣᠨ ᠲᠣᠭᠲᠠᠭᠰᠠᠨ ᠬᠤᠭᠤᠴᠠᠭᠠᠨ ᠳᠤ ᠬᠢᠬᠦ  ᠬᠡᠷᠡᠭᠲᠡᠶ᠃︾ ᠭᠡᠵᠦ ᠵᠠᠰᠠᠪᠤᠷᠢ ᠣᠷᠤᠭᠤᠯᠪᠠ᠃     ᠠᠷᠪᠠᠨ ᠳᠥᠷᠪᠡᠳᠦᠭᠡᠷ ᠵᠦᠢᠯ ᠢ ᠠᠷᠪᠠᠨ ᠭᠤᠷᠪᠠᠳᠤᠭᠠᠷ ᠵᠦᠢᠯ ᠪᠣᠯᠭᠠᠵᠤ᠄ ︽ᠦᠨ᠎ᠡ ᠬᠠᠩᠰᠢ ᠶᠢᠨ  ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠨᠢ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ  ᠳ᠋ᠦᠩᠨᠡᠯᠲᠡ ᠳᠤ ᠣᠨᠳᠣᠤ ᠰᠠᠨᠠᠯ ᠲᠠᠢ ᠪᠠᠶᠢᠪᠠᠯ᠂ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠶᠢ  ᠭᠠᠷᠳᠠᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ᠂ ᠳᠡᠭᠡᠳᠦ ᠨᠢᠭᠡ ᠱᠠᠲᠤᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠳᠤ ᠳᠠᠬᠢᠨ ᠬᠠᠷᠭᠤᠭᠤᠯᠬᠤ ᠪᠠᠷ ᠳᠤᠷᠠᠳᠴᠤ ᠪᠣᠯᠣᠨ᠎ᠠ᠂ ᠳᠠᠬᠢᠨ  ᠬᠠᠷᠭᠤᠭᠤᠯᠬᠤ ᠶᠢ ᠬᠤᠶᠠᠷ ᠤᠳᠠᠭ᠎ᠠ ᠠᠴᠠ ᠢᠯᠡᠭᠦᠦ ᠳᠤᠷᠠᠳᠴᠤ ᠪᠣᠯᠬᠤ ᠦᠭᠡᠢ᠃︾ ᠭᠡᠵᠦ  ᠵᠠᠰᠠᠪᠤᠷᠢ  ᠣᠷᠣᠭᠤᠯᠪᠠ᠃     ᠠᠷᠪᠠᠨ ᠲᠠᠪᠤᠳᠤᠭᠠᠷ ᠵᠦᠢᠯ ᠢ ᠠᠷᠪᠠᠨ ᠳᠥᠷᠪᠡᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ ᠂ ᠳᠤᠷᠠᠳᠤᠭᠰᠠᠨ ᠪᠠᠶᠢᠭᠤᠯᠭ᠎ᠠ ᠪᠠᠷ ᠨᠤᠲᠠᠯᠠᠭᠤᠯᠤᠭᠰᠠᠨ ᠤ ᠳᠠᠷᠠᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠠᠵᠢᠯ ᠤᠨ ᠦᠨᠳᠦᠰᠦᠯᠡᠯ ᠪᠣᠯᠭᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃      ᠠᠷᠪᠠᠨ ᠵᠢᠷᠭᠤᠳᠤᠭᠠᠷ ᠵᠦᠢᠯ ᠢ ᠬᠠᠰᠤᠪᠠ᠃       ᠠᠷᠪᠠᠨ ᠳᠣᠯᠣᠳᠤᠭᠠᠷ ᠵᠦᠢᠯ ᠢ ᠠᠷᠪᠠᠨ ᠲᠠᠪᠤᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ  ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠪᠤᠶᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠮᠢᠯᠠᠵᠤ ᠪᠠᠭᠤᠯᠭᠠᠬᠤ  ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠤᠳᠤᠷᠢᠳᠤᠯᠭ᠎ᠠ ᠨᠠᠷ ᠪᠠ ᠰᠢᠭᠤᠳ  ᠬᠠᠷᠢᠭᠤᠴᠠᠯᠭ᠎ᠠ ᠲᠠᠢ ᠠᠵᠢᠯᠲᠠᠨ ᠳᠤ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ  ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄       ︵ᠨᠢᠭᠡ︶ ᠬᠠᠤᠯᠢ ᠶᠣᠰᠣᠭᠠᠷ ᠣᠯᠤᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠮᠠᠲ᠋ᠧᠷᠢᠶᠠᠯ  ᠪᠤᠶᠤ ᠣᠶᠢᠯᠠᠭᠠᠭᠰᠠᠨ ᠪᠠᠶᠢᠳᠠᠯ ᠢ ᠪᠤᠰᠤᠳ ᠵᠣᠷᠢᠯᠭ᠎ᠠ ᠲᠠᠢ ᠪᠠᠷ ᠬᠡᠷᠡᠭᠯᠡᠭᠰᠡᠨ︔      ︵ᠬᠤᠶᠠᠷ︶ ᠪᠡᠶᠡᠴᠢ ᠲᠠᠯ᠎ᠠ ᠶᠢᠨ ᠵᠣᠷᠢᠭᠤᠳᠠ ᠪᠤᠶᠤ ᠠᠳᠡᠯ ᠠᠴᠠ ᠪᠣᠯᠵᠤ᠂ ᠬᠤᠳᠠᠯ ᠬᠠᠭᠤᠷᠮᠠᠭ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠭᠰᠠᠨ ᠪᠤᠶᠤ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ ᠨᠢ ᠬᠦᠨᠳᠦ ᠶᠡᠭᠡ ᠠᠯᠳᠠᠰᠢ ᠪᠤᠷᠤᠭᠤ ᠲᠠᠢ ᠪᠣᠯᠣᠭᠰᠠᠨ︔      ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠤᠰᠤᠳ  ᠦᠢᠯᠡ ᠠᠵᠢᠯᠯᠠᠭ᠎ᠠ  ᠃︾      ᠠᠷᠪᠠᠨ ᠨᠠᠢᠮᠠᠳᠣᠭᠠᠷ ᠵᠦᠢᠯ ᠢ ᠬᠠᠰᠤᠪᠠ᠃       ᠡᠭᠦᠨ ᠠᠴᠠ ᠭᠠᠳᠠᠨ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠣᠭᠲᠠᠭᠠᠯ ᠲᠦᠷᠢᠮ ᠳᠠᠬᠢ ᠵᠦᠢᠯ  ᠵᠤᠷᠪᠤᠰ ᠤᠨ ᠳ᠋ᠤᠭᠠᠷ ᠲᠤ ᠵᠣᠬᠢᠬᠤ ᠲᠣᠬᠢᠷᠠᠭᠤᠯᠤᠯᠲᠠ ᠬᠢᠪᠠ᠃       ᠳᠠᠭᠠᠯᠳᠤᠭᠤᠯᠤᠯ 2               ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ      ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ  ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾ ︵2006 ᠣᠨ ᠤ 1  ᠳ᠋ᠤᠬᠡᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ  ᠣᠷᠳᠣᠨ ᠤ ᠵᠠᠷᠯᠢᠭ 143 ᠳ᠋ᠤᠭᠠᠷ ᠲᠣᠭᠠᠲᠤ ᠪᠠᠷ ᠨᠡᠶᠢᠲᠡᠯᠡᠪᠡ︶         ᠢᠷᠡᠯᠲᠡ᠄  ᠥᠪᠥᠷ ᠮᠣᠩᠭᠤᠯ ᠤᠨ ᠵᠠᠰᠠᠭ ᠤᠨ ᠣᠷᠳᠣᠨ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号