| - ᠨᠢᠩᠴᠸᠡᠭ ᠰᠢᠶᠠᠨ ᠤ ᠳᠡᠭᠡᠷ᠎ᠡ ᠬᠤᠷᠤᠭ᠎ᠠ ᠪᠠᠯᠭᠠᠰᠤᠨ ᠤ ᠲᠠᠬᠢᠶᠠᠨ ᠰᠡᠴᠢᠭᠳᠦ ᠠᠭᠤᠯᠠ ᠲᠤᠰᠬᠤᠨ ᠤ ᠠᠵᠤ | ᠥᠢᠯᠡᠰ ᠢᠶᠠᠷ ᠶᠠᠳᠠᠭᠤ ᠶᠢ ᠳᠡᠳᠬᠦᠭᠰᠡᠨ ᠠᠵᠢᠯ ᠢ ᠳᠡᠮᠳᠡᠭᠯᠡᠪᠡ | ᠰᠤᠷᠪᠤᠯᠵᠢᠯᠠᠭᠴᠢ ᠤᠯᠠᠭᠠᠬᠤᠳᠦ ᠠᠭᠤᠯᠠ ᠨᠠᠷᠠᠨᠮᠠᠨᠳᠤᠯ᠎ᠠ | ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠰᠢᠢᠳᠪᠦᠷᠢᠳᠦ | ᠢᠯᠠᠯᠳᠠ ᠶᠢ ᠤᠯᠬᠤ ᠵᠢᠯ ᠮᠥᠨ᠃ ᠡᠭᠦᠨ ᠳᠤ ᠠᠵᠤ ᠥᠢᠯᠡᠰ ᠢᠶᠠᠷ ᠶᠠᠳᠠᠭᠤ ᠶᠢ ᠳᠡᠳᠬᠦᠬᠦ ᠪᠤᠯ ᠶᠠᠳᠠᠭᠤ | ᠬᠥᠴᠢᠷᠳᠠᠢ ᠡᠷᠦᠬᠡ ᠶᠢ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢᠨ ᠥᠨᠳᠦᠰᠦᠨ ᠪᠤᠳᠤᠯᠭ᠎ᠠ ᠮᠥᠨ᠃ | ᠨᠢᠩᠴᠧᠩ ᠰᠢᠶᠠᠨ ᠤ ᠳᠡᠭᠡᠷ᠎ᠡ ᠬᠤᠷᠤᠭ᠎ᠠ ᠪᠠᠯᠭᠠᠰᠤᠨ ᠤ ᠲᠠᠬᠢᠶᠠᠨ ᠰᠡᠴᠢᠭᠳᠦ ᠠᠭᠤᠯᠠ ᠲᠣᠰᠬᠤᠨ ᠨᠢ ᠲᠥᠷᠦ ᠶᠢᠨ | ᠪᠤᠳᠤᠯᠭ᠎ᠠ ᠶᠢᠨ ᠤᠷᠢᠶᠠᠯᠠᠭ᠎ᠠ ᠲᠤᠤᠷ᠎ᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ | ᠰᠠᠶᠢᠳᠤᠷ ᠬᠢᠵᠤ᠂ ᠤᠷᠤᠨ ᠨᠤᠳᠤᠭ ᠤᠨ ᠤᠨᠴᠠᠯᠢᠭ ᠲᠠᠭᠠᠨ ᠲᠤᠬᠢᠷᠠᠭᠤᠯᠵᠤ᠂ ᠠᠯᠮᠤᠷᠠᠳ ᠤᠨ ᠠᠵᠤ ᠥᠢᠯᠡᠰ ᠢ | ᠶᠡᠬᠡᠪᠡᠷ ᠬᠥᠭᠵᠢᠭᠦᠯᠵᠤ᠂ ᠠᠵᠤ ᠥᠢᠯᠡᠰ ᠢᠶᠠᠷ ᠶᠠᠳᠠᠭᠤ ᠶᠢ ᠳᠡᠳᠬᠦᠬᠦ ᠠᠵᠢᠯ ᠳᠤ ᠭᠢᠯᠠᠯᠵᠠᠮ᠎ᠠ ᠥᠷ᠎ᠠ ᠪᠥᠳᠦᠮᠵᠢ | ᠤᠯᠤᠭᠰᠠᠨ ᠪᠠᠶᠢᠨ᠎ᠠ᠃ | ᠨᠢᠩᠴᠸᠡᠭ ᠰᠢᠶᠠᠨ ᠤ ᠳᠡᠭᠡᠷ᠎ᠡ ᠬᠤᠷᠤᠭ᠎ᠠ ᠪᠠᠯᠭᠠᠰᠤᠨ ᠤ ᠲᠠᠬᠢᠶᠠᠨ ᠰᠡᠴᠢᠭᠳᠦ ᠠᠭᠤᠯᠠ ᠲᠣᠰᠬᠤᠨ ᠨᠢ ᠳᠡᠭᠡᠷ᠎ᠡ | ᠬᠤᠷᠤᠭ᠎ᠠ ᠪᠠᠯᠭᠠᠰᠤᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠬᠤᠪᠢᠰᠬᠠᠯ ᠤᠨ ᠥᠶ᠎ᠡ ᠳᠤ ᠨᠡᠯᠢᠶᠡᠳ ᠡᠷᠳᠡ | ᠴᠢᠯᠥᠭᠡᠯᠡᠭᠳᠡᠭᠰᠡᠨ ᠣᠷᠣᠨ ᠳᠤ ᠬᠠᠷᠢᠶᠠᠯᠠᠭᠳᠠᠵᠤ᠂ ᠨᠡᠶᠢᠲᠡ 8 ᠳᠤᠭᠤᠶᠢᠯᠠᠩ᠂ 277 ᠡᠷᠦᠬᠡ᠂ 1032 ᠬᠥᠮᠦᠨ | ᠠᠮᠠ ᠲᠠᠢ᠃ ᠡᠭᠦᠨ ᠳᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠢ 53 ᠡᠷᠦᠬᠡ ᠶᠢᠨ 132 ᠬᠥᠮᠦᠨ ᠪᠤᠢ᠃ | ᠪᠦᠬᠦ ᠲᠣᠰᠬᠤᠨ ᠤ ᠶᠡᠷᠦᠩᠬᠡᠶ ᠨᠤᠳᠤᠭ ᠪᠡᠯᠴᠢᠭᠡᠷ ᠤᠨ ᠲᠠᠯᠠᠪᠠᠶ ᠨᠢ 73246 ᠮᠥ ᠪᠠᠶᠢᠵᠤ᠂ ᠡᠭᠦᠨ ᠳᠤ ᠣᠶ | ᠰᠢᠭᠤᠶ ᠶᠢᠨ ᠲᠠᠯᠠᠪᠠᠶ ᠨᠢ 50265 ᠮᠥ ᠶᠢ ᠡᠵᠡᠯᠡᠵᠤ᠂ ᠣᠶ ᠰᠢᠭᠤᠶ ᠡᠪᠡᠰᠦ ᠪᠡᠯᠴᠢᠭᠡᠷ ᠢᠭᠴᠤ ᠰᠠᠬᠤᠯᠢᠭ᠂ | ᠣᠷᠴᠢᠨ ᠲᠣᠭᠤᠷᠢᠨ ᠤ ᠠᠭᠤᠷ ᠠᠮᠢᠰᠬᠤᠯ ᠨᠢ ᠴᠡᠪᠡᠷ ᠰᠠᠶᠢᠬᠠᠨ᠂ ᠬᠥᠮᠦᠨ ᠠᠷᠠᠳ ᠨᠢ ᠰᠡᠳᠬᠢᠯ ᠳᠡᠨᠢᠭᠦᠨ ᠰᠠᠶᠢᠬᠠᠨ | ᠨᠤᠳᠤᠭ ᠪᠢᠯᠡ᠃ | ᠲᠠᠬᠢᠶᠠᠨ ᠰᠡᠴᠢᠭᠳᠦ ᠠᠭᠤᠯᠠ ᠲᠣᠰᠬᠤᠨ ᠨᠢ ᠪᠠᠶᠢᠭᠠᠯᠢᠯᠢᠭ ᠠᠭᠤᠷ ᠠᠮᠢᠰᠬᠤᠯ᠂ ᠤᠷᠴᠢᠨ ᠲᠤᠭᠤᠷᠢᠨ ᠤ | ᠲᠠᠪᠠᠭᠤᠯᠢᠭ ᠨᠥᠬᠦᠴᠡᠯ ᠢᠶᠠᠨ ᠭᠦᠢᠴᠡᠳ ᠠᠰᠢᠭᠯᠠᠵᠤ᠂ ᠠᠯᠮᠤᠷᠠᠳ ᠢᠶᠠᠷ ᠭᠤᠤᠯ ᠪᠣᠯᠭᠠᠭᠰᠠᠨ ᠣᠶ ᠰᠢᠭᠤᠶ | ᠵᠢᠮᠢᠰ ᠤᠨ ᠠᠵᠤ ᠦᠶ᠋ᠯᠡᠰ ᠢ ᠶᠡᠬᠡᠪᠡᠷ ᠬᠥᠭᠵᠢᠭᠦᠯᠵᠡᠶ᠃ ᠣᠳᠣᠬᠠᠨ ᠪᠣᠯᠲᠠᠯ᠎ᠠ᠂ ᠵᠢᠮᠢᠰ ᠤᠨ ᠮᠣᠳᠣᠨ ᠤ ᠠᠵᠤ | ᠠᠬᠤᠶ ᠶᠢᠨ ᠣᠶ ᠶᠢᠨ ᠲᠠᠯᠠᠪᠠᠶ ᠨᠢ 3350 ᠮᠥ ᠬᠦᠷᠴᠦ᠂ ᠡᠭᠦᠨ ᠳᠤ ᠭᠤᠤᠯᠳᠠᠭᠤ ᠬᠠᠨ ᠹᠥ᠋ ᠠᠯᠮᠤᠷᠠᠳ ︵ᠪᠠᠰᠠ | ᠮᠸᠡᠭ ᠹᠦ᠋ ᠠᠯᠮᠤᠷᠠᠳ ᠭᠡᠳᠡᠭ︶ ᠤᠨ ᠮᠤᠳᠦ ᠵᠠᠶᠢᠯᠠᠵᠤ᠂ ᠬᠠᠨ ᠹᠥ᠋ ᠠᠯᠮᠤᠷᠠᠳ ᠤᠨ ᠮᠤᠳᠦ ᠲᠠᠷᠢᠭᠰᠠᠨ ᠳᠠᠯᠠᠪᠠᠢ | 2800 ᠮᠥ ᠬᠥᠷᠴᠠᠢ᠃ ᠬᠠᠨ ᠹᠥ᠋ ᠠᠯᠮᠤᠷᠠᠳ ᠪᠣᠯ ᠬᠦᠢᠲᠡᠨ ᠳᠤ ᠳᠠᠭᠠᠭᠠᠴᠠ ᠲᠠᠢ᠂ ᠤᠨᠠᠯᠳᠠ ᠨᠢ ᠡᠯᠪᠡᠭ᠂ ᠶᠠᠰᠤ | ᠴᠢᠨᠠᠷ ᠨᠢ ᠰᠢᠯᠢᠳᠡᠭ ᠠᠯᠮᠤᠷᠠᠳ ᠤᠨ ᠡᠭᠦᠯᠳᠡᠷ ᠪᠤᠯᠤᠨ᠎ᠠ᠃ ᠤᠨᠠᠯᠳᠠ ᠶᠢᠨ ᠬᠤᠪᠢ ᠳᠤ᠂ ᠮᠦ ᠪᠦᠷᠢ ᠶᠢᠨ ᠳᠤᠮᠳᠠᠴᠢ | ᠤᠨᠠᠯᠲᠠ ᠨᠢ 6000 ᠵᠢᠩ ᠳᠤ ᠬᠦᠷᠴᠦ᠂ ᠮᠦ ᠪᠦᠷᠢ ᠶᠢᠨ ᠠᠵᠤ ᠠᠬᠤᠢ ᠶᠢᠨ ᠤᠷᠤᠯᠭ᠎ᠠ ᠨᠢ 1.8 ᠲᠦᠮᠡᠨ | ᠲᠥᠭᠦᠷᠢᠭ ᠲᠤ ᠬᠥᠷᠳᠡᠭ ᠶᠤᠮ᠃ ᠠᠯᠮᠤᠷᠠᠳ ᠤᠨ ᠳᠤᠮᠳᠠᠴᠢ ᠬᠦᠨᠳᠦ ᠨᠢ 250 ᠭᠷᠠᠮ ᠠᠴᠠ ᠳᠡᠭᠡᠭᠰᠢ ᠪᠠᠶᠢᠵᠤ᠂ | ᠲᠤᠮᠤ ᠠᠯᠮᠤᠷᠠᠳ ᠤᠨ ᠬᠦᠨᠳᠦ ᠶᠢᠨ ᠵᠢᠩ ᠨᠢ 900 ᠭᠷᠠᠮ ᠬᠦᠷᠴᠦ᠂ ᠣᠳᠣᠬᠠᠨ ᠤ ᠠᠯᠮᠤᠷᠠᠳ ᠳᠣᠲᠣᠷᠠᠬᠢ | ᠬᠦᠨᠳᠦ ᠶᠢᠨ ᠵᠢᠩ ᠢᠶᠠᠷ ᠬᠠᠮᠤᠭ ᠬᠥᠨᠳᠦ ᠲᠥᠷᠥᠯ ᠵᠦᠢᠯ ᠤᠨ ᠨᠢᠭᠡ ᠪᠣᠯᠤᠨ᠎ᠠ᠃ ᠡᠨᠡ ᠲᠥᠷᠦᠯ ᠤᠨ ᠠᠯᠮᠤᠷᠠᠳ ᠨᠢ | ᠬᠠᠳᠠᠭᠠᠯᠠᠬᠤ ᠳᠤ ᠳᠠᠭᠠᠭᠠᠮᠠᠭᠠᠶ ᠴᠢᠨᠠᠷ ᠢᠶᠠᠷ ᠴᠢᠩᠭ᠎ᠠ᠂ ᠬᠠᠳᠠᠭᠠᠯᠠᠬᠤ ᠬᠥᠮᠥᠷᠭᠡ ᠳᠤ 8 ᠰᠠᠷ᠎ᠠ ᠣᠷᠴᠢᠮ | ᠬᠠᠳᠠᠭᠠᠯᠠᠵᠤ ᠳᠡᠶᠢᠯᠳᠠᠭ᠃ ᠬᠠᠨ ᠹᠥ᠋ ᠠᠯᠮᠤᠷᠠᠳ ᠨᠢ ᠵᠠᠬ᠎ᠠ ᠳᠡᠯᠭᠡᠭᠦᠷ ᠳᠡᠭᠡᠷ᠎ᠡ ᠥᠷᠭᠡᠨ ᠳᠡᠯᠭᠡᠷ ᠪᠤᠷᠤᠯᠠᠭᠤᠯᠠᠭᠳᠠᠵᠤ | ᠂ ᠥᠷᠭᠡᠨ ᠤᠯᠠᠨ ᠬᠥᠮᠦᠰ ᠤᠨ ᠢᠳᠡᠬᠦ ᠲᠤᠷᠠᠳᠠᠢ ᠵᠢᠮᠢᠰ ᠤᠨ ᠨᠢᠭᠡ ᠲᠥᠷᠦᠯ ᠪᠤᠯᠤᠭᠰᠠᠨ ᠪᠠᠶᠢᠨ᠎ᠠ᠃ ᠬᠠᠨ ᠹᠥ᠋ | ᠠᠯᠮᠤᠷᠠᠳ ᠨᠢ ᠤᠷᠢᠳ ᠬᠤᠵᠢᠳ ᠮᠤᠵᠢ ᠶᠢᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ | ᠬᠤᠶᠠᠳᠤᠭᠠᠷ ᠳᠡᠰ ᠤᠨ ᠱᠠᠩᠨᠠᠯ ᠬᠥᠷᠳᠡᠭᠰᠡᠨ ᠪᠥᠭᠡᠳ 1998 ᠣᠨ ᠳᠤ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠶᠠᠮᠤᠨ ᠤ ᠪᠦᠬᠦ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠲᠥᠷᠦᠯ | ᠵᠥᠢᠯ ᠳᠤ ᠵᠢᠭᠰᠠᠭᠠᠭᠳᠠᠭᠰᠠᠨ ᠪᠠᠶᠢᠨ᠎ᠠ᠃ | ᠲᠠᠬᠢᠶᠠᠨ ᠰᠡᠴᠢᠭᠳᠦ ᠠᠭᠤᠯᠠ ᠲᠤᠰᠬᠤᠨ ᠤ ᠵᠠᠯᠠᠭᠤ ᠲᠠᠷᠤᠭ᠎ᠠ ᠸᠠᠩ ᡁᠢ ᠶᠥᠡᠭ᠄ ︽ᠮᠠᠨ ᠤ ᠲᠤᠰᠬᠤᠨ ᠨᠢ | ᠨᠠᠮ ᠵᠠᠰᠠᠭ ᠤᠨ ᠤᠳᠤᠷᠢᠳᠤᠯᠭ᠎ᠠ ᠪᠠ ᠲᠥᠷᠦ ᠶᠢᠨ ᠪᠤᠳᠤᠯᠭ᠎ᠠ ᠶᠢᠨ ᠳᠡᠮᠵᠢᠯᠭᠡ ᠲᠤᠤᠷ᠎ᠠ ᠠᠯᠮᠤᠷᠠᠳ ᠤᠨ ᠠᠵᠤ | ᠥᠢᠯᠡᠰ ᠢ ᠶᠡᠬᠡᠪᠡᠷ ᠬᠥᠭᠵᠢᠭᠦᠯᠵᠤ᠂ ᠶᠠᠳᠠᠭᠤ ᠬᠥᠴᠢᠷᠳᠠᠢ ᠤᠯᠠᠨ ᠲᠥᠮᠡᠨ ᠢ ᠳᠠᠶᠢᠴᠢᠯᠠᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠢᠯᠡᠳᠳᠡ ᠥᠷ᠎ᠡ ᠪᠥᠳᠦᠮᠵᠢ ᠤᠯᠵᠤ᠂ ᠤᠳᠤ ᠪᠤᠯᠬᠤ ᠳᠤ | ᠲᠤᠰᠬᠤᠨ ᠤ ᠶᠠᠳᠠᠭᠤ ᠬᠥᠴᠢᠷᠳᠠᠢ ᠡᠷᠦᠬᠡ ᠪᠥᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠪᠠᠶᠠᠵᠢᠯ ᠤᠨ | ᠵᠠᠮ ᠢᠶᠠᠷ ᠵᠠᠮᠨᠠᠵᠤ ᠪᠠᠶᠢᠨ᠎ᠠ︾ ᠭᠡᠵᠤ ᠰᠡᠳᠬᠢᠯ ᠲᠥᠭᠦᠷᠡᠩ ᠶᠠᠷᠢᠵᠤ ᠪᠢᠯᠡ᠃ | ᠲᠠᠬᠢᠶᠠᠨ ᠰᠡᠴᠢᠭᠳᠦ ᠠᠭᠤᠯᠠ ᠲᠣᠰᠬᠤᠨ ᠨᠢ ᠥᠪᠡᠷᠮᠢᠴᠡ ᠤᠨᠴᠠᠯᠢᠭ ᠲᠠᠢ ᠠᠯᠮᠤᠷᠠᠳ ᠤᠨ ᠠᠵᠤ ᠥᠢᠯᠡᠰ ᠢ | ᠬᠥᠭᠵᠢᠭᠦᠯᠦᠭᠰᠡᠨ ᠮᠥᠷᠳᠡᠭᠡᠨ ᠲᠤᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠨᠢ ᠴᠡᠪᠡᠷ ᠰᠠᠶᠢᠬᠠᠨ ᠪᠠᠶᠢᠵᠤ᠂ | ᠵᠢᠮᠢᠰ ᠲᠡᠭᠦᠬᠦ᠂ ᠵᠢᠭᠤᠯᠴᠢᠯᠠᠬᠤ᠂ ᠰᠡᠯᠡᠭᠦᠴᠡᠬᠦ ᠶᠢ ᠨᠢᠭᠡ ᠴᠤᠬᠴᠠᠵᠢᠭᠤᠯᠤᠬᠰᠠᠨ ᠤᠳᠤ ᠦᠶ᠎ᠡ ᠶᠢᠨ ᠤᠢ ᠰᠢᠭᠤᠢ | ᠵᠢᠮᠢᠰ ᠤᠨ ᠠᠵᠤ ᠦᠢᠯᠡᠰ ᠢ ᠴᠣᠭᠴᠠᠯᠠᠨ ᠪᠠᠶᠢᠭᠤᠯᠵᠤ ᠪᠠᠶᠢᠨ᠎ᠠ᠃ ᠠᠷᠪᠠᠨ ᠬᠡᠳᠦᠨ ᠵᠢᠯ ᠤᠨ ᠬᠥᠭᠵᠢᠯᠲᠡ ᠪᠠᠷ | ᠳᠠᠮᠵᠢᠭᠠᠳ᠂ ᠲᠠᠬᠢᠶᠠᠨ ᠰᠡᠴᠢᠭᠳᠦ ᠠᠭᠤᠯᠠ ᠲᠣᠰᠬᠤᠨ ᠤ ᠠᠯᠮᠤᠷᠠᠳ ᠤᠨ ᠠᠵᠤ ᠦᠶ᠋ᠯᠡᠰ ᠨᠢ ᠨᠢᠭᠡᠨᠲᠡ ᠵᠤᠬᠢᠬᠤ | ᠬᠡᠪᠴᠢᠶᠡᠵᠢᠯ ᠲᠠᠢ ᠪᠣᠯᠵᠤ᠂ ᠲᠠᠷᠢᠬᠤ ᠮᠡᠷᠭᠡᠵᠢᠯ ᠨᠢ ᠪᠠᠷᠢᠮᠵᠢᠶᠠᠵᠢᠵᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠰᠢᠰᠲ᠋ᠧᠮ ᠨᠢ ᠲᠣᠭᠲᠠᠪᠤᠷᠢᠵᠢᠵᠤ᠂ ᠪᠣᠷᠣᠯᠠᠭᠤᠯᠭ᠎ᠠ ᠶᠢᠨ ᠠᠷᠭ᠎ᠠ ᠵᠠᠮ ᠨᠢ ᠥᠷᠭᠡᠨ ᠳᠡᠯᠭᠡᠷ ᠪᠤᠯᠵᠤ᠂ ᠮᠠᠰᠢ ᠶᠡᠭᠡ | ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠪᠤᠯᠤᠭᠰᠠᠨ ᠪᠠᠶᠢᠨ᠎ᠠ᠃ | ᠶᠠᠳᠠᠭᠤ ᠬᠥᠴᠢᠷᠳᠠᠢ ᠡᠷᠦᠬᠡ ᠵᠤᠤ ᠭᠥᠢ ᠴᠢᠨ ᠨᠠᠰᠤᠳᠠᠨ ᠪᠤᠯ ᠲᠥᠴᠢᠨ ᠲᠥᠷᠪᠡᠨ ᠵᠢᠯ ᠤᠨ ᠨᠠᠮ ᠤᠨ | ᠭᠡᠰᠢᠭᠦᠨ ᠶᠤᠮ᠃ ᠳᠡᠳᠡᠨ ᠤ ᠬᠢ 2 ᠮᠦ ᠭᠠᠵᠠᠷ ᠲᠤ ᠪᠠᠨ 110 ᠰᠠᠭᠤᠷᠢ ᠠᠯᠮᠤᠷᠠᠳ ᠤᠨ ᠮᠤᠳᠦ ᠲᠠᠢ᠂ 2017 | ᠤᠨ ᠳᠤ ᠪᠠᠶᠢᠭᠠᠯᠢ ᠶᠢᠨ ᠭᠠᠮᠰᠢᠭ ᠠᠴᠠ ᠪᠤᠯᠵᠤ ᠪᠥᠳᠦᠨ ᠨᠢᠭᠡ ᠵᠢᠯ ᠤᠷᠤᠯᠭ᠎ᠠ ᠥᠭᠡᠢ ᠪᠠᠶᠢᠵᠤ᠂ 2018 | ᠤᠨ ᠳᠤ ᠲᠠᠩᠰᠠᠯᠠᠨ ᠺᠠᠷᠲᠯᠠᠭᠰᠠᠨ ᠶᠠᠳᠠᠭᠤ ᠬᠥᠴᠢᠷᠳᠠᠢ ᠡᠷᠦᠬᠡ ᠳᠤ ᠤᠷᠤᠵᠠᠢ᠃ ᠳᠡᠷᠡ᠄ ︽2018 ᠤᠨ ᠳᠤ | ᠵᠠᠰᠠᠭ ᠤᠨ ᠤᠷᠳᠤᠨ ᠤ ᠳᠡᠳᠬᠦᠮᠵᠢ ᠶᠢᠨ ᠨᠥᠬᠦᠪᠦᠷᠢ ᠠᠴᠠ 12000 ᠲᠥᠭᠦᠷᠢᠭ ᠤᠯᠵᠤ᠂ ᠳᠡᠭᠡᠷ᠎ᠡ ᠨᠢ | ᠥᠪᠡᠷ ᠢᠶᠠᠨ 1000 ᠲᠥᠭᠦᠷᠢᠭ ᠨᠡᠮᠡᠵᠤ᠂ 15 ᠬᠤᠨᠢ ᠬᠤᠳᠠᠯᠳᠤᠨ ᠠᠪᠴᠤ ᠤᠳᠤ ᠪᠤᠯᠬᠤ ᠳᠤ 22 ᠬᠤᠨᠢ ᠲᠠᠢ | ᠪᠤᠯᠤᠭᠰᠠᠨ ᠪᠠᠶᠢᠨ᠎ᠠ᠃ ᠳᠡᠭᠡᠷ᠎ᠡ ᠨᠢ ᠠᠯᠮᠤᠷᠠᠳ ᠬᠤᠳᠠᠯᠳᠤᠭᠰᠠᠨ ᠤᠷᠤᠯᠭ᠎ᠠ ᠪᠠᠨ ᠨᠡᠮᠡᠪᠡᠯ ᠵᠢᠯ ᠤᠨ ᠤᠷᠤᠯᠭ᠎ᠠ ᠨᠢ | ᠨᠡᠯᠢᠶᠡᠳ ᠨᠡᠮᠡᠭᠳᠡᠵᠤ᠂ ᠠᠳᠠᠯ ᠠᠮᠢᠳᠤᠷᠠᠯ ᠨᠢ ᠡᠳᠦᠷ ᠠᠴᠠ ᠡᠳᠦᠷ ᠥᠭᠡᠳᠡᠯᠡᠨ ᠳᠡᠭᠵᠢᠷᠡᠵᠤ ᠪᠠᠶᠢᠨ᠎ᠠ︾ ᠭᠡᠵᠤ | ᠬᠡᠯᠡᠯ᠎ᠠ᠃ | ᠲᠠᠬᠢᠶᠠᠨ ᠰᠡᠴᠢᠭᠳᠦ ᠠᠭᠤᠯᠠ ᠲᠣᠰᠬᠤᠨ ᠤ ᠬᠤᠶᠠᠷ ᠵᠥᠪᠯᠡᠯ ᠤᠨ ᠺᠠᠳ᠋ᠷᠴᠤᠳ ᠶᠠᠳᠠᠭᠤ ᠬᠦᠴᠢᠷᠳᠡᠢ ᠣᠯᠠᠨ | ᠲᠦᠮᠡᠨ ᠢᠶᠠᠨ ᠲᠠᠶᠢᠴᠢᠯᠠᠨ ᠳᠠᠭᠠᠭᠤᠯᠵᠤ᠂ ᠶᠠᠳᠠᠭᠤ ᠬᠦᠴᠢᠷᠳᠡᠢ ᠡᠷᠦᠬᠡ ᠶᠢᠨ ᠬᠦᠰᠡᠯ ᠡᠷᠡᠮᠡᠯᠵᠡᠯ ᠪᠠ | ᠶᠠᠳᠠᠭᠤᠷᠠᠭᠰᠠᠨ ᠰᠢᠯᠲᠠᠭᠠᠨ ᠢ ᠦᠨᠳᠦᠰᠦᠯᠡᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠲᠥᠷᠥ ᠶᠢᠨ ᠪᠣᠳᠣᠯᠭ᠎ᠠ ᠶᠢ ᠰᠠᠶᠢᠳᠤᠷ ᠬᠡᠷᠡᠭᠵᠢᠭᠦᠯᠵᠤ᠂ ᠶᠠᠳᠠᠭᠤ ᠠᠴᠠ ᠠᠩᠭᠢᠵᠢᠷᠠᠭᠤᠯᠬᠤ ᠠᠷᠭ᠎ᠠ | ᠵᠠᠮ ᠢ ᠡᠷᠢᠨ ᠰᠥᠪᠡᠭᠴᠢᠯᠡᠵᠤ᠂ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠢ ᠬᠥᠭᠵᠢᠭᠦᠯᠦᠭᠰᠡᠨ ᠪᠠᠶᠢᠨ᠎ᠠ᠃ | ᠳᠡᠳᠡ ᠠᠯᠮᠤᠷᠠᠳ ᠤᠨ ᠠᠵᠤ ᠥᠢᠯᠡᠰ ᠢ ᠬᠥᠭᠵᠢᠭᠦᠯᠵᠤ ᠶᠠᠳᠠᠭᠤ ᠶᠢ ᠳᠡᠳᠬᠦᠬᠦ ᠠᠵᠢᠯ ᠤᠨ ᠥᠷ᠎ᠡ ᠪᠥᠳᠦᠮᠵᠢ ᠪᠠᠨ | ᠦᠷᠭᠦᠯᠵᠢᠯᠡᠨ ᠪᠠᠲᠤᠳᠬᠠᠵᠤ᠂ ᠶᠠᠳᠠᠭᠤ ᠬᠥᠴᠢᠷᠳᠠᠢ ᠤᠯᠠᠨ ᠲᠥᠮᠡᠨ ᠤ ᠣᠷᠣᠯᠭ᠎ᠠ ᠶᠢ ᠥᠷᠭᠦᠯᠵᠢᠯᠡᠨ ᠨᠡᠮᠡᠭᠳᠡᠭᠦᠯᠵᠤ | ᠂ ᠶᠠᠳᠠᠭᠤ ᠶᠢ ᠲᠡᠳᠬᠦᠬᠦ ᠠᠯᠪᠠᠨ ᠭᠡᠷ ᠪᠣᠯᠤᠨ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠦᠷᠭᠦᠯᠵᠢᠯᠡᠨ | ᠪᠠᠲᠤᠳᠬᠠᠨ ᠬᠡᠷᠡᠭᠵᠢᠭᠦᠯᠬᠦ ᠲᠥᠷᠥ ᠶᠢᠨ ᠪᠣᠳᠣᠯᠭ᠎ᠠ ᠲᠠᠢ ᠤᠶᠠᠯᠳᠤᠭᠤᠯᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ | ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠶᠠᠰᠤ ᠴᠢᠨᠠᠷ ᠢᠶᠠᠨ ᠦᠷᠭᠦᠯᠵᠢᠯᠡᠨ ᠪᠠᠬᠢᠵᠢᠭᠦᠯᠵᠦ ᠪᠠᠶᠢᠨ᠎ᠠ᠃ |