| | ᠰᠦᠷᠢᠶ᠎ᠡ ᠡᠪᠡᠳᠴᠢᠨ ᠨᠢ ᠦᠷᠬᠦᠯᠵᠢ ᠬᠠᠯᠲᠠᠪᠤᠷᠢᠯᠠᠬᠤ ᠴᠢᠨᠠᠷᠲᠠᠢ ᠪᠠᠶᠢᠳᠠᠭ ᠠᠴᠠ ᠪᠤᠯᠵᠤ᠂ ᠡᠮᠴᠢᠯᠡᠨ ᠵᠠᠰᠠᠬᠤ | ᠡᠪᠡᠳᠴᠢᠨ ᠤ ᠶᠠᠪᠤᠴᠠ ᠨᠡᠯᠢᠶᠡᠳ ᠤᠷᠲᠤ ᠪᠠᠶᠢᠵᠤ᠂ ᠵᠢᠩᠬᠢᠨᠢ ᠪᠠᠷ ᠲᠤᠤᠱᠲᠠᠢ ᠡᠮᠴᠢᠯᠡᠨ ᠵᠠᠰᠠᠬᠤ ᠳᠤ ᠡᠷᠬᠡᠪᠰᠢ | 6—8 ᠰᠠᠷ᠎ᠠ ᠶᠢᠨ ᠡᠮᠴᠢᠯᠡᠭᠡᠨ ᠤ ᠶᠠᠪᠤᠴᠠ ᠶᠢ ᠬᠡᠷᠡᠭᠯᠡᠵᠦ᠂ ᠲᠡᠷᠡᠴᠢᠯᠡᠨ ᠤᠯᠠᠨ ᠵᠦᠢᠯ ᠤᠨ ᠡᠮ ᠤᠨ ᠵᠦᠢᠯ ᠢ | ᠬᠠᠮᠲᠤᠷᠠᠭᠤᠯᠤᠨ ᠬᠡᠷᠡᠭᠯᠡᠪᠡᠯ ᠰᠠᠶ᠋ᠢ ᠲᠤᠤᠱᠲᠠᠢ ᠡᠮᠴᠢᠯᠡᠨ ᠡᠳᠡᠭᠡᠷᠡᠬᠦᠯᠵᠦ ᠴᠢᠲᠠᠨ᠎ᠠ᠃ ᠬᠡᠷᠪᠡ ᠬᠡᠪᠴᠢᠶᠡᠵᠢᠭᠰᠡᠨ | ᠪᠦᠬᠦᠯᠢ ᠶᠠᠪᠤᠴᠠ ᠶᠢᠨ ᠡᠮᠴᠢᠯᠡᠨ ᠵᠠᠰᠠᠯᠭ᠎ᠠ ᠬᠢᠬᠦ ᠶᠢ ᠬᠦᠢᠴᠡᠳᠬᠡᠵᠦ ᠴᠢᠲᠠᠬᠤ ᠦᠭᠡᠢ ᠪᠤᠯ ᠬᠢᠯᠪᠠᠷᠬᠠᠨ ᠢᠶᠠᠷ | ᠡᠪᠡᠳᠴᠢᠲᠡᠨ ᠤᠲᠠᠭᠠᠨ ᠵᠠᠰᠠᠯᠭ᠎ᠠ ᠬᠢᠭᠰᠡᠨ ᠴᠤ ᠡᠳᠡᠭᠡᠷᠡᠬᠦ ᠦᠭᠡᠢ ᠪᠤᠶᠤ ᠡᠪᠡᠳᠴᠢᠨ ᠨᠢ ᠲᠠᠬᠢᠵᠤ᠂ ᠲᠡᠷᠡᠴᠢᠯᠡᠨ | ᠡᠮ ᠳᠤ ᠲᠡᠰᠪᠦᠷᠢᠲᠠᠢ ᠪᠤᠯᠵᠤ᠂ ᠤᠲᠠᠭᠠᠨ ᠴᠢᠨᠠᠷᠲᠠᠢ ᠬᠠᠯᠲᠠᠪᠤᠷᠢᠲᠤ ᠢᠷᠡᠯᠲᠡ ᠲᠠᠢ ᠪᠤᠯᠵᠤ᠂ ᠨᠡᠩ ᠤᠯᠠᠨ ᠡᠷᠡᠬᠦᠯ | ᠴᠢᠬᠢᠷᠠᠭ ᠬᠦᠮᠦᠨ ᠳᠤ ᠬᠠᠯᠲᠠᠪᠤᠷᠢᠯᠠᠬᠤ ᠪᠤᠯᠤᠨ᠎ᠠ᠃ ᠬᠠᠮᠲᠤ ᠳᠤ ᠨᠢ ᠰᠦᠷᠢᠶ᠎ᠡ ᠡᠪᠡᠳᠴᠢᠨ ᠨᠢ ᠭᠤᠤᠯᠲᠠᠭᠤ | ᠶᠠᠲᠠᠭᠤ ᠬᠦᠴᠢᠷᠲᠠᠢ ᠬᠦᠳᠡᠭᠡ ᠲᠤᠰᠬᠤᠨ ᠳᠤ ᠡᠭᠦᠰᠴᠦ᠂ ᠭᠡᠷ ᠪᠦᠯᠢ ᠢᠶᠠᠷ ᠢᠶᠠᠨ ᠨᠡᠶᠢᠳᠡᠮ ᠳᠡᠭᠡᠨ ᠶᠠᠲᠠᠭᠤ | ᠬᠤᠭᠤᠰᠤᠨ ᠠᠴᠠ ᠪᠤᠯᠵᠤ᠂ ᠮᠠᠰᠢ ᠤᠯᠠᠨ ᠡᠪᠡᠳᠴᠢᠲᠡᠨ ᠠᠵᠤ ᠠᠬᠤᠢ ᠶᠢᠨ ᠰᠢᠯᠲᠠᠭᠠᠨ ᠢᠶᠠᠷ ᠬᠡᠪᠴᠢᠶᠡᠵᠢᠭᠰᠡᠨ | ᠪᠦᠬᠦᠯᠢ ᠶᠠᠪᠤᠴᠠ ᠶᠢᠨ ᠡᠮᠴᠢᠯᠡᠨ ᠵᠠᠰᠠᠯᠭ᠎ᠠ ᠬᠢᠬᠦ ᠶᠢ ᠪᠠᠷᠢᠮᠲᠠᠯᠠᠬᠤ ᠳᠤ ᠲᠤᠩ ᠬᠦᠴᠢᠷᠲᠠᠢ ᠪᠠᠶᠢᠵᠤ᠂ ᠡᠳᠡᠭᠡᠷ | ᠡᠪᠡᠳᠴᠢᠲᠡᠨ ᠬᠡᠷᠪᠡ ᠰᠦᠢᠳᠬᠡᠯ ᠬᠤᠷᠢᠶᠠᠬᠤ ᠦᠭᠡᠢ ᠪᠠᠶᠢᠴᠠᠭᠠᠯᠲᠠ ᠬᠢᠬᠦ ᠪᠠ ᠰᠦᠷᠢᠶ᠎ᠡ ᠶᠢ ᠡᠰᠡᠷᠭᠦᠴᠡᠬᠦ ᠡᠮᠴᠢᠯᠡᠨ | ᠵᠠᠰᠠᠯᠭ᠎ᠠ ᠶᠢ ᠬᠦᠯᠢᠶᠡᠬᠦ ᠦᠭᠡᠢ ᠪᠤᠯ ᠲᠠᠷᠤᠢ ᠨᠡᠶᠢᠭᠡᠮ ᠳᠤ ᠨᠡᠩ ᠶᠡᠭᠡ ᠬᠤᠬᠢᠷᠠᠯ ᠤᠴᠠᠷᠠᠭᠤᠯᠬᠤ ᠪᠤᠯᠤᠨ᠎ᠠ᠃ | ᠲᠡᠶᠢᠮᠦ ᠠᠴᠠ ᠲᠦᠷᠦ ᠶᠢᠨ ᠶᠠᠪᠤᠲᠠᠯ ᠤᠨ ᠬᠤᠷᠢᠶᠠᠨ ᠤ ᠠᠯᠪᠠᠨ ᠲᠢᠩᠬᠢᠮ ᠠᠴᠠ ᠲᠠᠷᠬᠠᠭᠠᠭᠰᠠᠨ ︽ᠪᠦᠬᠦ ᠤᠯᠤᠰ | ᠤᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠲᠦᠯᠦᠪᠵᠢᠬᠦᠯᠬᠡ ︵2001—2010 ᠤᠨ︶︾ ᠲᠤᠮᠲᠠ | ᠲᠤᠲᠤᠷᠬᠠᠢ ᠲᠤᠭᠳᠠᠭᠠᠭᠰᠠᠨ ᠨᠢ᠄ ᠰᠦᠷᠢᠶ᠎ᠡ ᠡᠪᠡᠳᠴᠢᠨ ᠲᠠᠢ ᠬᠦᠮᠦᠨ ᠤ ᠡᠮᠴᠢᠯᠡᠨ ᠵᠠᠰᠠᠯᠭ᠎ᠠ ᠳᠤ ︽ᠬᠤᠷᠢᠶᠠᠬᠤ᠂ | ᠪᠠᠭᠤᠷᠠᠭᠤᠯᠬᠤ᠂ ᠬᠡᠯᠲᠦᠷᠢᠬᠦᠯᠬᠦ︾ ᠲᠦᠷᠦ ᠶᠢᠨ ᠪᠤᠲᠤᠯᠭ᠎ᠠ ᠶᠢ ᠬᠡᠷᠡᠭᠵᠢᠬᠦᠯᠵᠦ᠂ ᠰᠦᠢᠳᠬᠡᠯ ᠢᠶᠠᠨ ᠦᠭᠬᠦ | ᠴᠢᠲᠠᠪᠤᠷᠢ ᠦᠭᠡᠢ ᠬᠠᠯᠲᠠᠪᠤᠷᠢᠲᠤ ᠴᠢᠨᠠᠷᠲᠠᠢ ᠰᠦᠷᠢᠶ᠎ᠡ ᠡᠪᠡᠳᠴᠢᠲᠡᠨ ᠢ ᠰᠦᠢᠳᠬᠡᠯ ᠬᠤᠷᠢᠶᠠᠬᠤ ᠦᠭᠡᠢ ᠪᠠᠷ | ᠡᠮᠴᠢᠯᠡᠨ ᠵᠠᠰᠠᠨ᠎ᠠ᠃ ᠤᠲᠤᠬᠠᠨ ᠳᠤ᠂ ᠤᠨᠤᠰᠢᠯᠠᠬᠰᠠᠨ ᠠᠷᠭ᠎ᠠ ᠦᠰᠦᠷᠲᠡᠰᠦ ᠰᠦᠷᠢᠶ᠎ᠡ ᠡᠪᠡᠳᠴᠢᠲᠡᠨ ᠪᠠ ᠪᠢᠯᠢᠭ | ᠦᠰᠦᠷᠲᠡᠰᠦ ᠬᠦᠳᠡᠯᠭᠡᠬᠡᠨᠲᠦ ᠴᠢᠨᠠᠷᠲᠠᠢ ᠰᠦᠷᠢᠶ᠎ᠡ ᠡᠪᠡᠳᠴᠢᠲᠡᠨ ᠳᠤ ᠠᠩᠬ᠎ᠠ ᠵᠠᠰᠠᠯᠭ᠎ᠠ ᠬᠢᠬᠦ ᠳᠤ ᠰᠦᠢᠳᠬᠡᠯ | ᠬᠤᠷᠢᠶᠠᠬᠤ ᠦᠭᠡᠢ ᠰᠦᠷᠢᠶ᠎ᠡ ᠶᠢ ᠡᠰᠡᠷᠭᠦᠴᠡᠬᠦ ᠡᠮ ᠤᠨ ᠵᠦᠢᠯ ᠢ ᠬᠠᠩᠭᠠᠨ᠎ᠠ᠃ | | ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ |