ᠨᠢᠩᠴᠧᠩ ᠰᠢᠶᠠᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠪᠠ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2020/7/28
   ᠰᠤᠷᠪᠤᠯᠵᠢᠯᠠᠭᠴᠢ ᠰᠦᠷᠯᠢᠭ    ᠠᠶᠠᠨ ᠤ ᠭᠦᠷᠳᠤ ᠬᠤᠷᠳᠤᠯᠠᠵᠤ᠂ ᠰᠤᠷᠪᠤᠯᠵᠢᠯᠠᠭ᠎ᠠ ᠦᠷᠭᠦᠯᠵᠢᠯᠡᠭᠰᠡᠬᠡᠷ᠃    7 ᠰᠠᠷ᠎ᠠ ᠶᠢᠨ 21 — 22 ᠤᠨ ᠡᠳᠦᠷ᠂ 2020 ᠤᠨ ᠤ ᠤᠯᠠᠭᠠᠨᠬᠠᠳᠠ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠡᠷᠢᠨ ᠵᠠᠭᠤᠨ ᠤ ᠠᠶᠠᠯᠠᠯ ᠰᠤᠷᠪᠤᠯᠵᠢᠯᠠᠭ᠎ᠠ ᠶᠢᠨ ᠪᠦᠯᠬᠦᠮ ᠤᠨ ᠬᠢᠨ ᠨᠢᠩᠴᠧᠩ ᠰᠢᠶᠠᠨ ᠤ ᠲᠢᠶᠠᠨ ᠢ ᠬᠤᠳᠠ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ ᠳ᠋ᠢᠶᠠᠨ ᠽᠢ ᠤᠰᠤᠯᠠᠯᠳᠠ ᠶᠢᠨ ᠤᠷᠤᠨ᠂ ᠬᠤᠷᠬᠤᠭ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠽᠢ ᠮᠧᠩ ᠬᠡᠦ ᠨᠠᠭᠤᠷ ᠲᠤ ᠬᠦᠷᠴᠦ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠠ ᠤᠰᠤᠨ ᠤ ᠡᠬᠢ ᠰᠤᠷᠪᠤᠯᠵᠢ᠂ ᠤᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠶᠢᠳᠠᠯ ᠢ ᠰᠤᠷᠪᠤᠯᠵᠢᠯᠠᠨ ᠤᠶᠢᠯᠠᠭᠠᠪᠠ᠃    ᠨᠢᠩᠴᠧᠩ ᠰᠢᠶᠠᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠢᠮᠠᠭᠳᠠ ᠪᠠᠷᠢᠮᠳᠠᠯᠠᠵᠦ᠂ ︽ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾᠂ ︽ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠲᠦᠷᠢᠮ ᠢ ᠴᠢᠩᠭ᠎ᠠ ᠬᠡᠷᠡᠭᠵᠢᠬᠦᠯᠵᠦ᠂ ᠤᠰᠤᠨ ᠤ ᠤᠷᠴᠢᠨ ᠲᠤᠭᠤᠷᠢᠨ ᠤ ᠶᠠᠰᠤ ᠴᠢᠨᠠᠷ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠦ᠂ ᠤᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠤᠷᠤᠰᠢᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠤᠯᠭᠠᠨ᠂ ᠰᠢᠶᠠᠨ ᠤ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠦ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠳᠤᠷ ᠠᠳᠬᠤᠪᠠ᠃ ᠲᠤᠰ ᠰᠢᠶᠠᠨ ᠯᠤᠤᠬ᠎ᠠ ᠶᠢᠨ ᠭᠤᠤᠯ ᠤᠨ ᠲᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠳᠠ ᠪᠠ ᠤᠷᠴᠢᠨ ᠲᠤᠭᠤᠷᠢᠨ ᠤ ᠵᠠᠰᠠᠨ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠵᠦ᠂ ᠬᠤᠳᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠤᠬᠢᠷ ᠤᠰᠤ ᠶᠢ ᠰᠢᠢᠳᠪᠦᠷᠢᠯᠡᠬᠦ ᠲᠤᠨᠤᠭ ᠲᠦᠬᠦᠭᠡᠷᠦᠮᠵᠢ ᠶᠢᠨ ᠪᠠᠶᠢᠭᠤᠯᠤᠯᠳᠠ ᠪᠠ ᠲᠡᠰ ᠲᠡᠪᠰᠢᠬᠦᠯᠬᠦ᠂ ᠭᠤᠤᠯ ᠭᠤᠯᠳᠤᠷᠢᠯ ᠤᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ᠂ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠵᠡᠷᠭᠡ ᠠᠵᠢᠯ ᠢ ᠨᠢᠭᠡᠳᠦᠯᠳᠡᠢ ᠲᠦᠯᠦᠪᠵᠢᠬᠦᠯᠦᠨ ᠠᠬᠢᠭᠤᠯᠤᠭᠰᠠᠨ ᠠᠴᠠ ᠪᠦᠭᠦ ᠰᠢᠶᠠᠨ ᠤ ᠬᠡᠪᠴᠢᠶᠡᠨ ᠳᠠᠬᠢ ᠭᠠᠵᠠᠷ ᠤᠨ ᠭᠠᠳᠠᠷᠭᠤ ᠶᠢᠨ ᠤᠰᠤᠨ ᠤ ᠶᠠᠰᠤ ᠴᠢᠨᠠᠷ ᠴᠦᠮ ᠤᠯᠤᠰ ᠤᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃    ᠨᠢᠩᠴᠧᠩ ᠰᠢᠶᠠᠨ ᠤ ᠲᠢᠶᠠᠨ ᠢ ᠬᠤᠳᠠ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠤᠳᠤᠬᠠᠨ ᠳᠤ ᠡᠳᠦᠷ ᠲᠤ 4 ᠲᠦᠮᠡᠨ ᠲᠤᠨ ᠪᠤᠬᠢᠷ ᠤᠰᠤ᠂ 2 ᠲᠦᠮᠡᠨ ᠲᠤᠨ ᠲᠠᠬᠢᠯᠳᠠ ᠤᠰᠤ ᠰᠢᠢᠳᠪᠦᠷᠢᠯᠡᠬᠦ ᠴᠢᠳᠠᠮᠵᠢ ᠶᠢ ᠪᠦᠷᠢᠯᠳᠦᠬᠦᠯᠵᠦ᠂ ᠪᠤᠬᠢᠷ ᠤᠰᠤ ᠶᠢ ᠴᠤᠭᠯᠠᠭᠤᠯᠬᠤ ᠨᠤᠷᠮ᠎ᠠ᠂ ᠲᠠᠭᠠᠭᠠᠴᠠ ᠶᠢᠨ ᠨᠤᠷᠮ᠎ᠠ᠂ ᠪᠠᠷᠢᠮᠵᠢᠶ᠎ᠠ ᠳᠤ ᠬᠦᠷᠬᠦ ᠨᠤᠷᠮ᠎ᠠ ᠴᠦᠮ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃ ᠨᠢᠩᠴᠧᠩ ᠰᠢᠶᠠᠨ ᠤ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠠᠷᠢᠭᠤᠴᠠᠯᠭᠠᠳᠠᠨ ᠵᠠᠩ ᠰᠢᠤᠸᠠᠢ ᠬᠤᠢ ᠰᠤᠷᠪᠤᠯᠵᠢᠯᠠᠭ᠎ᠠ ᠭᠦᠯᠢᠶᠡᠭᠦ ᠳᠡᠭᠡᠨ᠄ ︽ᠮᠠᠨ ᠤ ᠦᠢᠯᠡᠳᠪᠦᠷᠢ ᠶᠢᠨ ᠲᠠᠬᠢᠯᠳᠠ ᠤᠰᠤ ᠶᠢ ᠡᠬᠡᠬᠦᠯᠦᠨ ᠬᠡᠷᠡᠭᠯᠡᠬᠦ ᠬᠡᠮᠵᠢᠶ᠎ᠡ ᠨᠡᠮᠡᠭᠳᠡᠬᠦ ᠶᠢ ᠲᠠᠭᠠᠯᠳᠤᠨ ᠤᠰᠤᠨ ᠤ ᠡᠬᠢ ᠪᠠᠶᠠᠯᠢᠭ ᠢ ᠵᠦᠢ ᠵᠤᠬᠢᠰᠳᠠᠢ ᠠᠰᠢᠭᠯᠠᠵᠦ᠂ ᠪᠤᠬᠢᠷ ᠤᠰᠤ ᠭᠠᠳᠠᠭᠰᠢᠯᠠᠭᠤᠯᠬᠤ ᠦᠭᠡᠢ ᠪᠠᠶᠢᠬᠤ ᠶᠢ ᠢᠳᠡᠭ ᠢᠳᠡᠭ ᠢᠶᠠᠷ ᠪᠡᠶᠡᠯᠡᠬᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠬᠤ ᠪᠠ ᠯᠤᠤᠬ᠎ᠠ ᠶᠢᠨ ᠭᠤᠤᠯ ᠤᠨ ᠤᠰᠤᠨ ᠤ ᠡᠬᠢ ᠰᠤᠷᠪᠤᠯᠵᠢ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠳᠤ ᠢᠳᠡᠪᠬᠢᠳᠡᠢ ᠦᠢᠯᠡᠳᠦᠯ ᠦᠵᠡᠬᠦᠯᠦᠭᠰᠡᠨ ᠪᠠᠶᠢᠨ᠎ᠠ︾ ᠭᠡᠪᠡ᠃    ᠤᠶᠢᠯᠠᠭᠠᠭᠰᠠᠨ ᠢᠶᠠᠷ᠂ ᠨᠢᠩᠴᠧᠩ ᠰᠢᠶᠠᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ ᠤᠰᠤᠨ ᠤ ᠤᠷᠴᠢᠨ ᠲᠤᠭᠤᠷᠢᠨ ᠤ ᠪᠤᠬᠢᠷᠳᠤᠯ ᠢ ᠭᠤᠷᠪᠠᠳᠤᠭᠠᠷ ᠡᠳᠡᠭᠡᠳ ᠠᠴᠠ ᠰᠡᠷᠭᠡᠶᠢᠯᠡᠨ ᠵᠠᠰᠠᠬᠤ ᠵᠡᠷᠭᠡ ᠠᠷᠭ᠎ᠠ ᠶᠢ ᠬᠡᠷᠡᠭᠵᠢᠬᠦᠯᠬᠦ ᠪᠠᠷ ᠲᠠᠮᠵᠢᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠡ ᠮᠦᠩᠬᠦ ᠴᠤᠭᠯᠠᠭᠤᠯᠬᠤ ᠠᠷᠭ᠎ᠠ ᠵᠠᠮ ᠢᠶᠠᠨ ᠦᠷᠭᠡᠳᠭᠡᠵᠦ᠂ ᠤᠰᠤᠨ ᠤ ᠪᠤᠬᠢᠷᠳᠤᠯ ᠤᠨ ᠲᠤᠬᠠᠢ ᠲᠤᠪᠤᠶᠢᠮ᠎ᠠ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠠᠢ᠃ ᠡᠬᠦᠨ ᠤ ᠬᠠᠮᠳᠤ ︽ᠭᠡᠨ ᠪᠡᠯᠡ ᠤᠷᠤᠭᠤᠯᠪᠠᠯ ᠭᠡᠨ ᠠᠰᠢᠭ ᠬᠦᠷᠳᠡᠬᠦ︾ ᠵᠠᠷᠴᠢᠮ ᠶᠤᠰᠤᠭᠠᠷ ᠨᠡᠶᠢᠭᠡᠮ ᠤᠨ ᠪᠡᠯᠡ ᠤᠷᠤᠭᠤᠯᠤᠯᠳᠠ ᠶᠢ ᠲᠠᠶᠢᠴᠢᠯᠠᠨ ︽ᠭᠡᠨ ᠪᠤᠵᠠᠷᠳᠠᠭᠤᠯᠪᠠᠯ ᠭᠡᠨ ᠵᠠᠰᠠᠨ ᠴᠡᠭᠴᠡᠯᠡᠬᠦ︾ ᠵᠠᠷᠴᠢᠮ ᠶᠤᠰᠤᠭᠠᠷ ᠠᠵᠤ ᠠᠬᠤᠶᠢᠯᠠᠯ ᠤᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠳᠠᠬᠢ ᠪᠡᠯᠡ ᠤᠷᠤᠭᠤᠯᠤᠯᠳᠠ ᠶᠢ ᠴᠢᠩᠭᠠᠳᠬᠠᠪᠠ᠃ ᠽᠢ ᠮᠧᠩ ᠬᠡᠦ ᠦᠵᠡᠮᠵᠢ ᠶᠢᠨ ᠤᠷᠤᠨ ᠤ ᠲᠢᠶᠠᠨ ᠢᠤᠢ ᠵᠢᠭᠤᠯᠴᠢᠯᠠᠯ ᠢ ᠨᠡᠬᠡᠬᠡᠨ ᠬᠦᠭᠵᠢᠬᠦᠯᠬᠦ ᠬᠢᠵᠠᠭᠠᠷᠳᠤ ᠺᠤᠮᠫᠠᠨᠢ ᠶᠢᠨ ᠲᠠᠭᠠᠭᠠᠮᠠᠯ ᠵᠤᠤ ᠵᠢᠶᠧ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠮᠠᠨ ᠤ ᠦᠵᠡᠮᠵᠢ ᠶᠢᠨ ᠤᠷᠤᠨ ᠨᠢ ᠵᠢᠭᠤᠯᠴᠢᠯᠠᠭᠴᠢᠳ ᠤᠨ ᠲᠤᠷ᠎ᠠ ᠲᠠᠪᠠ ᠪᠠᠷ ᠬᠠᠶᠠᠭᠳᠠᠮᠠᠯ ᠡᠳ᠋ ᠬᠠᠶᠠᠬᠤ᠂ ᠮᠠᠰᠢᠨ ᠲᠦᠬᠦᠭᠡᠷᠦᠮᠵᠢ ᠶᠢᠨ ᠲᠤᠰᠤ ᠯᠡᠪᠡᠷᠡᠬᠦ᠂ ᠦᠶᠡᠷ ᠤᠨ ᠤᠰᠤ ᠨᠠᠭᠤᠷ ᠲᠤ ᠴᠢᠳᠬᠤᠬᠤ ᠵᠡᠷᠭᠡ ᠠᠴᠠ ᠪᠤᠯᠤᠭᠰᠠᠨ ᠪᠤᠵᠠᠷᠳᠠᠯ ᠢ ᠰᠡᠷᠭᠡᠶᠢᠯᠡᠬᠦ ᠶᠢᠨ ᠲᠦᠯᠦᠭᠡ ᠪᠦᠬᠦ ᠠᠵᠢᠯᠳᠠᠳ ᠲᠠᠭᠠᠨ ᠤᠬᠠᠭᠤᠯᠭ᠎ᠠ ᠬᠦᠮᠦᠵᠢᠯ ᠬᠢᠬᠦ ᠶᠢᠨ ᠬᠠᠮᠳᠤ ᠲᠤᠰᠬᠠᠢ ᠬᠦᠮᠦᠨ ᠲᠤᠬᠢᠷᠠᠭᠤᠯᠤᠨ ᠲᠤᠭᠤᠷᠢᠨ ᠪᠠᠶᠢᠴᠠᠭᠠᠯᠭᠠᠵᠦ ᠪᠤᠬᠢᠷ ᠪᠤᠷᠳᠠᠭ ᠬᠠᠶᠠᠭᠳᠠᠮᠠᠯ ᠵᠦᠢᠯ ᠢ ᠴᠠᠭ ᠲᠤᠬᠠᠢ ᠳᠤᠨᠢ ᠰᠢᠢᠳᠪᠦᠷᠢᠯᠡᠵᠦ ᠪᠠᠶᠢᠨ᠎ᠠ᠂ ᠡᠭᠦᠨ ᠤ ᠲᠠᠭᠠᠤ ᠪᠤᠬᠢᠷᠳᠤᠯ ᠢ ᠰᠢᠢᠳᠪᠦᠷᠢᠯᠡᠭᠦ ᠲᠤᠨᠤᠭ ᠲᠦᠬᠦᠬᠡᠷᠦᠮᠵᠢ ᠶᠢᠨ ᠪᠡᠯᠡ ᠤᠷᠤᠭᠤᠯᠤᠯᠳᠠ ᠵᠢᠴᠢ ᠵᠠᠰᠠᠨ ᠴᠡᠭᠴᠡᠯᠡᠭᠦ ᠠᠵᠢᠯ ᠢ ᠦᠷᠭᠦᠯᠵᠢᠯᠡᠨ ᠴᠢᠩᠭᠠᠳᠬᠠᠵᠤ ᠪᠠᠶᠢᠨ᠎ᠠ︾ ᠭᠡᠵᠠᠢ᠃    ᠨᠢᠩᠴᠧᠩ ᠰᠢᠶᠠᠨ ︽ᠤᠯᠠᠭᠠᠨᠬᠠᠳᠠ ᠬᠤᠳᠠ ᠶᠢᠨ ᠬᠤᠳᠠ ᠪᠠᠯᠭᠠᠰᠤᠨ ᠤ ᠲᠦᠪᠯᠡᠷᠡᠬᠦᠯᠦᠭᠰᠡᠨ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠶᠢᠨ ᠲᠦᠯᠦᠪᠵᠢᠬᠦᠯᠭᠡ︾ ︵2016 — 2025︶ ᠶᠢ ᠴᠢᠩᠭ᠎ᠠ ᠨᠠᠶᠢᠳᠠᠪᠤᠷᠢᠵᠢᠭᠤᠯᠵᠦ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠲᠦᠷᠢᠮᠵᠢᠭᠰᠡᠨ ᠪᠠᠶᠢᠭᠤᠯᠤᠯᠳᠠ ᠬᠢᠵᠦ᠂ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ ᠲᠤᠳᠤᠷᠠᠬᠢ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠷᠢᠯᠭ᠎ᠠ ᠶᠢ ᠴᠡᠪᠡᠷᠯᠡᠨ ᠠᠷᠢᠯᠭᠠᠪᠠ᠃ ᠤᠳᠤᠬᠠᠨ ᠳᠤ᠂ ᠬᠠᠮᠠᠭᠠᠯᠠᠯᠳᠠ ᠶᠢᠨ ᠤᠷᠤᠨ ᠤ ᠤᠰᠤᠨ ᠰᠤᠷᠪᠤᠯᠵᠢ ᠶᠢᠨ ᠭᠠᠵᠠᠷ ᠢ ᠨᠢᠬᠡᠨᠳᠡ 13 ᠬᠡᠰᠡᠭ ᠢᠯᠭᠠᠨ ᠲᠤᠭᠳᠠᠭᠠᠵᠦ᠂ ︽ᠭᠠᠵᠠᠷ ᠲᠤᠤᠷᠠᠬᠢ ᠤᠰᠤᠨ ᠤ ᠤᠷᠴᠢᠨ ᠲᠤᠭᠤᠷᠢᠨ ᠤ ᠶᠠᠰᠤ ᠴᠢᠨᠠᠷ ᠤᠨ ᠪᠠᠷᠢᠮᠵᠢᠶ᠎ᠠ︾ ᠶᠢᠨ ᠭᠤᠷᠪᠠᠳᠤᠭᠠᠷ ᠲᠦᠷᠦᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠪᠡ᠃ ᠤᠯᠠᠭᠠᠨᠬᠠᠳᠠ ᠬᠤᠳᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶᠠᠨ ᠤ ᠨᠢᠩᠴᠧᠩ ᠰᠢᠶᠠᠨ ᠳᠠᠬᠢ ᠬᠤᠪᠢᠶᠠᠷᠢ ᠲᠤᠪᠴᠢᠶ᠎ᠠ ᠶᠢᠨ ᠲᠠᠷᠤᠭ᠎ᠠ ᠮᠠ ᠸᠧᠢ ᠵᠢᠶᠦ᠋ᠨ᠄ ︽ᠪᠢᠳᠡ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠶᠢᠨ ᠠᠵᠢᠯ ᠢ ᠦᠷᠨᠢᠭᠦᠯᠭᠦ ᠶᠠᠪᠤᠴᠠ ᠳᠤ ᠠᠮᠢ ᠠᠬᠤᠢ ᠶᠢᠨ ᠬᠤᠷᠢᠭ᠎ᠠ ᠱᠤᠭᠤᠮ ᠲᠤᠭᠳᠠᠭᠠᠵᠠᠢ᠂ ᠡᠨᠡ ᠨᠢ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠳᠤ ᠮᠠᠰᠢ ᠴᠢᠬᠤᠯᠠ ᠦᠢᠯᠡᠳᠦᠯ ᠦᠵᠡᠬᠦᠯᠦᠭᠰᠡᠨ ᠪᠠᠶᠢᠨ᠎ᠠ᠂ ᠤᠶᠢᠷ᠎ᠠ ᠶᠢᠨ ᠭᠡᠳᠦᠨ ᠵᠢᠯ ︿ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ﹀᠂ ︿ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠣᠯᠢ﹀ ᠶᠢ ᠰᠠᠶᠢᠳᠤᠷ ᠬᠡᠷᠡᠭᠵᠢᠬᠦᠯᠬᠦ ᠪᠠᠷ ᠲᠠᠮᠵᠢᠨ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠠ ᠤᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠲᠤᠪᠣᠶᠢᠮ᠎ᠠ ᠪᠦᠳᠦᠮᠵᠢ ᠤᠯᠵᠠᠢ᠃ ᠲᠠᠷᠠᠭᠠᠴᠢ ᠪᠠᠷ ᠪᠢᠳᠡ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠬᠡ ᠠᠯᠬᠤᠮ ᠲᠡᠬᠡᠭᠰᠢᠯᠡᠭᠦᠯᠦᠨ ᠪᠦᠭᠦ ᠭᠦᠴᠦᠨ ᠢᠶᠠᠷ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ᠂ ᠨᠡᠶᠢᠬᠡᠮ ᠤᠨ ᠬᠠᠮᠳᠤᠪᠡᠷ ᠵᠠᠰᠠᠬᠤ ᠰᠢᠰᠲ᠋ᠧᠮ ᠢ ᠪᠦᠷᠢᠨᠰᠢᠭᠦᠯᠵᠤ᠂ ᠤᠰᠤᠨ ᠤ ᠤᠷᠴᠢᠨ ᠲᠤᠭᠤᠷᠢᠨ ᠢ ᠵᠠᠰᠠᠨ ᠴᠡᠭᠴᠡᠯᠡᠭᠦ ᠠᠵᠢᠯ ᠤᠨ ᠲᠤᠳᠠᠭᠤᠳᠠᠯ ᠢᠶᠠᠨ ᠨᠦᠭᠦᠪᠦᠷᠢᠯᠡᠨ᠂ ᠪᠡᠯᠡ ᠤᠷᠤᠭᠤᠯᠤᠯᠳᠠ ᠶᠢᠨ ᠭᠦᠴᠦᠯᠡᠴᠡ ᠪᠠᠨ ᠴᠢᠩᠭᠠᠳᠬᠠᠵᠤ᠂ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠦᠷ᠎ᠡ ᠪᠦᠳᠦᠮᠵᠢ ᠪᠠᠨ ᠲᠡᠬᠡᠭᠰᠢᠯᠡᠭᠦᠯᠭᠦ ᠪᠠᠷ ᠴᠢᠷᠮᠠᠶᠢᠨ᠎ᠠ︾ ᠬᠡᠵᠤ ᠢᠳᠡᠬᠡᠯ ᠲᠡᠬᠦᠯᠳᠡᠷ ᠶᠠᠷᠢᠭᠰᠠᠨ ᠪᠠᠶᠢᠨ᠎ᠠ᠃    
 
ᠢᠷᠡᠯᠲᠡ᠄ ᠤᠯᠠᠭᠠᠨᠬᠠᠲᠠ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号