| ᠵᠤᠨ ᠤ ᠤᠯᠠᠷᠢᠯ ᠪᠤᠯ ᠵᠢᠷᠦᠬᠡ ᠲᠠᠷᠢᠬᠢᠨ ᠤ ᠴᠢᠰᠤᠨ ᠰᠤᠳᠠᠯ ᠤᠨ ᠦᠨᠳᠦᠷ ᠡᠪᠡᠳᠴᠢᠯᠡᠯ ᠲᠠᠢ | ᠴᠠᠭ ᠪᠣᠯᠣᠨ᠎ᠠ᠂ ᠪᠦᠷᠢᠳᠭᠡᠯ ᠠᠴᠠ ᠦᠵᠡᠪᠡᠯ᠂ ᠠᠭᠠᠷ ᠤᠨ ᠳᠤᠯᠠᠭᠠᠨ 1℃ ᠳᠡᠭᠡᠭᠰᠢᠯᠡᠬᠦ ᠲᠤᠰᠤᠮ ᠵᠢᠷᠦᠬᠡ | ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢᠶᠠᠷ ᠡᠮᠨᠡᠭᠦᠯᠬᠦ ᠬᠦᠮᠦᠨ ᠤ ᠲᠤᠭ᠎ᠠ 17.3% ᠪᠠᠷ ᠨᠡᠮᠡᠭᠳᠡᠳᠡᠭ᠃ | ᠡᠶᠢᠮᠦ ᠠᠴᠠ ᠬᠠᠯᠠᠭᠤᠨ ᠤ ᠴᠠᠭ ᠲᠤ ᠡᠳᠡᠭᠡᠷ ᠠᠴᠠ ᠲᠠᠲᠠᠭᠠᠯᠵᠠᠭᠠᠷᠠᠢ ᠭᠡᠵᠦ ᠲᠠ ᠪᠦᠬᠦᠨ ᠳᠤ ᠰᠠᠨᠠᠭᠤᠯᠤᠶ᠎ᠠ︕ | 1. ᠠᠭᠠᠷ ᠲᠣᠬᠢᠷᠠᠭᠤᠯᠤᠭᠴᠢ ᠶᠢ ᠪᠦᠲᠦᠨ ᠰᠦᠨᠢ ᠪᠠᠷ ᠨᠡᠭᠡᠭᠡᠬᠦ | ᠠᠭᠠᠷ ᠲᠣᠬᠢᠷᠠᠭᠤᠯᠤᠭᠴᠢ ᠶᠢᠨ ᠳᠤᠯᠠᠭᠠᠨ ᠢ ᠬᠡᠲᠦᠷᠬᠡᠢ ᠳᠤᠤᠷ᠎ᠠ ᠪᠠᠶᠢᠯᠭᠠᠬᠤ ᠪᠤᠶᠤ | ᠤᠳᠠᠭᠠᠨ ᠬᠤᠭᠤᠴᠠᠭ᠎ᠠ ᠪᠠᠷ ᠨᠡᠭᠡᠭᠡᠵᠦ ᠪᠤᠯᠬᠤ ᠦᠭᠡᠢ᠂ ᠭᠡᠷ ᠤᠨ ᠳᠤᠲᠤᠨ᠎ᠠ ᠭᠠᠳᠠᠨᠠᠬᠢ ᠳᠤᠯᠠᠭᠠᠨ ᠤ | ᠵᠦᠷᠢᠶ᠎ᠡ ᠶᠢ 5 ℃ ᠠᠴᠠ ᠪᠢᠲᠡᠬᠡᠢ ᠬᠡᠲᠦᠷᠡᠭᠦᠯᠦᠭᠡᠷᠡᠢ᠃ | 2. ᠦᠷᠯᠦᠭᠡ ᠡᠷᠲᠡ ᠪᠡᠶ᠎ᠡ ᠪᠠᠨ ᠪᠤᠯᠪᠠᠰᠤᠷᠠᠭᠤᠯᠬᠤ | ᠦᠷᠯᠦᠭᠡ ᠡᠷᠲᠡ ᠠᠭᠠᠷ ᠤᠨ ᠪᠤᠬᠢᠷᠳᠤᠯ ᠶᠡᠬᠡᠲᠡᠢ᠂ ᠬᠦᠮᠦᠨ ᠤ ᠪᠡᠶ᠎ᠡ ᠶᠢᠨ ᠰᠢᠨ᠎ᠡ | ᠬᠠᠭᠤᠴᠢᠨ ᠤ ᠰᠤᠯᠢᠯᠴᠠᠭ᠎ᠠ ᠲᠦᠷᠭᠡᠰᠴᠦ᠂ ᠡᠨᠧᠷᠭᠢ᠂ ᠬᠦᠴᠢᠯᠳᠦ᠋ᠷᠦᠭᠴᠢ᠂ ᠰᠢᠮ᠎ᠡ ᠲᠡᠵᠢᠭᠡᠯ ᠤᠨ ᠬᠡᠷᠡᠭᠴᠡᠭᠡ ᠶᠡᠬᠡᠰᠬᠦ | ᠠᠴᠠ ᠪᠣᠯᠵᠤ᠂ ᠵᠢᠷᠤᠭᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠡᠬᠦ ᠪᠤᠯᠤᠮᠵᠢ ᠦᠨᠳᠦᠷ ᠪᠠᠶᠢᠳᠠᠭ᠃ | ᠦᠷᠯᠦᠭᠡᠨ ᠤ ᠳᠠᠰᠬᠠᠯ ᠢᠶᠠᠨ ᠦᠳᠡᠰᠢ ᠪᠤᠯᠭᠠᠪᠠᠯ ᠢᠯᠡᠭᠦᠦ ᠰᠠᠶᠢᠨ᠃ | 3. ᠤᠮᠳᠠᠭᠠᠰᠬᠤ ᠪᠠᠷ ᠶᠡᠭᠡ ᠤᠰᠤ ᠤᠤᠭᠤᠬᠤ | ᠵᠤᠨ ᠤ ᠴᠠᠭ ᠲᠤ ᠤᠰᠤ ᠶᠢ ᠬᠡᠲᠦᠷᠬᠡᠢ ᠬᠤᠷᠳᠤᠨ ᠤᠤᠭᠤᠵᠤ ᠪᠤᠯᠬᠤ ᠦᠭᠡᠢ᠂ ᠪᠠᠭ᠎ᠠ | ᠬᠡᠮᠵᠢᠶ᠎ᠡ ᠪᠠᠷ ᠤᠯᠠᠨ ᠤᠳᠠᠭ᠎ᠠ ᠤᠤᠭᠤᠵᠤ᠂ ᠤᠳᠠᠭ᠎ᠠ ᠪᠦᠷᠢ 100 — 150ml ᠤᠤᠭᠤᠪᠠᠯ ᠲᠤᠬᠢᠷᠠᠮᠵᠢᠲᠠᠢ᠃ | | 4. ᠬᠦᠳᠡᠯᠭᠡᠭᠡᠨ ᠬᠢᠭᠰᠡᠨ ᠤ ᠳᠠᠷᠠᠭ᠎ᠠ ᠭᠦᠢᠲᠡᠨ ᠤᠮᠳᠠᠭᠠᠨ ᠤᠤᠭᠤᠬᠤ | ᠰᠢᠷᠦᠬᠦᠨ ᠬᠦᠳᠡᠯᠭᠡᠭᠡᠨ ᠬᠢᠭᠰᠡᠨ ᠤ ᠳᠠᠷᠠᠭ᠎ᠠ᠂ ᠬᠦᠢᠲᠡᠨ ᠤᠮᠳᠠᠭᠠᠨ ᠶᠡᠭᠡ ᠤᠤᠭᠤᠪᠠᠯ | ᠴᠢᠰᠤᠨ ᠰᠤᠳᠠᠯ ᠤᠨ ᠠᠭᠰᠢᠯᠲᠠ᠂ ᠵᠢᠷᠤᠬᠡ ᠲᠠᠷᠢᠬᠢ ᠪᠤᠯᠤᠨ ᠪᠤᠰᠤᠳ ᠡᠷᠬᠡᠲᠡᠨ ᠤ ᠬᠦᠴᠢᠯᠳᠦ᠋ᠷᠦᠭᠴᠢ ᠶᠢᠨ | ᠬᠡᠷᠡᠭᠯᠡᠭᠡ ᠨᠡᠮᠡᠭᠳᠡᠵᠦ᠂ ᠴᠢᠰᠤᠨ ᠳᠠᠷᠤᠯᠲᠠ ᠬᠡᠯᠪᠡᠯᠵᠡᠳᠡᠭ ᠲᠤᠯᠠ ᠵᠢᠷᠦᠭᠡ ᠲᠠᠷᠢᠬᠢᠨ ᠤ ᠴᠢᠰᠤᠨ ᠰᠤᠳᠠᠯ ᠤᠨ | ᠡᠪᠡᠳᠴᠢᠨ ᠡᠭᠦᠰᠭᠡᠬᠦ ᠡᠷᠡᠰᠳᠡᠯ ᠲᠠᠢ᠃ | 5. ᠴᠠᠳᠲᠠᠯ᠎ᠠ ᠢᠳᠡᠭᠡᠳ ᠤᠨᠳᠠᠬᠤ | ᠦᠳᠡ ᠳᠤ ᠬᠠᠭᠠᠰ ᠴᠠᠭ ᠤᠷᠴᠢᠮ ᠠᠮᠠᠷᠠᠬᠤ ᠨᠢ ᠵᠦᠢᠲᠡᠢ ᠪᠤᠯᠪᠠᠴᠤ ᠢᠳᠡᠵᠦ | ᠪᠠᠷᠠᠩᠭᠤᠲᠠ ᠰᠢᠭᠤᠳ ᠤᠨᠳᠠᠵᠤ ᠪᠤᠯᠬᠤ ᠦᠭᠡᠢ᠃ | 6. ᠬᠥᠯᠥᠷᠡᠭᠰᠡᠨ ᠤ ᠳᠠᠷᠠᠭ᠎ᠠ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ | ᠹᠦ᠋ ᠶᠢᠨ ᠬᠠᠯᠠᠭᠤᠨ ᠳᠤ ᠬᠦᠢᠲᠡᠨ ᠤᠰᠤ ᠪᠠᠷ ᠪᠡᠶ᠎ᠡ ᠪᠠᠨ ᠤᠬᠢᠶᠠᠬᠤ ᠨᠢ ᠬᠥᠮᠥᠨ ᠤ | ᠪᠡᠶ᠎ᠡ ᠳᠤ ᠬᠡᠨᠡᠳᠲᠡ ᠶᠢᠨ ᠰᠡᠲᠦᠯᠲᠡ ᠦᠭᠴᠦ᠂ ᠴᠢᠰᠤᠨ ᠳᠠᠷᠤᠯᠲᠠ ᠶᠢ ᠨᠡᠮᠡᠭᠳᠡᠭᠦᠯᠦᠨ᠂ ᠰᠤᠴᠢᠮᠠᠭ ᠵᠢᠷᠦᠬᠡᠨ | ᠪᠤᠯᠴᠢᠩ ᠤᠨ ᠲᠦᠭᠵᠢᠷᠡᠯ ᠡᠭᠦᠰᠭᠡᠵᠦ᠂ ᠠᠮᠢ ᠨᠠᠰᠤᠨ ᠤ ᠡᠷᠡᠰᠳᠡᠯ ᠳᠤ ᠬᠦᠷᠭᠡᠳᠡᠭ᠃ | 7. ᠬᠠᠯᠠᠭᠤᠨ ᠨᠠᠷᠠᠨ ᠳᠤ ᠳᠠᠯᠤ ᠮᠥᠷᠥ ᠪᠠᠨ ᠨᠢᠴᠦᠭᠦᠯᠡᠨ ᠶᠠᠪᠤᠬᠤ | ᠵᠤᠨ ᠤ ᠬᠠᠯᠠᠭᠤᠨ ᠳᠤ ᠪᠡᠶ᠎ᠡ ᠬᠥᠯᠥᠷᠡᠵᠦ᠂ ᠰᠢᠷ᠎ᠠ ᠦᠰᠦᠨ ᠤ ᠰᠦᠪᠡ ᠨᠡᠭᠡᠭᠡᠭᠳᠡᠭᠰᠡᠨ ᠤ | ᠳᠠᠷᠠᠭ᠎ᠠ ᠭᠥᠷᠥᠨ ᠤ ᠭᠠᠳᠠᠨᠠᠬᠢ ᠲᠤᠶᠠᠭᠠᠨ ᠳᠤ ᠤᠷᠲᠤ ᠬᠤᠭᠤᠴᠠᠭ᠎ᠠ ᠰᠢᠷᠠᠪᠠᠯ᠂ ᠤᠰᠤᠨ ᠬᠠᠪᠤᠩ᠂ ᠲᠡᠷᠡᠴᠢᠯᠡᠨ | ᠪᠦᠭᠡᠷᠡᠨ ᠤ ᠡᠪᠡᠳᠴᠢᠨ ᠡᠭᠦᠰᠭᠡᠬᠦ ᠪᠤᠯᠤᠮᠵᠢ ᠲᠠᠢ᠃ | 8. ᠭᠠᠭᠴᠠ ᠨᠤᠭᠤᠭ᠎ᠠ ᠵᠢᠮᠢᠰ ᠢᠶᠠᠷ ᠬᠤᠭᠤᠯᠠᠯᠠᠬᠤ | ᠬᠤᠭᠤᠯᠠᠨ ᠤ ᠲᠤᠷᠠᠰᠢᠯ ᠦᠭᠡᠢ ᠠᠴᠠ ᠪᠤᠯᠵᠤ ᠭᠠᠭᠴᠠ ᠨᠤᠭᠤᠭ᠎ᠠ ᠵᠢᠮᠢᠰ ᠢᠶᠠᠷ ᠭᠤᠷᠪᠠᠨ | ᠡᠷᠡᠨ ᠤ ᠬᠤᠭᠤᠯᠠ ᠶᠢ ᠤᠷᠤᠯᠠᠭᠤᠯᠵᠤ ᠪᠤᠯᠬᠤ ᠦᠭᠡᠢ᠃ ᠲᠠᠬᠢᠶ᠎ᠠ᠂ ᠨᠤᠭᠤᠰᠤ᠂ ᠵᠢᠭᠠᠰᠤ᠂ ᠦᠨᠳᠡᠭᠡ᠂ ᠬᠠᠷ᠎ᠠ | ᠮᠢᠬ᠎ᠠ ᠵᠡᠷᠭᠡ ᠰᠢᠮ᠎ᠡ ᠲᠡᠵᠢᠭᠡᠯᠲᠦ ᠢᠳᠡᠭᠡᠨ ᠢ ᠵᠤᠬᠢᠰᠲᠠᠢ ᠢᠳᠡᠵᠦ᠂ ᠲᠠᠷᠪᠤᠰ᠂ ᠭᠠᠰᠢᠭᠤᠨ ᠬᠡᠮᠭᠡ ᠵᠡᠷᠭᠡ | ᠵᠢᠮᠢᠰ ᠢ ᠢᠯᠡᠭᠦᠬᠡᠨ ᠢᠳᠡᠵᠦ᠂ ᠤᠰᠤ ᠲᠠᠪᠤᠰᠤ ᠨᠦᠬᠦᠪᠦᠷᠢᠯᠡᠬᠦ ᠬᠡᠷᠡᠭᠲᠡᠢ᠃ ᠲᠤᠷᠤᠨ᠎ᠠ |