| | 1. ᠡᠷᠳᠡ ᠠᠴᠠ ᠤᠨᠤᠰᠢᠯᠠᠭᠤᠯᠬᠤ ᠪᠠ ᠡᠮᠴᠢᠯᠡᠬᠦᠯᠦᠨ᠎ᠡ᠄ ᠬᠡᠷᠪᠡ ᠰᠦᠷᠢᠶ᠎ᠡ ᠡᠪᠡᠳᠴᠢᠨ ᠤᠯᠤᠭᠰᠠᠨ ᠪᠤᠯ᠂ ᠡᠷᠳᠡ | ᠠᠴᠠ ᠤᠨᠤᠰᠢᠯᠠᠭᠤᠯᠵᠤ᠂ ᠡᠪᠡᠳᠴᠢᠨ ᠤ ᠪᠠᠶᠢᠲᠠᠯ ᠬᠦᠨᠳᠦᠷᠡᠬᠦ ᠠᠴᠠ ᠵᠠᠶᠢᠯᠠᠰᠬᠢᠬᠦ ᠪᠠ ᠡᠪᠡᠳᠴᠢᠨ ᠤ ᠪᠠᠺᠲ᠋ᠧᠷᠢ | ᠲᠠᠷᠬᠠᠬᠤ ᠶᠢ ᠤᠷᠢᠳᠴᠢᠯᠠᠨ ᠰᠡᠷᠭᠡᠶᠢᠯᠡᠵᠦ᠂ ᠰᠦᠷᠢᠶ᠎ᠡ ᠡᠪᠡᠳᠴᠢᠨ ᠤᠯᠤᠭᠰᠠᠳ ᠶᠠᠮᠠᠷᠪᠠ ᠨᠢᠬᠡᠨ ᠰᠦᠷᠢᠶ᠎ᠡ | ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠪᠤᠶᠤ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠬᠦᠷᠴᠦ | ᠡᠮᠴᠢᠯᠡᠨ ᠵᠠᠰᠠᠯᠭ᠎ᠠ ᠬᠢᠵᠦ ᠪᠤᠯᠤᠨ᠎ᠠ᠃ | 2. ᠰᠦᠷᠢᠶ᠎ᠡ ᠡᠪᠡᠳᠴᠢᠲᠡᠨ ᠲᠠᠢ ᠨᠢᠬᠲᠠ ᠤᠶᠢᠷᠠᠳᠤᠵᠤ ᠦᠩᠭᠡᠷᠡᠭᠰᠡᠳ ᠤᠨ ᠪᠠᠶᠢᠴᠠᠭᠠᠯᠲᠠ᠄ ᠡᠪᠡᠳᠴᠢᠲᠡᠨ ᠤ ᠭᠡᠷ | ᠪᠦᠯᠢ ᠶᠢᠨ ᠪᠦᠷᠢᠯᠳᠦᠬᠦᠨ᠂ ᠬᠠᠮᠲᠤ ᠠᠵᠢᠯᠲᠠᠨ ᠬᠢᠭᠡᠳ ᠬᠠᠮᠲᠤ ᠰᠤᠷᠤᠭᠴᠢ ᠪᠠᠶᠢᠴᠠᠭᠠᠯᠲᠠ ᠬᠢᠯᠭᠡᠨ᠎ᠡ᠃ ᠬᠡᠦᠬᠡᠳ | ᠤᠨ ᠰᠦᠷᠢᠶ᠎ᠡ ᠶᠢᠨ ᠪᠠᠺᠲ᠋ᠧᠷᠢ ᠶᠢᠨ ᠡᠯᠧᠮᠧᠨ᠋ᠲ ᠤᠨ ᠰᠢᠯᠭᠠᠨ ᠪᠠᠶᠢᠴᠠᠭᠠᠯᠲᠠ ᠪᠤᠶᠤ ᠴᠡᠭᠡᠵᠢᠨ ᠤ ᠬᠡᠰᠡᠭ ᠤᠨX | ᠰᠠᠴᠤᠷᠠᠭ ᠤᠨ ᠪᠠᠶᠢᠴᠠᠭᠠᠯᠲᠠ ᠵᠢᠴᠢ ᠨᠠᠰᠤᠨ ᠳᠤ ᠬᠦᠷᠦᠭᠰᠡᠳ ᠤᠨ X ᠰᠠᠴᠤᠷᠠᠭ ᠤᠨ ᠪᠠᠶᠢᠴᠠᠭᠠᠯᠲᠠ ᠪᠠᠭᠲᠠᠨ᠎ᠠ᠃ | | 3. ᠡᠷᠡᠬᠦᠯ ᠮᠡᠨᠲᠦ ᠠᠮᠢᠳᠤᠷᠠᠯ᠄ ᠰᠦᠷᠢᠶ᠎ᠡ ᠶᠢᠨ ᠪᠠᠺᠲ᠋ᠧᠷᠢ ᠪᠤᠯ ᠬᠦᠮᠦᠨ ᠤ ᠮᠠᠬᠠᠪᠤᠳ ᠤᠨ ᠦᠯᠦ ᠬᠠᠯᠲᠠᠭᠠᠬᠤ | ᠴᠢᠲᠠᠪᠤᠷᠢ ᠲᠤᠷᠤᠭᠰᠢᠯᠠᠭᠰᠠᠨ ᠦᠶ᠎ᠡ ᠳᠤ ᠬᠠᠯᠲᠠᠨ ᠢᠷᠡᠵᠦ ᠡᠪᠡᠳᠴᠢᠯᠡᠬᠦᠯᠳᠡᠭ ᠤᠴᠢᠷ ᠠᠴᠠ ᠡᠷᠡᠬᠦᠯ ᠴᠢᠬᠢᠷᠠᠭ | ᠠᠮᠢᠳᠤᠷᠠᠯ ᠤᠨ ᠬᠡᠯᠪᠡᠷᠢ ᠶᠢ ᠪᠠᠷᠢᠮᠲᠠᠯᠠᠵᠤ᠂ ᠡᠪᠡᠳᠴᠢᠯᠡᠬᠦ ᠲᠤᠬᠢᠶᠠᠯ ᠢ ᠪᠠᠭᠠᠰᠬᠠᠬᠤ ᠭᠡᠷᠡᠭᠲᠠᠢ᠃ ᠵᠤᠬᠢᠰᠲᠠᠢ ᠪᠠᠷ | ᠬᠦᠳᠡᠯᠭᠡᠭᠡᠨ ᠬᠢᠵᠦ᠂ ᠬᠦᠢᠴᠡᠳ ᠤᠨᠲᠠᠵᠤ᠂ ᠲᠡᠩᠴᠡᠭᠦᠷᠢᠲᠠᠢ ᠪᠠᠷ ᠢᠳᠡᠵᠦ ᠤᠤᠭᠤᠵᠤ᠂ ᠠᠷᠢᠬᠢ ᠲᠠᠮᠠᠬᠢ ᠠᠴᠠ | ᠵᠠᠶᠢᠯᠠᠵᠤ᠂ ᠰᠢᠨ᠎ᠡ ᠰᠤᠷᠭᠤᠭ ᠠᠭᠤᠷ ᠠᠮᠢᠰᠬᠤᠯ ᠢ ᠠᠮᠢᠰᠬᠤᠵᠤ᠂ ᠭᠡᠷ ᠲᠤᠲᠤᠷᠠᠬᠢ ᠠᠭᠤᠷ ᠠᠮᠢᠰᠬᠤᠯ ᠤᠨ | ᠰᠤᠯᠢᠬᠲᠠᠯ ᠢ ᠪᠠᠲᠤᠯᠠᠵᠤ᠂ ᠤᠬᠢ ᠰᠠᠶᠢᠨ ᠡᠷᠡᠬᠦᠯ ᠬᠠᠮᠠᠭᠠᠯᠠᠯ ᠤᠨ ᠵᠤᠷᠰᠢᠯ ᠲᠠᠢ ᠪᠤᠯᠤᠨ᠎ᠠ᠃ | 4. ᠰᠦᠷᠢᠶ᠎ᠡ ᠶᠢᠨ ᠸᠠᠺᠼᠢᠨ ᠪᠤᠯ ᠨᠢᠭᠡ ᠵᠦᠢᠯ ᠤᠨ ᠬᠡᠦᠬᠡᠳ ᠤᠨ ᠰᠦᠷᠢᠶ᠎ᠡ ᠡᠪᠡᠳᠴᠢᠨ ᠢ ᠤᠷᠢᠳᠴᠢᠯᠠᠨ | ᠰᠡᠷᠭᠡᠶᠢᠯᠡᠬᠦ ᠰᠡᠷᠭᠡᠶᠢᠯᠡᠯᠲᠡ ᠶᠢᠨ ᠲᠠᠷᠢᠯᠭ᠎ᠠ ᠶᠢᠨ ᠸᠠᠺᠼᠢᠨ ᠪᠤᠯᠤᠨ᠎ᠠ᠃ ᠤᠷᠢᠳᠴᠢᠯᠠᠨ ᠰᠡᠷᠭᠡᠶᠢᠯᠡᠬᠦ ᠪᠠ ᠬᠡᠦᠬᠡᠳ | ᠤᠨ ᠰᠦᠷᠢᠶ᠎ᠡ ᠡᠪᠡᠳᠴᠢᠨ ᠢ ᠪᠠᠭᠠᠰᠬᠠᠬᠤ ᠳᠤ᠂ ᠤᠨᠴᠠᠭᠠᠶᠢᠯᠠᠨ ᠰᠦᠷᠢᠶ᠎ᠡ ᠶᠢᠨ ᠴᠢᠨᠠᠷᠲᠠᠢ ᠲᠠᠷᠢᠬᠢᠨ ᠦᠷᠪᠢᠰᠦᠯ᠂ | ᠴᠢᠰᠦᠨ ᠳᠤ ᠨᠡᠪᠴᠢᠨ ᠲᠠᠷᠬᠠᠬᠤ ᠴᠢᠨᠠᠷᠲᠠᠢ ᠰᠦᠷᠢᠶ᠎ᠡ ᠡᠪᠡᠳᠴᠢᠨ ᠡᠭᠦᠰᠦᠨ᠎ᠡ᠃ ᠭᠤᠤᠯᠲᠠᠭᠤ ᠲᠠᠷᠢᠯᠭ᠎ᠠ ᠬᠢᠬᠦ | ᠨᠢᠭᠤᠷᠯᠠᠯ ᠪᠤᠯ ᠰᠢᠨ᠎ᠡ ᠲᠦᠷᠦᠭᠰᠡᠨ ᠬᠡᠦᠬᠡᠳ ᠪᠤᠯᠤᠨ᠎ᠠ᠃ | | ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ |