| | | ᠰᠦᠷᠢᠶ᠎ᠡ ᠡᠪᠡᠳᠴᠢᠨ ᠲᠠᠢ ᠬᠦᠮᠦᠨ ᠵᠢᠩᠬᠢᠨᠢ ᠡᠮ ᠤᠨ ᠵᠦᠢᠯ ᠢᠶᠠᠷ ᠡᠬᠢᠯᠡᠨ ᠡᠮᠴᠢᠯᠡᠨ ᠵᠠᠰᠠᠯᠭ᠎ᠠ ᠬᠢᠵᠦ᠂ | 2—3 ᠭᠠᠷᠠᠭ ᠪᠤᠯᠤᠭᠰᠠᠨ ᠤ ᠲᠠᠷᠠᠭ᠎ᠠ᠂ ᠶᠡᠷᠦ ᠶᠢᠨ ᠪᠠᠶᠢᠲᠠᠯ ᠳᠤ᠂ ᠬᠠᠯᠲᠠᠪᠤᠷᠢᠲᠤ ᠴᠢᠨᠠᠷ ᠨᠢ ᠲᠠᠷᠤᠢ ᠤᠯᠠᠮ | ᠢᠶᠠᠷ ᠪᠠᠭᠤᠷᠠᠨ᠎ᠠ᠃ ᠭᠡᠪᠡᠴᠦ ᠡᠷᠬᠡᠪᠰᠢ ᠵᠢᠩᠬᠢᠨᠢ ᠪᠠᠷ 6—8 ᠰᠠᠷ᠎ᠠ ᠡᠮᠴᠢᠯᠡᠨ ᠵᠠᠰᠠᠯᠲᠠ ᠬᠢᠪᠡᠯ ᠰᠠᠶ᠋ᠢ ᠲᠤᠤᠱᠲᠠᠢ | ᠡᠮᠴᠢᠯᠡᠨ ᠰᠠᠶᠢᠨ ᠪᠤᠯᠭᠠᠵᠤ ᠲᠡᠶᠢᠯᠦᠨ᠎ᠡ᠃ ᠦᠭᠡᠢ ᠪᠤᠯ ᠡᠮᠴᠢᠯᠡᠨ ᠰᠠᠶᠢᠨ ᠪᠤᠯᠭᠠᠬᠤ ᠳᠤ ᠲᠤᠩ ᠬᠦᠴᠢᠷᠲᠠᠢ᠃ | ᠬᠠᠯᠲᠠᠪᠤᠷᠢᠯᠠᠬᠤ ᠴᠢᠨᠠᠷᠲᠠᠢ ᠰᠦᠷᠢᠶ᠎ᠡ ᠡᠪᠡᠳᠴᠢᠲᠡᠨ ᠢᠶᠠᠷ ᠤᠨᠤᠰᠢᠯᠠᠭᠰᠠᠨ ᠬᠦᠮᠦᠨ ᠢ ᠠᠮᠠᠷᠠᠯᠲᠠ ᠬᠢᠯᠭᠡᠵᠦ᠂ ᠬᠡᠷ | ᠲᠤ ᠨᠢ ᠡᠮᠴᠢᠯᠡᠨ ᠵᠠᠰᠠᠯᠭ᠎ᠠ ᠬᠢᠵᠦ᠂ ᠭᠡᠷ ᠪᠦᠯᠢ ᠶᠢᠨ ᠬᠢᠨᠢ ᠰᠠᠭᠤᠭ᠎ᠠ ᠭᠠᠵᠠᠷ ᠤᠨ ᠰᠦᠷᠢᠶ᠎ᠡ ᠡᠪᠡᠳᠴᠢᠨ ᠢ | ᠰᠡᠷᠭᠡᠶᠢᠯᠡᠨ ᠵᠠᠰᠠᠬᠤ ᠪᠠᠶᠢᠭᠤᠯᠤᠮᠵᠢ ᠨᠢ ᠡᠪᠡᠳᠴᠢᠲᠡᠨ ᠢ ᠡᠮᠴᠢᠯᠡᠨ ᠵᠠᠰᠠᠬᠤ ᠪᠠ ᠬᠠᠮᠢᠶᠠᠷᠬᠤ ᠶᠢ ᠬᠠᠷᠢᠭᠤᠴᠠᠵᠤ᠂ | ᠬᠠᠯᠲᠠᠪᠤᠷᠢᠲᠤ ᠴᠢᠨᠠᠷ ᠨᠢ ᠠᠷᠢᠯᠤᠭᠰᠠᠨ ᠤ ᠲᠠᠷᠠᠭ᠎ᠠ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ | ᠠᠴᠠ ᠤᠨᠤᠰᠢᠯᠠᠬᠰᠠᠨ ᠭᠡᠷᠡᠴᠢ ᠪᠠᠷ ᠠᠵᠢᠯᠯᠠᠬᠤ ᠪᠠ ᠰᠤᠷᠤᠯᠴᠠᠵᠤ ᠪᠤᠯᠤᠨ᠎ᠠ᠃ ᠬᠠᠯᠲᠠᠪᠤᠷᠢᠲᠤ ᠪᠤᠰᠤ ᠴᠢᠨᠠᠷᠲᠠᠢ | ᠡᠪᠡᠳᠴᠢᠲᠡᠨ ᠡᠮᠴᠢᠯᠡᠨ ᠵᠠᠰᠠᠬᠤ ᠬᠤᠭᠤᠴᠠᠭᠠᠨ ᠳᠤ ᠦᠷᠬᠦᠯᠵᠢᠯᠡᠨ ᠠᠵᠢᠯᠯᠠᠬᠤ ᠪᠠ ᠰᠤᠷᠤᠯᠴᠠᠵᠤ ᠪᠤᠯᠤᠨ᠎ᠠ᠃ | ᠭᠡᠪᠡᠴᠦ ᠲᠤᠬᠠᠢ ᠶᠢᠨ ᠭᠠᠵᠠᠷ ᠤᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ | ᠤᠲᠤᠷᠢᠳᠤᠯᠭ᠎ᠠ ᠲᠤᠤᠷ᠎ᠠ᠂ ᠵᠢᠩᠬᠢᠨᠢ ᠪᠠᠷ ᠡᠮᠴᠢᠯᠡᠨ ᠵᠠᠰᠠᠯᠲᠠ ᠬᠢᠬᠦ ᠶᠢ ᠪᠠᠲᠤᠯᠠᠬᠤ ᠬᠡᠷᠡᠭᠲᠠᠢ᠃ ᠰᠦᠷᠢᠶ᠎ᠡ | ᠡᠪᠡᠳᠴᠢᠨ ᠲᠠᠢ ᠬᠦᠮᠦᠨ ᠳᠤ ᠬᠠᠯᠠᠮᠵᠢᠯᠠᠯ ᠬᠢᠬᠡᠳ ᠬᠠᠷᠠᠭᠠᠯᠵᠠᠯ ᠦᠵᠡᠬᠦᠯᠵᠦ᠂ ᠭᠠᠲᠠᠭᠤᠷᠴᠢᠯᠠᠵᠤ ᠪᠤᠯᠬᠤ ᠦᠭᠡᠢ᠃ | ᠰᠦᠷᠢᠶ᠎ᠡ ᠡᠪᠡᠳᠴᠢᠲᠡᠨ ᠪᠡᠶ᠎ᠡ ᠳᠤ ᠪᠠᠨ ᠢᠳᠡᠭᠡᠯ ᠲᠠᠢ ᠪᠠᠶᠢᠵᠤ᠂ ᠡᠮᠴᠢᠯᠡᠨ ᠵᠠᠰᠠᠬᠤ ᠶᠢ ᠪᠠᠷᠢᠮᠲᠠᠯᠠᠨ᠂ ᠠᠭᠤᠵᠢᠮ | ᠲᠠᠯᠪᠢᠭᠤᠨ ᠪᠠᠶᠠᠷ ᠪᠠᠶᠠᠰᠬᠤᠯᠠᠩ ᠲᠠᠢ ᠰᠡᠳᠬᠢᠯᠬᠡ ᠶᠢ ᠪᠠᠷᠢᠮᠲᠠᠯᠠᠬᠤ ᠨᠢ ᠡᠷᠡᠬᠦᠯᠵᠢᠯ ᠢ ᠬᠠᠪᠰᠤᠷᠬᠤ ᠪᠤᠯᠤᠨ᠎ᠠ᠃ | | ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ |