ᠰᠤᠷᠭᠠᠭᠤᠯᠢ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ
ᠨᠡᠶᠢᠲᠡᠯᠡᠭᠰᠡᠨ ᠴᠠᠭ᠄
2020/9/17
 ᠰᠤᠷᠤᠭᠴᠢᠳ ᠤᠨ ᠡᠷᠡᠬᠦᠯ ᠮᠡᠨᠲᠦ ᠶᠢᠨ ᠪᠡᠶ᠎ᠡ ᠤᠨ ᠪᠠᠶᠢᠴᠠᠭᠠᠯᠲᠠ ᠶᠢᠨ ᠲᠦᠷᠢᠮ᠂ ᠦᠷᠯᠦᠭᠡ ᠶᠢᠨ ᠪᠠᠶᠢᠴᠠᠭᠠᠯᠲᠠ   ᠶᠢᠨ ᠲᠦᠷᠢᠮ ᠢ ᠪᠠᠶᠢᠭᠤᠯᠤᠨ᠂ ᠰᠦᠷᠢᠶ᠎ᠡ ᠡᠪᠡᠳᠴᠢᠨ ᠵᠡᠷᠭᠡ ᠬᠠᠯᠲᠠᠪᠤᠷᠢᠲᠤ ᠡᠪᠡᠳᠴᠢᠨ ᠤᠯᠤᠭᠰᠠᠳ ᠢ ᠡᠷᠳᠡ   ᠠᠴᠠ ᠢᠯᠡᠷᠡᠬᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠢᠳᠡᠪᠬᠢᠲᠠᠢ ᠦᠷᠨᠢᠬᠦᠯᠵᠦ᠂ ᠰᠤᠷᠤᠭᠴᠢᠳ   ᠤᠨ ᠰᠤᠷᠤᠯᠴᠠᠬᠤ ᠪᠠ ᠠᠮᠢᠳᠤᠷᠠᠯ ᠤᠨ ᠤᠷᠴᠢᠨ ᠲᠤᠭᠤᠷᠢᠨ ᠢ ᠴᠢᠷᠮᠠᠶᠢᠨ ᠰᠠᠶᠢᠵᠢᠷᠠᠭᠤᠯᠵᠤ᠂ ᠰᠤᠷᠭᠠᠭᠤᠯᠢ ᠶᠢᠨ  ᠬᠦᠷᠢᠶᠡᠨ ᠤ ᠤᠷᠴᠢᠨ ᠲᠤᠭᠤᠷᠢᠨ ᠢ ᠴᠡᠪᠡᠷᠯᠡᠬᠦ ᠬᠢᠬᠡᠳ ᠠᠷᠢᠭᠤᠳᠬᠠᠬᠤ ᠠᠵᠢᠯ ᠢ ᠴᠢᠩᠭᠠᠳᠬᠠᠨ᠂ ᠬᠢᠴᠢᠶᠡᠯ ᠤᠨ  ᠬᠡᠷ ᠬᠢᠬᠡᠳ ᠬᠠᠮᠲᠤ ᠶᠢᠨ ᠪᠠᠶᠢᠷᠢ ᠳᠤ ᠪᠠᠶᠢᠩᠭᠤ ᠰᠠᠯᠬᠢ ᠨᠡᠪᠳᠡᠷᠡᠬᠦᠯᠦᠨ ᠠᠭᠠᠷ ᠢ ᠰᠤᠯᠢᠪᠴᠢᠭᠤᠯᠵᠤ᠂ ᠠᠭᠤᠷ  ᠠᠮᠢᠰᠬᠤᠯ ᠤᠨ ᠰᠢᠨ᠎ᠡ ᠰᠤᠷᠭᠤᠭ ᠢ ᠪᠠᠲᠤᠯᠠᠵᠤ᠂ ᠰᠦᠷᠢᠶ᠎ᠡ ᠡᠪᠡᠳᠴᠢᠨ ᠤ ᠬᠠᠯᠲᠠᠪᠤᠷᠢᠯᠠᠬᠤ ᠪᠠ ᠲᠠᠮᠵᠢᠭᠤᠯᠤᠭᠲᠠᠬᠤ  ᠲᠤᠬᠢᠶᠠᠯ ᠢ ᠪᠠᠭᠠᠰᠬᠠᠨ᠎ᠠ᠃ ᠰᠤᠷᠭᠠᠭᠤᠯᠢ ᠨᠢ ᠡᠷᠡᠬᠦᠯ ᠮᠡᠨᠲᠦ ᠶᠢᠨ ᠬᠦᠮᠦᠵᠢᠯ ᠤᠨ ᠬᠢᠴᠢᠶᠡᠯ ᠲᠠᠶᠢᠯᠤᠮᠵᠢ᠂ ᠰᠠᠮᠪᠠᠷ᠎ᠠ ᠶᠢᠨ ᠰᠤᠨᠢᠨ ᠵᠡᠷᠭᠡ  ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠪᠠᠷ ᠲᠠᠮᠵᠢᠭᠤᠯᠤᠨ᠂ ᠰᠤᠷᠭᠠᠭᠤᠯᠢ ᠶᠢᠨ  ᠪᠠᠭᠰᠢ ᠰᠤᠷᠤᠭᠴᠢ ᠳᠤ ᠰᠦᠷᠢᠶ᠎ᠡ ᠡᠪᠡᠳᠴᠢᠨ ᠵᠡᠷᠭᠡ ᠬᠠᠯᠲᠠᠪᠤᠷᠢᠲᠦ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ   ᠶᠢᠨ ᠬᠦᠮᠦᠵᠢᠯ ᠬᠢᠵᠦ᠂ ᠦᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠲᠠᠪᠤᠷᠢ ᠶᠢ ᠨᠡᠮᠡᠭᠳᠡᠬᠦᠯᠦᠨ᠎ᠡ᠃     ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号