︽ᠤᠰᠤ ᠶᠢ ᠨᠢ ᠤᠤᠭᠤᠪᠠᠯ ᠬᠤᠳᠳᠤᠭ ᠢ ᠮᠠᠯᠲᠠᠭᠰᠠᠨ ᠬᠥᠮᠦᠨ ᠢ ᠮᠠᠷᠲᠠᠵᠤ ᠪᠤᠯᠬᠤ ᠦᠭᠡᠢ︾
ᠨᠡᠶᠢᠲᠡᠯᠡᠭᠰᠡᠨ ᠴᠠᠭ᠄
2020/7/20
     7 ᠰᠠᠷ᠎ᠠ ᠶᠢᠨ 3 ᠤ ᠡᠳᠦᠷ᠂ ᠨᠢᠩᠴᠧᠩ ᠰᠢᠶᠠᠨ ᠤ ᠶᠡᠭᠡ ᠬᠤᠣᠰ ᠰᠦᠮ᠎ᠡ ᠪᠠᠯᠭᠠᠰᠤᠨ ᠤ ᠴᠤᠤ ᠶᠠᠩ ᠱᠠᠨ ᠲᠣᠰᠬᠤᠨ ᠳᠤ᠂ ︽ᠶᠠᠳᠠᠭᠤ ᠶᠢ ᠲᠡᠳᠬᠦᠬᠦ ᠶᠢ ᠦᠭᠦᠯᠡᠨ᠂ ᠬᠤᠪᠢᠷᠠᠯᠲᠠ ᠶᠢ ᠬᠡᠯᠡᠬᠦ᠂ ᠪᠠᠶᠢᠭᠤᠯᠤᠯ ᠢ ᠮᠠᠭᠲᠠᠨ ᠰᠠᠶᠢᠰᠢᠶᠠᠬᠤ᠂ ᠨᠠᠮ ᠤᠨ ᠠᠴᠢ ᠶᠢ ᠮᠠᠭᠳᠠᠨ ᠲᠠᠭᠤᠯᠠᠬᠤ︾ ᠪᠠᠷ ᠭᠤᠣᠯ ᠰᠡᠳᠦᠪ ᠪᠣᠯᠭᠠᠭᠰᠠᠨ ᠶᠠᠷᠢᠯᠴᠠᠬᠤ ᠬᠤᠷᠠᠯ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢᠨ ᠲᠤᠮᠳᠠ ᠶᠠᠪᠤᠭᠳᠠᠯ᠎ᠠ᠃ 20 ᠭᠠᠷᠤᠢ ᠡᠮᠡᠭᠲᠡᠢ ᠲᠥᠯᠥᠭᠡᠯᠡᠭᠴᠢ ᠲᠤᠬᠠᠢ ᠶᠢᠨ ᠭᠠᠵᠠᠷ ᠤᠨ ᠤᠨᠴᠠᠯᠢᠭᠳᠤ ᠠᠵᠤ ᠦᠢᠯᠡᠰ ᠤᠨ ᠲᠣᠭᠤᠷᠢᠨ ᠳᠤ ᠶᠠᠳᠠᠭᠤ ᠠᠴᠠ ᠠᠩᠬᠢᠵᠢᠷᠠᠭᠰᠠᠨ ᠢᠶᠠᠨ ᠶᠠᠷᠢᠨ᠂ ᠬᠤᠪᠢ ᠪᠡᠶ᠎ᠡ ᠶᠢᠨ ᠢᠶᠠᠨ ᠬᠤᠪᠢᠷᠠᠯᠲᠠ ᠲᠠᠢ ᠤᠶᠠᠯᠳᠤᠭᠤᠯᠤᠨ ᠨᠠᠮ ᠤᠨ ᠠᠴᠢ ᠶᠢ ᠮᠠᠭᠲᠠᠨ ᠲᠠᠭᠤᠯᠠᠵᠠᠢ᠃     ︽1997 ᠣᠨ ᠠᠴᠠ ᠡᠬᠢᠯᠡᠨ ᠬᠦᠯᠡᠮᠵᠢ ᠪᠠᠷᠢᠵᠤ᠂ ᠬᠠᠮᠤᠭ ᠠᠩᠬᠠᠨ ᠤ ᠵᠢᠵᠢᠭ ᠬᠦᠯᠡᠮᠵᠢ ᠠᠴᠠ ᠰᠡᠭᠦᠯᠡᠷ ᠤᠨ ᠬᠢ ᠲᠣᠮᠣ ᠬᠦᠯᠡᠮᠵᠢ ᠪᠤᠯᠭᠠᠨ ᠥᠭᠡᠷᠡᠴᠢᠯᠡᠭᠰᠡᠨ ᠵᠡᠷᠭᠡ ᠨᠢ ᠴᠥᠮ ᠵᠠᠰᠠᠭ ᠤᠨ ᠣᠷᠳᠤᠨ ᠠᠴᠠ ᠬᠡᠷᠡᠮ ᠪᠠᠷᠢᠬᠤ᠂ ᠴᠠᠬᠢᠯᠭᠠᠨ ᠲᠠᠲᠠᠬᠤ᠂ ᠬᠤᠳᠳᠤᠭ ᠮᠠᠯᠲᠠᠬᠤ᠂ ᠠᠵᠢᠯᠯᠠᠬᠤ ᠵᠠᠮ ᠵᠠᠰᠠᠬᠤ᠂ ᠢᠳᠡᠰᠢᠨ ᠨᠤᠭᠤᠭ᠎ᠠ ᠶᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠᠶᠢᠭᠤᠯᠵᠤ ᠥᠭᠭᠦᠭᠰᠡᠨ ᠶᠤᠮ᠃ ᠬᠦᠯᠡᠮᠵᠢ ᠠᠴᠠ ᠥᠷᠭᠡᠰᠦᠲᠦ ᠬᠡᠮᠬᠡ ᠪᠠᠨ ᠲᠡᠭᠦᠭᠡᠳ ᠵᠠᠬ᠎ᠠ ᠳᠡᠯᠭᠡᠭᠦᠷ ᠲᠤ ᠬᠦᠷᠲᠡᠯ᠎ᠡ 1000 ᠮᠧᠲᠷ ᠶᠠᠪᠤᠬᠤ ᠦᠭᠡᠢ᠂ ᠵᠠᠷᠢᠮ ᠦᠶ᠎ᠡ ᠳᠤ ᠨᠣᠭᠤᠭ᠎ᠠ ᠰᠠᠷᠢᠭᠠᠯᠠᠭᠴᠢ ᠪᠤᠯᠢᠶᠠᠯᠳᠤᠨ ᠠᠪᠳᠠᠭ ᠲᠤᠯᠠ ᠪᠢ ᠪᠦᠷ ᠠᠯᠢ ᠠᠶᠢᠯ ᠳᠤ ᠬᠤᠳᠠᠯᠳᠤᠵᠤ ᠦᠭᠬᠦ ᠪᠠᠨ ᠮᠡᠳᠡᠬᠦ ᠦᠭᠡᠢ ᠪᠤᠯᠴᠢᠬᠠᠳᠠᠭ︾ ᠭᠡᠵᠦ 60 ᠨᠠᠰᠤᠲᠠᠶ ᠸᠠᠩ ᠬᠦᠶ ᡁᠢ ᠠᠮᠠ ᠬᠠᠮᠬᠢᠯ ᠦᠭᠡᠢ ᠪᠠᠶᠠᠷᠯᠠᠨ᠂ ᠲᠡᠳᠡᠨᠠᠶᠢᠭᠢᠨ 4 ᠢᠳᠡᠰᠢᠨ ᠨᠤᠭᠤᠭ᠎ᠠ ᠶᠢᠨ ᠬᠦᠯᠡᠮᠵᠢ ᠡᠵᠡᠩᠨᠡᠵᠦ᠂ ᠵᠢᠯ ᠤᠨ ᠣᠷᠣᠯᠭ᠎ᠠ ᠨᠢ 40 ᠲᠦᠮᠡᠨ ᠲᠥᠭᠦᠷᠢᠭ ᠬᠦᠷᠴᠦ᠂ ᠬᠦᠦ ᠨᠢ ᠲᠣᠮᠣ ᠬᠡᠯᠪᠡᠷᠢ ᠶᠢᠨ ᠲᠠᠷᠢᠶᠠᠯᠠᠩ ᠳᠤ ᠬᠡᠷᠡᠭᠯᠡᠬᠦ ᠮᠠᠰᠢᠨ ᠲᠡᠷᠭᠡ ᠬᠤᠳᠠᠯᠳᠤᠨ ᠠᠪᠴᠤ᠂ ᠲᠤᠰᠬᠠᠶᠢᠯᠠᠨ ᠢᠳᠡᠰᠢᠨ ᠨᠣᠭᠤᠭ᠎ᠠ ᠲᠡᠭᠡᠭᠡᠪᠦᠷᠢᠯᠡᠬᠦ ᠳᠤ ᠬᠡᠷᠡᠭᠯᠡᠵᠦ ᠪᠤᠢ᠃     ᠶᠡᠭᠡ ᠬᠤᠣᠰ ᠰᠦᠮ᠎ᠡ ᠪᠠᠯᠭᠠᠰᠤᠨ ᠤ ᠴᠤᠤ ᠶᠠᠩ ᠱᠠᠨ ᠲᠣᠰᠬᠤᠨ ᠤ ᠶᠢᠨ ᠭᠦᠸᠧ ᡁᠢ ᠴᠠᠭᠠᠨ ᠰᠠᠷ᠎ᠠ ᠶᠢᠨ ᠰᠢᠨ᠎ᠡ ᠶᠢᠨ ᠬᠤᠶᠠᠷ ᠲᠤ ᠡᠭᠦᠳᠡᠨ ᠤ ᠪᠠᠨ ᠲᠡᠷᠭᠡᠳᠡ ᠪᠠᠶᠢᠭ᠎ᠠ ᠢᠳᠡᠰᠢᠨ ᠨᠤᠭᠤᠭ᠎ᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ ᠥᠷᠭᠡᠰᠦᠲᠦ ᠬᠡᠮᠬᠡ ᠲᠡᠭᠡᠭᠡᠪᠦᠷᠢᠯᠡᠵᠦ᠂ ᠨᠢᠭᠡ ᠰᠠᠷ᠎ᠠ ᠶᠢᠨ ᠣᠷᠣᠯᠭ᠎ᠠ 4000 ᠭᠠᠷᠤᠶ ᠲᠥᠭᠦᠷᠢᠭ ᠲᠤ ᠬᠦᠷᠪᠡ᠃ 53 ᠨᠠᠰᠤᠲᠠᠶ ᠲᠡᠷᠡ ᠥᠬᠢᠨ ᠨᠢ ᠡᠪᠡᠳᠴᠢᠯᠡᠭᠰᠡᠨ ᠠᠴᠠ ᠪᠣᠯᠵᠤ ᠶᠠᠳᠠᠭᠤᠷᠠᠵᠤ᠂ ᠤᠯᠤᠰ ᠤᠨ ᠲᠤᠰᠠᠯᠠᠮᠵᠢ ᠭᠥᠷᠳᠡᠬᠦ ᠶᠢᠨ ᠬᠠᠮᠲᠤ ᠪᠠᠰᠠ ᠢᠳᠡᠰᠢᠨ ᠨᠣᠭᠤᠭ᠎ᠠ ᠲᠡᠭᠡᠭᠡᠪᠦᠷᠢᠯᠡᠬᠦ ᠪᠤᠯᠵᠠᠢ᠃ ︽ᠬᠡᠷᠪᠡ ᠤᠯᠤᠰ ᠤᠨ ᠰᠠᠶᠢᠨ ᠲᠦᠷᠦ ᠶᠢᠨ ᠪᠤᠳᠤᠯᠭ᠎ᠠ ᠪᠠᠶᠢᠬᠤ ᠦᠭᠡᠢ ᠪᠣᠯ ᠬᠠᠮᠢᠭ᠎ᠠ ᠪᠠᠶᠢᠭᠰᠠᠨ ᠤᠳᠤ ᠶᠢᠨ ᠰᠠᠶᠢᠨ ᠠᠮᠢᠳᠤᠷᠠᠯ ᠪᠤᠢ︾ ᠭᠡᠵᠦ ᠲᠡᠷᠡ ᠰᠡᠳᠬᠢᠯ ᠬᠥᠳᠡᠯᠦᠨ ᠬᠡᠯᠡᠪᠡ᠃    ︽ ᠨᠠᠮ᠎ᠠ ᠶᠢ ᠪᠠᠰᠠ ᠵᠢᠵᠢᠭ ᠮᠠᠰᠢᠨ ᠲᠡᠷᠭᠡ ᠵᠢᠯᠣᠭᠤᠳᠴᠤ ᠶᠠᠪᠤᠨ᠎ᠠ ᠭᠡᠵᠦ ᠬᠡᠨ ᠪᠣᠳᠣᠵᠤ ᠤᠯᠬᠤ ᠪᠤᠢ᠂ ᠲᠠᠷᠢᠶᠠᠯᠠᠩ ᠤᠨ ᠰᠡᠯᠡᠭᠦᠦ ᠴᠠᠭ ᠲᠤ ᠲᠣᠰᠬᠤᠨ ᠤ ᠠᠷᠠᠳ ᠢᠶᠠᠨ ᠳᠠᠭᠠᠭᠤᠯᠤᠨ ᠬᠠᠮᠳᠤ ᠪᠠᠷ ᠵᠤᠭᠠᠴᠠᠬᠤ ᠪᠠᠷ ᠶᠠᠪᠤᠨ᠎ᠠ ︾ ᠬᠡᠵᠦ ᠴᠤᠤ ᠶᠠᠩ ᠱᠠᠨ ᠲᠣᠰᠬᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠬᠢᠯᠡᠭᠴᠢ ᠬᠠᠨ ᠬᠦᠶ ᡁᠢ ︽ᠮᠤᠳᠤ ᠬᠡᠳᠦᠢ ᠦᠨᠳᠦᠷ ᠪᠤᠯᠤᠭᠰᠠᠨ ᠴᠤ ᠦᠨᠳᠦᠰᠦ ᠪᠠᠨ ᠮᠠᠷᠳᠠᠬᠤ ᠦᠭᠡᠢ᠂ ᠤᠰᠤ ᠶᠢ ᠨᠢ ᠤᠤᠭᠤᠪᠠᠯ ᠬᠤᠳᠳᠤᠭ ᠮᠠᠯᠳᠠᠭᠰᠠᠨ ᠬᠦᠮᠦᠨ ᠢ ᠮᠠᠳᠠᠬᠤ ᠦᠭᠡᠢ᠃ ᠪᠢᠳᠡ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ ᠪᠠᠶᠢᠨ᠎ᠠ᠂ ᠴᠢᠨᠡᠭᠡᠯᠢᠭ ᠨᠡᠶᠢᠭᠡᠮ ᠳᠤ ᠬᠠᠮᠳᠤᠪᠠᠷ ᠤᠷᠤᠬᠤ ᠳᠤ ᠢᠳᠡᠭᠡᠯ ᠲᠦᠭᠦᠷᠡᠩ ᠪᠠᠶᠢᠨ᠎ᠠ︾ ᠭᠡᠵᠦ ᠶᠠᠷᠢᠵᠤ ᠪᠠᠶᠢᠯ᠎ᠠ᠃    ︽ᠥᠷᠭᠡᠰᠦᠲᠦ ᠬᠡᠮᠬᠡ ᠶᠢᠨ ᠵᠢᠵᠢᠭ ᠪᠠᠯᠭᠠᠰᠤ︾ ᠬᠡᠮᠡᠭᠳᠡᠬᠦ ᠶᠡᠭᠡ ᠬᠤᠣᠰ ᠰᠦᠮ᠎ᠡ ᠪᠠᠯᠭᠠᠰᠤᠨ ᠤ ᠶᠠᠷᠢᠯᠴᠠᠬᠤ ᠬᠤᠷᠠᠯ ᠠᠴᠠ ᠰᠤᠨᠤᠰᠤᠭᠰᠠᠨ ᠶᠠᠷᠢᠶ᠎ᠠ ᠪᠤᠯᠭᠠᠨ ᠪᠦᠷ ᠡᠮᠡᠭᠳᠡᠶᠢᠴᠦᠳ ᠤᠨ ᠬᠦᠯᠡᠮᠵᠢ ᠶᠢᠨ ᠨᠤᠭᠤᠭ᠎ᠠ ᠲᠠᠷᠢᠵᠤ ᠪᠠᠶᠠᠵᠢᠭᠰᠠᠨ ᠦᠯᠢᠭᠡᠷ ᠤᠳ ᠪᠤᠯᠤᠨ᠎ᠠ᠂ ᠡᠷᠦᠬᠡ ᠪᠤᠯᠭᠠᠨ ᠵᠢᠵᠢᠭ ᠮᠠᠰᠢᠨ ᠲᠡᠷᠭᠡ᠂ ᠲᠠᠷᠢᠶᠠᠯᠠᠩ ᠳᠤ ᠬᠡᠷᠡᠭᠯᠡᠬᠦ ᠲᠡᠭᠡᠭᠡᠪᠦᠷᠢ ᠶᠢᠨ ᠮᠠᠰᠢᠨ ᠲᠠᠢ ᠪᠤᠯᠤᠭᠰᠠᠨ ᠁   ︽ᠮᠥᠩᠬᠦᠨ ᠭᠦᠢᠯᠭᠡᠭᠡᠨ ᠤ ᠵᠢᠭᠡᠯᠡᠯᠭᠡ ᠶᠢᠨ ᠲᠡᠮᠵᠢᠯᠭᠡ ᠶᠢᠨ ᠦᠢᠯᠡᠳᠤᠯ ᠨᠢ ᠦᠨᠡᠭᠡᠷ ᠶᠡᠭᠡ ᠪᠠᠶᠢᠨ᠎ᠠ︾᠃ ᠭᠤᠷᠪᠡᠨᠬᠡᠷ ᠲᠣᠰᠬᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠬᠢᠯᠡᠭᠴᠢ ᠵᠤᠤ ᠢᠦᠶ ᠬᠤᠸᠠ ᠶᠢᠨ ᠬᠢᠨ 160 ᠭᠠᠷᠤᠶ ᠠᠯᠠᠰᠢᠨ ᠦᠬᠡᠷ ᠲᠡᠵᠢᠭᠡᠵᠦ᠂ ᠥᠪᠡᠷ ᠢᠶᠠᠨ ᠪᠠᠶᠠᠵᠢᠨ ᠴᠢᠨᠡᠭᠡᠯᠢᠭᠵᠢᠭᠰᠡᠨ ᠤ ᠳᠠᠷᠠᠭ᠎ᠠ ᠪᠠᠰᠠ ᠪᠤᠰᠤᠳ ᠡᠮᠡᠭᠲᠡᠶᠢᠴᠦᠳ ᠢ ᠳᠠᠭᠠᠭᠤᠯᠤᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠪᠡ᠃ ᠲᠡᠭᠦᠨ ᠤ ᠳᠠᠭᠠᠭᠤᠯᠭ᠎ᠠ ᠳᠣᠣᠷ᠎ᠠ᠂ 10 ᠭᠠᠷᠤᠢ ᠶᠠᠳᠠᠭᠤ ᠬᠦᠴᠢᠷᠲᠡᠢ ᠡᠮᠡᠭᠲᠡᠶᠢᠴᠦᠳ ᠠᠯᠠᠰᠢᠨ ᠦᠬᠡᠷ ᠲᠡᠵᠢᠭᠡᠵᠦ᠂ ᠤᠯᠠᠨ ᠲᠡᠵᠢᠭᠡᠵᠦ ᠪᠠᠶᠢᠬᠤ ᠨᠢ ᠨᠢᠭᠡᠨᠲᠡ ᠵᠠᠭᠤᠨ ᠲᠤᠯᠤᠭᠠᠢ ᠠᠴᠠ ᠳᠡᠭᠡᠭᠰᠢ ᠬᠦᠷᠦᠭᠰᠡᠨ ᠪᠠᠶᠢᠨ᠎ᠠ᠃    ᠨᠢᠩᠴᠧᠩ ᠰᠢᠶᠠᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ ᠮᠠᠩᠨᠤᠳ ᠪᠠᠯᠭᠠᠰᠤ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠪᠠ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠪᠠᠶᠢᠭᠤᠯᠵᠤ᠂ ᠬᠦᠷᠢᠶ᠎ᠡ ᠬᠠᠰᠢᠶ᠎ᠠ ᠶᠢᠨ ᠲᠡᠵᠢᠭᠡᠨ ᠦᠷᠡᠵᠢᠭᠦᠯᠬᠦ ᠣᠷᠣᠨ ᠵᠠᠶ ᠬᠦᠷᠦᠯᠴᠡᠬᠦ ᠦᠭᠡᠢ ᠪᠠᠶᠢᠬᠤ ᠠᠰᠠᠭᠤᠳᠠᠯ ᠢ  ᠰᠢᠢᠳᠪᠦᠷᠢᠯᠡᠪᠡ᠃ ᠣᠳᠣ ᠵᠥᠪᠬᠡᠨ ᠭᠤᠷᠪᠡᠨᠭᠡᠷ ᠲᠣᠰᠬᠤᠨ ᠤ ᠦᠬᠡᠷ ᠲᠡᠵᠢᠭᠡᠬᠦ ᠲᠣᠭᠤᠷᠢᠭ ᠲᠤ ᠤᠷᠤᠵᠤ ᠰᠠᠭᠤᠭᠰᠠᠨ ᠡᠷᠦᠭᠡ 78 ᠪᠤᠯᠵᠤ᠂ ᠠᠶᠢᠯ ᠪᠣᠯᠭᠠᠨ ᠴᠥᠮ 100 ᠲᠣᠯᠣᠭᠠᠶ ᠠᠴᠠ ᠳᠡᠭᠡᠭᠰᠢ ᠲᠡᠵᠢᠭᠡᠨ ᠦᠷᠡᠵᠢᠭᠦᠯᠵᠦ᠂ ᠡᠨᠡ ᠨᠢ ᠡᠷᠦᠬᠡ ᠪᠦᠷᠢ 200 ᠲᠦᠮᠡᠨ ᠲᠦᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠲᠠᠢ ᠪᠤᠯᠤᠭᠰᠠᠨ ᠲᠠᠢ ᠲᠡᠩᠴᠡᠨ᠎ᠡ᠃    ︽ᠮᠠᠨ ᠤ ᠪᠠᠯᠭᠠᠰᠤᠨ ᠤ ᠠᠯᠠᠰᠢᠨ ᠦᠬᠡᠷ ᠤᠨ ᠠᠵᠤ ᠦᠢᠯᠡᠰ ᠥᠨᠥᠳᠦᠷ ᠤᠨ ᠬᠥᠭᠵᠢᠯᠲᠡ ᠲᠠᠢ ᠪᠤᠯᠵᠤ᠂ ᠨᠢᠩᠴᠧᠩ ᠰᠢᠶᠠᠨ ᠤ ᠠᠯᠠᠰᠢᠨ ᠦᠬᠡᠷ ᠤᠨ ᠲᠤᠭ᠎ᠠ ᠪᠥᠬᠦ ᠬᠤᠲᠠ ᠳᠤ ᠲᠡᠷᠢᠭᠦᠯᠡᠭᠰᠡᠨ ᠨᠢ ᠴᠥᠮ ᠰᠢᠶᠠᠨ ᠠᠴᠠ ᠨᠡᠶᠢᠲᠡᠯᠡᠭᠰᠡᠨ ︿ᠭᠤᠷᠪᠠ ᠶᠢ ᠲᠡᠭᠡᠳᠦ ᠬᠢᠵᠠᠭᠠᠷ ᠭᠠᠷᠭᠠᠬᠤ ᠦᠭᠡᠢ﹀ ᠲᠥᠷᠥ ᠶᠢᠨ ᠪᠣᠳᠣᠯᠭ᠎ᠠ ᠶᠢᠨ ᠠᠴᠢ ᠲᠤᠰᠠ ᠠᠴᠠ ᠪᠣᠯᠤᠭᠰᠠᠨ ᠶᠤᠮ︾ ᠭᠡᠵᠦ ᠮᠠᠩᠨᠤᠳ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᠾᠦᠢ ᠬᠡᠯᠡᠪᠡ᠃ ᠢᠯᠭᠠᠳᠠᠰᠤ ᠶᠢ ᠰᠢᠢᠳᠪᠦᠷᠢᠯᠡᠬᠦ ᠦᠢᠯᠡᠳᠪᠦᠷᠢ ᠪᠠᠶᠢᠭᠤᠯᠬᠤ ᠪᠠ ᠠᠯᠠᠵᠤ ᠨᠢᠲᠤᠯᠬᠤ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠤᠭᠰᠠᠨ ᠰᠠᠭᠤᠷᠢᠨ ᠳᠡᠭᠡᠷ᠎ᠡ᠂ 3 ᠠᠴᠠ 5 ᠵᠢᠯ ᠤᠨ ᠴᠠᠭ ᠬᠤᠭᠤᠴᠠᠭ᠎ᠠ ᠶᠢ ᠠᠰᠢᠭᠯᠠᠨ᠂ ᠲᠣᠰᠬᠤᠨ ᠪᠦᠷᠢ ᠳᠤ ᠴᠥᠮ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠲᠠᠢ ᠪᠣᠯᠭᠠᠬᠤ ᠪᠠᠷ ᠴᠢᠷᠮᠠᠶᠢᠵᠤ ᠪᠤᠢ᠃ ᠣᠳᠣᠬᠠᠨ ᠳᠤ ᠪᠦᠬᠦ ᠪᠠᠯᠭᠠᠰᠤ ᠪᠠᠷ ᠢᠶᠠᠨ 10 ᠲᠦᠮᠡᠨ ᠠᠯᠠᠰᠢᠨ ᠦᠬᠡᠷ ᠲᠡᠵᠢᠭᠡᠵᠦ ᠪᠠᠶᠢᠨ᠎ᠠ᠂ ᠠᠯᠠᠰᠢᠨ ᠦᠬᠡᠷ ᠤᠨ ᠲᠤᠰᠬᠠᠢ ᠲᠣᠰᠬᠤᠨ 7᠂ ᠬᠡᠪᠴᠢᠶᠡᠵᠢᠯ ᠠᠴᠠ ᠳᠡᠭᠡᠭᠰᠢᠬᠢ ᠲᠡᠵᠢᠭᠡᠨ ᠦᠷᠡᠵᠢᠭᠦᠯᠬᠦ ᠪᠠᠭ᠎ᠠ ᠲᠤᠭᠤᠷᠢᠭ 8᠂ ᠪᠠᠶᠢᠭᠤᠯᠵᠤ ᠪᠠᠶᠢᠭ᠎ᠠ ᠨᠢ 4 ᠪᠠᠶᠢᠨ᠎ᠠ᠃    ︽ᠠᠯᠠᠰᠢᠨ ᠦᠬᠡᠷ ᠤᠨ ᠲᠣᠮᠣ ᠪᠠᠯᠭᠠᠰᠤ︾ ᠪᠤᠯᠬᠤ ᠮᠠᠩᠨᠤᠳ ᠪᠠᠯᠭᠠᠰᠤᠨ ᠤ ᠶᠠᠷᠢᠯᠴᠠᠬᠤ ᠬᠤᠷᠠᠯ ᠠᠴᠠ ᠰᠤᠨᠤᠰᠤᠭᠰᠠᠨ ᠪᠤᠯᠭᠠᠨ ᠪᠦᠷ ᠡᠮᠡᠭᠳᠡᠶᠢᠴᠦᠳ ᠤᠨ ᠦᠭᠡᠷ ᠲᠡᠵᠢᠭᠡᠵᠦ ᠪᠠᠶᠠᠵᠢᠭᠰᠠᠨ ᠦᠯᠢᠭᠡᠷ ᠤᠳ ᠪᠤᠯᠤᠨ᠎ᠠ ᠁     ᠮᠠ ᠶᠢᠩᠽᠢ ᠲᠣᠰᠬᠤᠨ ᠤ ᠶᠠᠩ ᠯᠢ ᠨᠠ ᠶᠢᠨ ᠬᠢᠨ 6 ᠠᠮᠠ ᠬᠥᠮᠦᠨ ᠲᠠᠢ᠂ ᠰᠠᠶ᠋ᠢ ᠬᠤᠷᠢᠮᠯᠠᠬᠤ ᠦᠶ᠎ᠠ ᠳᠤ ᠠᠵᠤ ᠠᠬᠤᠶ ᠨᠢ ᠬᠦᠴᠢᠷᠲᠡᠶ ᠪᠠᠶᠢᠵᠤ᠂ ᠬᠥᠮᠦᠨ ᠪᠦᠷᠢ ᠳᠤ ᠳᠤᠮᠳᠠᠴᠢ ᠪᠠᠷ 0.9 ᠮᠦ ᠭᠠᠵᠠᠷ ᠨᠣᠭᠳᠠᠵᠤ᠂ ᠰᠡᠭᠦᠯᠡᠷ ᠨᠢ ᠵᠢᠮᠢᠰ ᠤᠨ ᠮᠣᠳᠣ ᠲᠠᠷᠢᠬᠤ ᠪᠠᠷ ᠲᠤᠷᠰᠢᠵᠤ᠂ ᠣᠳᠣ ᠪᠤᠯᠬᠤ ᠳᠤ 30 ᠮᠥ ᠬᠦᠷᠴᠦ᠂ ᠵᠢᠯ ᠪᠦᠷᠢ 10 ᠲᠦᠮᠡᠨ ᠲᠦᠭᠦᠷᠢᠭ ᠠᠴᠠ ᠳᠡᠭᠡᠭᠰᠢ ᠣᠷᠣᠯᠭ᠎ᠠ ᠲᠠᠢ ᠪᠣᠯᠵᠠᠶ᠃ ᠲᠡᠷᠡ᠄ ︽ᠬᠡᠷᠪᠡ ᠵᠠᠰᠠᠭ ᠤᠨ ᠣᠷᠳᠣᠨ ᠠᠴᠠ ᠬᠠᠪᠰᠤᠷᠴᠤ ᠮᠠᠰᠢᠨ ᠴᠠᠬᠢᠯᠭᠠᠨ ᠬᠤᠳᠳᠤᠭ ᠥᠷᠥᠮᠳᠡᠬᠦ᠂ ᠴᠠᠬᠢᠯᠭᠠᠨ ᠲᠠᠳᠠᠵᠤ ᠦᠭᠭᠦᠭᠰᠡᠨ ᠦᠭᠡᠢ᠂ ᠪᠠᠰᠠ ᠦᠨ᠎ᠡ ᠲᠥᠯᠥᠪᠦᠷᠢ ᠦᠭᠡᠢ ᠮᠡᠷᠭᠡᠵᠢᠯ ᠤᠨ ᠪᠣᠯᠪᠠᠰᠤᠷᠠᠯ ᠬᠠᠩᠭᠠᠬᠤ᠂ ᠨᠥᠬᠦᠪᠥᠷᠢ ᠮᠦᠩᠭᠦ ᠦᠭᠭᠦᠭᠰᠡᠨ ᠦᠭᠡᠢ ᠪᠤᠯ ᠮᠢᠨᠦ ᠥᠨᠥᠳᠦᠷ ᠪᠠᠶᠢᠬᠤ ᠦᠭᠡᠢ ᠰᠢᠦ︾ ᠭᠡᠵᠦ ᠪᠠᠶᠢᠪᠠ᠃    43 ᠨᠠᠰᠤᠲᠠᠶ ᠱᠠᠨ ᡁᠢ ᠬᠤᠩ ᠪᠣᠯ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠲᠡᠢ ᠡᠷᠦᠬᠡ ᠪᠣᠯᠤᠨ᠎ᠠ᠃ ︽ᠦᠨᠡᠬᠡᠷ ᠰᠠᠶᠢᠬᠠᠨ ᠴᠠᠭ ᠦᠶ᠎ᠡ ᠳᠤ ᠲᠠᠭᠠᠷᠠᠯ᠎ᠠ᠂ ᠥᠩᠭᠡᠷᠡᠭᠰᠡᠨ ᠳᠤ ᠮᠢᠨᠦ ᠪᠠᠶᠢᠰᠢᠩ ᠡᠪᠦᠯ ᠰᠠᠯᠬᠢ ᠨᠡᠪᠲᠡᠷᠡᠵᠦ ᠪᠠᠶᠢᠭᠰᠠᠨ᠂ ᠤᠳᠤ ᠤᠯᠤᠰ ᠠᠴᠠ ᠬᠠᠪᠰᠤᠷᠴᠤ ᠰᠢᠨ᠎ᠡ ᠭᠡᠷ ᠪᠣᠯᠭᠠᠨ ᠥᠭᠡᠷᠡᠴᠢᠯᠡᠨ ᠪᠠᠶᠢᠭᠤᠯᠵᠠᠢ ︾᠃ ᠣᠳᠣᠬᠠᠨ ᠳᠤ ᠲᠡᠷᠡ ᠲᠣᠰ ᠲᠣᠰᠬᠤᠨ ᠤ ᠵᠢᠮᠢᠰ ᠤᠨ ᠮᠣᠳᠣᠨ ᠤ ᠰᠠᠭᠤᠷᠢᠨ ᠭᠠᠵᠠᠷ ᠲᠤ ᠬᠦᠴᠦ ᠶᠠᠪᠤᠵᠤ᠂ ᠡᠳᠦᠷ ᠪᠦᠷᠢ 80 ᠲᠥᠭᠦᠷᠢᠭ ᠣᠯᠵᠤ᠂ ᠭᠡᠷ ᠤᠨ ᠠᠷᠰᠠᠷ ᠵᠠᠷᠤᠳᠠᠯ ᠳᠠᠭᠠᠨ ᠵᠦᠪᠯᠡᠵᠦ ᠶᠠᠪᠤᠨ᠎ᠠ᠃    ︽ᠠᠯᠮᠤᠷᠠᠳ ᠤᠨ ᠵᠢᠵᠢᠭ ᠪᠠᠯᠭᠠᠰᠤ︾ ᠪᠤᠯᠬᠤ ᠤᠬᠤᠷᠢ ᠪᠠᠯᠭᠠᠰᠤᠨ ᠤ ᠶᠠᠷᠢᠯᠴᠠᠬᠤ ᠬᠤᠷᠠᠯ ᠠᠴᠠ ᠰᠤᠨᠤᠰᠤᠭᠰᠠᠨ ᠨᠢ ᠪᠦᠷ ᠡᠮᠡᠭᠳᠡᠶᠢᠴᠦᠳ ᠤᠨ ᠵᠢᠮᠢᠰ ᠤᠨ ᠮᠤᠳᠤ ᠲᠠᠷᠢᠵᠤ ᠪᠠᠶᠠᠵᠢᠭᠰᠠᠨ ᠦᠯᠢᠭᠡᠷ ᠤᠳ ᠪᠤᠯᠤᠨ᠎ᠠ ᠁    ᠨᠢᠩᠴᠧᠩ ᠰᠢᠶᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ︽ᠭᠤᠷᠪᠠ ᠶᠢ ᠲᠡᠭᠡᠳᠦ ᠬᠢᠵᠠᠭᠠᠷ ᠭᠠᠷᠭᠠᠬᠤ ᠦᠭᠡᠢ︾ ᠲᠥᠷᠥ ᠶᠢᠨ ᠪᠣᠳᠣᠯᠭ᠎ᠠ ᠨᠡᠶᠢᠲᠡᠯᠡᠭᠳᠡᠬᠦ ᠶᠢ ᠳᠠᠭᠠᠯᠳᠤᠨ᠂ ᠨᠣᠭᠤᠭ᠎ᠠ᠂ ᠵᠢᠮᠢᠰ᠂ ᠦᠬᠡᠷ ᠲᠡᠵᠢᠭᠡᠬᠦ ᠠᠵᠤ ᠦᠢᠯᠡᠰ ᠦᠳᠲᠡᠷ ᠲᠦᠷᠭᠡᠨ ᠬᠥᠭᠵᠢᠵᠦ᠂ ᠣᠳᠣᠬᠠᠨ ᠳᠤ ᠲᠦᠬᠦᠭᠡᠷᠦᠮᠵᠢᠳᠦ ᠲᠠᠷᠢᠶᠠᠯᠠᠩ 48 ᠲᠦᠮᠡᠨ ᠮᠦ᠂ ᠣᠢ ᠰᠢᠭᠤᠶ ᠵᠢᠮᠢᠰ ᠤᠨ ᠠᠵᠤ ᠦᠢᠯᠡᠰ 23.5 ᠲᠦᠮᠡᠨ ᠮᠦ᠂ ᠠᠯᠠᠰᠢᠨ ᠦᠬᠡᠷ ᠤᠨ ᠲᠤᠭ᠎ᠠ 43 ᠲᠦᠮᠡ ᠳᠤ ᠬᠦᠷᠴᠡᠢ ᠃ ᠡᠳᠡᠭᠡᠷ ᠨᠠᠮ ᠤᠨ ᠲᠤᠶᠠᠭᠠᠷᠠᠯ ᠲᠤᠤᠷᠠᠬᠢ ᠣᠨᠴᠠᠯᠢᠭᠲᠤ ᠠᠵᠤ ᠦᠢᠯᠡᠰ ᠡᠮᠡᠭᠲᠡᠶᠢᠴᠦᠳ ᠤᠨ ᠬᠤᠪᠢ ᠵᠠᠶᠠᠭ᠎ᠠ ᠶᠢ ᠬᠤᠪᠢᠷᠠᠭᠤᠯᠵᠤ᠂ ᠲᠡᠳᠡᠨ ᠢ ᠨᠣᠭᠤᠭ᠎ᠠ ᠲᠠᠷᠢᠬᠤ᠂ ᠦᠬᠡᠷ ᠲᠡᠵᠢᠭᠡᠬᠦ᠂ ᠵᠢᠮᠢᠰ ᠤᠨ ᠮᠣᠳᠣ ᠲᠠᠷᠢᠬᠤ ᠠᠵᠤ ᠦᠢᠯᠡᠰ ᠤᠨ ᠠᠵᠢᠯ ᠠᠴᠠ ᠵᠢᠷᠭᠠᠯᠳᠤ ᠲᠥᠷᠥᠭᠳᠡᠯ ᠤᠯᠭᠤᠵᠤ᠂ ᠠᠮᠢᠳᠤᠷᠠᠯ ᠠᠬᠤᠢ ᠨᠢ ᠡᠳᠦᠷ ᠠᠴᠠ ᠡᠳᠦᠷ ᠲᠡᠭᠵᠢᠷᠡᠭᠰᠡᠨ ᠪᠠᠶᠢᠨ᠎ᠠ᠃    ᠨᠢᠩᠴᠧᠩ ᠰᠢᠶᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠲᠡᠷᠢᠭᠦᠯᠡᠭᠴᠢ ᠸᠠᠩ ᠶᠦᠩ ᠮᠧᠢ᠄ ︽ᠡᠶᠢᠮᠦᠷᠬᠦᠦ ᠶᠠᠷᠢᠯᠴᠠᠬᠤ ᠬᠤᠷᠠᠯ ᠢ ᠬᠤᠶᠢᠰᠢᠳᠠ ᠪᠠᠶᠢᠩᠭᠤ ᠬᠤᠷᠠᠯᠳᠤᠭᠤᠯᠤᠨ᠂ ᠪᠦᠬᠦᠨ ᠢ ᠪᠦᠷᠬᠦᠬᠦᠯᠬᠦ ᠬᠡᠯᠪᠡᠷᠢ ᠪᠠᠷ ᠥᠷᠨᠢᠭᠦᠯᠬᠦ ᠪᠤᠯᠤᠨ᠎ᠠ᠃ ᠭᠤᠣᠯ ᠰᠡᠳᠦᠪ ᠢ ᠠᠮᠢᠳᠤᠯᠢᠭ ᠰᠤᠩᠭᠤᠵᠤ ᠰᠢᠨ᠎ᠡ ᠬᠡᠯᠪᠡᠷᠢ ᠪᠠᠷ ᠶᠠᠪᠤᠭᠳᠠᠬᠤ ᠶᠢ ᠪᠠᠷᠢᠮᠳᠠᠯᠠᠨ᠂ ᠨᠢᠭᠡ ᠯᠡ ᠬᠡᠪᠰᠢᠯ ᠳᠤ ᠪᠠᠷᠢᠭᠳᠠᠬᠤ ᠦᠭᠡᠢ ᠪᠠᠶᠢᠬᠤ ᠶᠢ ᠬᠢᠴᠢᠶᠡᠨ᠎ᠡ᠃ ᠳᠡᠷᠭᠡᠳᠡᠬᠢ ᠡᠮᠡᠭᠲᠡᠶᠢᠴᠦᠳ ᠤᠨ ᠦᠯᠢᠭᠡᠷ ᠢ ᠰᠠᠶᠢᠲᠤᠷ ᠶᠠᠷᠢᠵᠤ᠂ ᠵᠦᠪ ᠡᠨᠧᠷᠬᠢ ᠶᠢᠨ ᠬᠦᠴᠦᠨ ᠢ ᠥᠷᠭᠡᠨ ᠢᠶᠠᠷ ᠤᠯᠠᠮᠵᠢᠯᠠᠬᠤ ᠪᠤᠯᠤᠨ᠎ᠠ᠃ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠣᠯᠤᠨ ᠰᠢᠯᠢᠳᠡᠭ ᠡᠮᠡᠭᠲᠡᠶᠢᠴᠦᠳ ᠤᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠳᠤ ᠡᠮᠡᠭᠲᠡᠶᠢᠴᠦᠳ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠬᠦ ᠪᠤᠯᠤᠨ᠎ᠠ︾ ᠭᠡᠪᠡ᠃ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡᠨᠠᠶᠢᠷᠠᠭᠤᠯᠤᠭᠴᠢ᠄  ᠨᠠᠷᠠᠨᠮᠠᠨᠳᠤᠯ᠎ᠠ
 
ᠢᠷᠡᠯᠲᠡ᠄ ᠤᠯᠠᠭᠠᠨᠬᠠᠲᠠ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号