2020 ᠣᠨ ᠤ 1 — 6 ᠳ᠋ᠤᠭᠠᠷ ᠰᠠᠷ᠎ᠠ ᠳᠠᠬᠢ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠᠶᠢᠳᠠᠯ ᠤᠨ ᠲᠤᠬᠠᠶ ᠨᠢᠩᠴᠧᠩ ᠰᠢᠶᠠᠨ ᠤ  ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠠᠷᠯᠠᠯ
ᠨᠡᠶᠢᠲᠡᠯᠡᠭᠰᠡᠨ ᠴᠠᠭ᠄
2020/8/4
 ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠣᠯᠣᠰ ᠤᠷᠤᠨ ᠬᠤᠲᠠ ᠶᠢᠨ ᠨᠢᠩᠴᠧᠩ ᠳᠤ ᠰᠠᠭᠤᠭ᠎ᠠ  ᠰᠢᠭᠤᠳ ᠬᠠᠷᠢᠶ᠎ᠠ ᠨᠢᠭᠡᠴᠢ ᠳᠤ᠄    1 - 6 ᠳ᠋ᠤᠭᠠᠷ ᠳᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠨᠢ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ 1561 ᠵᠤᠷᠪᠤᠰ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ 4 ᠬᠤᠭᠤᠴᠠᠭ᠎ᠠ  ᠬᠦᠯᠢᠶᠡᠨ ᠠᠪᠴᠦ᠂ ᠡᠭᠦᠨ ᠳᠤ ᠰᠢᠶᠠᠨ ᠤ ᠵᠠᠰᠠᠭ ᠤᠨ  ᠣᠷᠳᠣᠨ ᠤ ᠰᠦᠯᠵᠢᠶ᠎ᠡ 228 ᠵᠤᠷᠪᠤᠰ ᠮᠡᠳᠡᠭᠡ ᠵᠠᠩᠬᠢ᠂ 2 ᠬᠤᠭᠤᠴᠠᠭ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠢ ᠬᠡᠷᠡᠭᠯᠡᠵᠦ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ 36 ᠵᠤᠷᠪᠤᠰ ᠬᠡᠷᠩᠯᠡᠪᠡ᠃  1 - 6 ᠳ᠋ᠤᠭᠠᠷ ᠰᠠᠷ᠎ᠠ ᠳᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠦᠭᠰᠡᠨ ᠪᠠᠶᠢᠳᠠᠯ ᠠᠴᠠ  ᠦᠵᠡᠪᠡᠯ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ  ᠶᠡᠷᠦᠩᠬᠡᠶ ᠳᠡᠭᠡᠨ ᠰᠠᠶᠢᠨ᠂ ᠣᠯᠠᠩᠬᠢ ᠰᠠᠯᠠᠭ᠎ᠠ ᠮᠥᠴᠢᠷ ᠨᠢ ᠮᠡᠳᠡᠭᠡ ᠵᠠᠩᠭᠢ ᠶᠢ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠨᠠᠶᠢᠷᠠᠭᠤᠯᠤᠨ ᠵᠣᠬᠢᠶᠠᠵᠤ ᠮᠡᠳᠡᠭᠦᠯᠵᠦ᠂ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ  ᠳᠡᠭᠡᠭᠰᠢᠯᠡᠪᠡ᠂ ᠭᠡᠲᠡᠯ᠎ᠡ ᠪᠠᠰᠠ ᠣᠨᠴᠠ ᠵᠠᠷᠢᠮ ᠨᠢᠭᠡᠴᠢ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠠᠭ  ᠲᠤᠬᠠᠶ ᠳᠤᠨᠢ ᠨᠠᠶᠢᠷᠠᠭᠤᠯᠤᠨ ᠵᠣᠬᠢᠶᠠᠵᠤ ᠮᠡᠳᠡᠭᠦᠯᠦᠭᠰᠡᠨ ᠦᠭᠡᠢ᠃  ᠬᠤᠶᠢᠰᠢᠳᠠ ᠶᠢᠨ ᠠᠵᠢᠯ ᠤᠨ ᠳᠤᠮᠳᠠ ᠪᠠᠨ᠂ ᠡᠯ᠎ᠡ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠠᠰᠠᠭ ᠤᠨ ᠶᠠᠪᠤᠳᠠᠯ ᠤᠨ ᠮᠡᠳᠡᠭᠡ  ᠵᠠᠩᠭᠢ ᠶᠢ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠵᠤ ᠮᠡᠳᠡᠭᠦᠯᠦᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠢᠷᠤᠮᠵᠢᠭᠤᠯᠵᠦ᠂ ᠪᠠᠶᠢᠩᠭᠤᠵᠢᠭᠤᠯᠬᠤ ᠶᠢ ᠲᠦᠯᠬᠢᠨ ᠠᠬᠢᠭᠤᠯᠬᠤ ᠬᠡᠷᠩᠳᠡᠢ᠃  ᠬᠠᠷᠢᠯᠴᠠᠬᠤ ᠤᠲᠠᠰᠤ᠄ 0476- 4231043 ᠢᠮᠧᠯ᠄ ncgovxx@126.com  ᠳᠠᠭᠠᠯᠳᠤᠭᠤᠯᠤᠯ᠄ 2020 ᠣᠨ ᠤ 1 — 6 ᠳ᠋ᠤᠭᠠᠷ ᠳᠠᠬᠢ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ  ᠮᠡᠳᠡᠭᠦᠯᠦᠨ ᠬᠦᠷᠭᠡᠭᠰᠡᠨ ᠵᠢᠴᠢ ᠬᠡᠷᠡᠭᠯᠡᠭᠰᠡᠨ ᠪᠠᠶᠢᠳᠠᠯ ᠤᠨ ᠪᠦᠷᠢᠳᠬᠡᠯ http://www.ningchengxian.gov.cn/zwgk/jbxxgk/zfwj/2020-08-03-24015.html         2020 ᠣᠨ ᠤ 8 ᠰᠠᠷ᠎ᠠ ᠶᠢᠨ 3 ᠤ ᠡᠳᠦᠷ
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号