ᠵᠢᠮᠢᠰ ᠨᠤᠭᠤᠭ᠎ᠠ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ  ᠪᠦᠲᠦᠮᠵᠢᠲᠡᠢ ᠠᠷᠢᠯᠭᠠᠵᠣ ᠴᠢᠳᠠᠬᠤ ᠪᠣᠢ︖
ᠨᠡᠶᠢᠲᠡᠯᠡᠭᠰᠡᠨ ᠴᠠᠭ᠄
2020/7/23
         ᠲᠠᠷᠢᠶᠠᠨ ᠡᠮ᠂ ᠬᠤᠷᠮᠣᠨ᠂  ᠠᠭᠠᠷ ᠤᠨ  ᠪᠤᠵᠠᠷᠳᠤᠯ᠂  ᠣᠷᠴᠢᠨ  ᠲᠣᠭᠤᠷᠢᠨ  ᠵᠡᠷᠭᠡ  ᠨᠥᠯᠥᠭᠡ  ᠠᠴᠠ  ᠢᠳᠡᠭᠡᠨ ᠤᠮᠳᠠᠭᠠᠨ ᠤ  ᠡᠷᠡᠭᠦᠯ   ᠢ  ᠰᠦᠷᠳᠡᠭᠦᠯᠬᠦ  ᠡᠯᠧᠮᠧᠨ᠋ᠲ  ᠤᠯᠠᠮ ᠠᠴᠠ  ᠤᠯᠠᠮ  ᠣᠯᠠᠰᠢᠷᠠᠵᠤ  ᠪᠠᠶᠢᠨ᠎ᠠ᠂  ᠲᠠᠷᠢᠶᠠᠨ  ᠡᠮ ᠤᠨ ᠦᠯᠡᠳᠡᠭᠳᠡᠯ ᠤᠨ ᠪᠡᠶ᠎ᠡ ᠮᠠᠬᠠᠪᠣᠳ ᠲᠤ ᠦᠵᠡᠭᠦᠯᠬᠦ ᠨᠥᠯᠥᠭᠡ ᠶᠢ  ᠬᠡᠷᠬᠢᠨ  ᠬᠠᠮᠤᠭ ᠤᠨ  ᠳᠣᠣᠷ᠎ᠠ  ᠬᠡᠮᠵᠢᠶᠡᠨ ᠳᠤ  ᠬᠦᠷᠲᠡᠯ᠎ᠡ ᠪᠠᠭᠤᠷᠠᠭᠤᠯᠬᠤ ᠨᠢ ᠬᠥᠮᠦᠰ ᠤᠨ ᠠᠩᠬᠠᠷᠤᠯ ᠤᠨ ᠲᠥᠪ ᠪᠣᠯᠤᠭᠰᠠᠨ ᠪᠠᠶᠢᠨ᠎ᠠ᠃  ᠲᠡᠭᠡᠪᠡᠯ  ᠵᠢᠮᠢᠰ  ᠨᠤᠭᠤᠭ᠎ᠠ   ᠳᠠᠬᠢ  ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠶ ᠠᠷᠢᠯᠭᠠᠵᠤ ᠴᠢᠳᠠᠬᠤ ᠪᠤᠢ︖         ᠨᠢᠭᠡ᠂ ︽ᠬᠠᠯᠢᠰᠤᠯᠠᠬᠤ︾ ᠠᠷᠭ᠎ᠠ         ᠠᠯᠮᠤᠷᠠᠳ᠂  ᠠᠯᠢᠮ᠎ᠠ᠂  ᠲᠥᠮᠥᠰᠥ  ᠵᠡᠷᠭᠡ  ᠬᠠᠯᠢᠰᠤᠯᠠᠵᠦ  ᠪᠣᠯᠳᠠᠭ  ᠵᠢᠮᠢᠰ  ᠨᠣᠭᠤᠭ᠎ᠠ ᠳᠤ  ᠠᠪᠴᠤ  ᠬᠡᠯᠡᠪᠡᠯ᠂ ᠬᠠᠯᠢᠰᠤᠯᠠᠬᠤ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠨᠡᠯᠢᠶᠡᠳ ᠰᠠᠶᠢᠨ ᠠᠷᠭ᠎ᠠ ᠪᠣᠯᠤᠨ᠎ᠠ᠃ ᠬᠠᠯᠢᠰᠤᠯᠠᠭᠰᠠᠨ ᠵᠢᠮᠢᠰ ᠨᠣᠭᠤᠭ᠎ᠠ ᠶᠢ ᠬᠠᠯᠢᠰᠤᠯᠠᠭᠠᠳᠤᠢ ᠵᠢᠮᠢᠰ ᠨᠣᠭᠤᠭ᠎ᠠ ᠲᠠᠢ ᠰᠠᠯᠭᠠᠨ ᠲᠠᠯᠪᠢᠵᠤ᠂ ᠳᠠᠬᠢᠨ ᠪᠤᠵᠠᠷᠲᠤᠬᠤ ᠠᠴᠠ ᠵᠠᠶᠢᠯᠠᠰᠬᠢᠬᠦ ᠬᠡᠷᠡᠭᠲᠡᠢ᠃         ᠬᠤᠶᠠᠷ᠂ ︽ᠳᠡᠪᠲᠦᠭᠡᠬᠦ︾ ᠠᠷᠭ᠎ᠠ         ᠬᠠᠯᠢᠰᠤᠯᠠᠵᠦ ᠪᠤᠯᠬᠤ ᠦᠭᠡᠢ ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ  ᠤ ᠳᠠᠷᠠᠭ᠎ᠠ ᠂  ᠲᠠᠪᠤᠰᠣ   ᠲᠠᠢ ᠤᠰᠤ᠂ ᠱᠦᠯᠲᠦᠲᠦ ᠤᠰᠤ ᠪᠤᠶᠤ ᠪᠣᠳᠠᠭ᠎ᠠ ᠣᠬᠢᠶᠠᠭᠰᠠᠨ ᠤᠰᠤ ᠵᠡᠷᠭᠡ ᠪᠠᠷ ᠳᠡᠪᠲᠦᠭᠡᠨ᠎ᠡ᠃ ᠣᠷᠭᠠᠨᠢᠭ ᠹᠣᠰᠹᠣᠷᠲᠤ  ᠬᠤᠷᠣᠬᠠᠶ ᠠᠯᠠᠬᠤ ᠡᠳ᠋ ᠨᠢ ᠱᠦᠯᠲᠦᠯᠢᠭ ᠣᠷᠴᠢᠨ ᠲᠣᠭᠤᠷᠢᠨ ᠳᠤ ᠮᠠᠰᠢ ᠲᠦᠷᠭᠡᠨ ᠵᠠᠳᠠᠷᠠᠳᠠᠭ ᠪᠣᠯᠬᠤᠷ ᠱᠦᠯᠲᠦᠯᠢᠭ  ᠤᠰᠤ ᠪᠠᠷ  ᠵᠢᠮᠢᠰ ᠨᠣᠭᠤᠭ᠎ᠠ ᠶᠢ ᠳᠡᠪᠲᠦᠭᠡᠬᠦ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠪᠦᠲᠦᠮᠵᠢᠲᠡᠶ  ᠠᠷᠭ᠎ᠠ ᠶᠢᠨ  ᠨᠢᠭᠡ  ᠪᠣᠯᠤᠨ᠎ᠠ᠃ ᠡᠭᠦᠨ ᠠᠴᠠ ᠭᠠᠳᠠᠨ᠎ᠠ᠂ ᠳᠠᠪᠤᠰᠤ ᠲᠠᠢ ᠤᠰᠤ᠂ ᠪᠣᠳᠠᠭᠠᠨ ᠤ ᠤᠰᠤ ᠵᠡᠷᠭᠡ ᠪᠠᠷ  ᠳᠡᠪᠲᠦᠭᠡᠭᠰᠡᠨ  ᠵᠢᠮᠢᠰ  ᠨᠣᠭᠤᠭ᠎ᠠ ᠨᠢ  ᠪᠠᠰᠠ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠳᠡᠶᠢᠯᠦᠨ᠎ᠡ᠃         ᠭᠤᠷᠪᠠ᠂ ︽ᠠᠭᠤᠷᠰᠢᠭᠤᠯᠬᠤ︾ ᠠᠷᠭ᠎ᠠ         ᠰᠢᠪᠳᠣᠷᠳᠣ ᠮᠧᠲ᠋ᠢᠯ ᠬᠦᠴᠢᠯ  ᠤᠨ ᠲᠥᠷᠥᠯ ᠤᠨ ᠬᠤᠷᠤᠬᠠᠢ  ᠠᠯᠠᠬᠤ  ᠡᠳ᠋   ᠢ  ᠬᠠᠯᠠᠭᠠᠬᠤ  ᠠᠷᠭ᠎ᠠ ᠪᠠᠷ  ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠪᠣᠯᠤᠨ᠎ᠠ᠃ ᠬᠠᠯᠠᠭᠤᠨ ᠤ ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ  ᠲᠠᠷᠢᠶᠠᠨ  ᠡᠮ ᠤᠨ ᠦᠯᠡᠳᠡᠭᠳᠡᠯ ᠲᠦᠷᠭᠡᠨ ᠵᠠᠳᠠᠷᠠᠨ᠎ᠠ᠃ ᠥᠷᠭᠡᠰᠦᠲᠦ ᠨᠣᠭᠤᠭ᠎ᠠ᠂ ᠴᠤᠭᠤᠷ ᠨᠣᠭᠤᠭ᠎ᠠ ᠵᠡᠷᠭᠡ ᠰᠢᠢᠳᠪᠦᠷᠢᠯᠡᠬᠦ ᠳᠤ  ᠬᠦᠴᠢᠷ  ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ  ᠪᠤᠴᠠᠯᠤᠭᠰᠠᠨ  ᠤᠰᠤᠨ ᠳᠤ  2  ~5  ᠮᠢᠨᠦ᠋ᠲ  ᠰᠢᠯᠵᠠᠯᠵᠦ᠂ ᠱᠦᠭᠦᠵᠦ ᠭᠠᠷᠭᠠᠭᠰᠠᠨ ᠤ ᠳᠠᠷᠠᠭ᠎ᠠ ᠴᠡᠪᠡᠷ ᠤᠰᠤ ᠪᠠᠷ 1 ~ 2 ᠤᠳᠠᠭ᠎ᠠ ᠤᠬᠢᠶᠠᠪᠠᠯ ᠪᠣᠯᠴᠢᠬᠠᠨ᠎ᠠ᠃         ᠡᠭᠦᠨ ᠠᠴᠠ ᠭᠠᠳᠠᠨ᠎ᠠ᠂ ᠣᠳᠣᠬᠠᠨ ᠳᠤ ᠵᠠᠬ᠎ᠠ ᠳᠡᠯᠭᠡᠭᠦᠷ ᠳᠡᠭᠡᠷ᠎ᠡ ᠮᠠᠰᠢ  ᠣᠯᠠᠨ  ᠬᠡᠲᠦ  ᠳᠠᠭᠤᠨ  ᠳᠣᠯᠭᠢᠶᠠᠨ ᠢᠶᠠᠷ ᠵᠢᠮᠢᠰ ᠨᠣᠭᠤᠭ᠎ᠠ ᠠᠷᠢᠯᠭᠠᠬᠤ ᠮᠠᠰᠢᠨ ᠭᠠᠷᠴᠣ ᠪᠠᠶᠢᠨ᠎ᠠ᠂ ᠲᠡᠭᠦᠨ ᠤ ᠭᠤᠤᠯ ᠦᠨᠳᠦᠰᠦᠯᠡᠯ ᠨᠢ  ᠣᠽᠣᠨ  ᠪᠠ  ᠬᠡᠲᠦ  ᠳᠠᠭᠤᠨ ᠳᠣᠯᠭᠢᠶᠠᠨ ᠢ ᠤᠶᠠᠯᠳᠤᠭᠤᠯᠬᠤ ᠶᠠᠪᠤᠳᠠᠯ ᠪᠣᠯᠤᠨ᠎ᠠ᠃  ᠭᠡᠳᠦ  ᠲᠡᠭᠤᠠ  ᠳᠣᠯᠭᠢᠶᠠᠨ ᠤ  ᠣᠬᠢᠶᠠᠯᠭ᠎ᠠ ᠶᠢᠨ  ᠰᠢᠩᠭᠡᠨ  ᠪᠡᠶᠡᠲᠦ  ᠳᠣᠲᠣᠷ᠎ᠠ ᠳᠠᠮᠵᠢᠭᠤᠯᠬᠤ ᠦᠶ᠎ᠡ ᠶᠢᠨ ᠹᠢᠽᠢᠺ ᠤᠨ ᠣᠶᠢᠯᠡᠳᠣᠯ  ᠳᠤ  ᠰᠠᠭᠤᠷᠢᠯᠠᠵᠣ᠂  ᠰᠢᠨ᠎ᠡ  ᠰᠣᠷᠭᠤᠭ ᠢ  ᠬᠠᠳᠠᠭᠠᠯᠠᠬᠤ  ᠪᠠ ᠲᠠᠷᠢᠶᠠᠨ ᠡᠮ ᠤᠨ ᠦᠯᠡᠳᠡᠭᠳᠡᠯ ᠢ ᠴᠡᠪᠡᠷᠰᠢᠭᠦᠯᠬᠦ ᠦᠷ᠎ᠡ ᠪᠦᠲᠦᠮᠵᠢ ᠳᠤ ᠬᠦᠷᠳᠡᠭ᠃         ᠲᠠᠷᠢᠶᠠᠨ ᠡᠮ  ᠲᠠᠢ ᠢᠳᠡᠭᠡᠨ ᠢ ᠦᠷᠭᠦᠯᠵᠢ ᠢᠳᠡᠪᠡᠯ ᠳᠤᠷ᠎ᠠ ᠪᠤᠯᠭᠢᠵᠤ  ᠪᠥᠭᠡᠯᠵᠢᠬᠦ᠂  ᠰᠠᠭᠤᠯᠭᠠᠬᠤ᠂  ᠬᠠᠪᠣᠳᠬᠤ᠂ ᠲᠠᠲᠠᠪᠠᠯᠵᠠᠬᠤ᠂ ᠮᠠᠨᠠᠷᠠᠬᠤ ᠵᠡᠷᠭᠡ ᠡᠪᠡᠳᠴᠢᠨ ᠤ ᠢᠯᠡᠷᠡᠯ ᠢ ᠡᠭᠦᠰᠭᠡᠵᠦ ᠮᠡᠳᠡᠨ᠎ᠡ᠃ ᠡᠪᠡᠳᠴᠢᠨ   ᠨᠢ  ᠬᠦᠳᠣᠷᠡᠪᠡᠯ  ᠬᠤᠳᠣᠭᠠᠳᠣ  ᠠᠴᠠ ᠴᠢᠰᠤ ᠭᠠᠷᠬᠤ ᠵᠡᠷᠭᠡ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠶᠠᠮᠠᠷ ᠠᠷᠭ᠎ᠠ ᠶᠢ  ᠬᠡᠷᠡᠭᠯᠡᠭᠰᠡᠨ  ᠴᠦ  ᠪᠤᠯᠤᠭ  ᠵᠢᠮᠢᠰ ᠨᠣᠭᠤᠭ᠎ᠠ ᠶᠢ ᠡᠷᠬᠡᠪᠰᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠠᠶ᠋ᠢ ᠢᠳᠡᠬᠦ ᠬᠡᠷᠡᠭᠲᠡᠢ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号