| | | ᠮᠧᠩ ᠰᠢᠶᠠᠨ ᠳ᠋ᠦᠩ ᠸᠠᠩ ᠸᠠᠩ ᠱᠧᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠳ ᠲᠠᠢ ᠬᠠᠮᠲᠤ | ᠪᠠᠭᠠᠷᠢᠨ ᠵᠡᠭᠦᠨ ᠬᠤᠰᠢᠭᠤᠨ ᠳᠤ ᠭᠦᠨᠵᠡᠭᠡᠶᠢᠷᠡᠨ ᠲᠣᠭᠤᠷᠢᠨ ᠦᠵᠡᠪᠡ᠃ | 9 ᠰᠠᠷ᠎ᠠ ᠶᠢᠨ 24 ᠤ ᠡᠳᠦᠷ᠂ ᠪᠦᠬᠦ ᠬᠤᠲᠠ ᠶᠢᠨ ᠬᠤᠶᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠭᠦᠯᠦᠯᠲᠡ ᠶᠢᠨ ᠶᠡᠭᠡ ᠬᠤᠷᠠᠯ ᠦᠷᠭᠦᠯᠵᠢᠯᠡᠨ ᠶᠠᠪᠤᠭᠳᠠᠵᠤ᠂ ᠬᠤᠷᠠᠯ ᠳᠤ ᠣᠷᠣᠯᠴᠠᠭᠰᠠᠳ | ᠬᠢᠳᠠᠨ ᠯᠢᠶᠣᠤ ᠶᠢᠨ ᠰᠣᠶᠣᠯ ᠢ ᠣᠶᠢᠯᠠᠭᠠᠬᠤ ᠵᠢᠭᠤᠯᠴᠢᠯᠠᠯ ᠢᠶᠠᠷ ᠭᠤᠤᠯᠯᠠᠵᠤ ᠪᠠᠶᠢᠭ᠎ᠠ ᠪᠠᠭᠠᠷᠢᠨ ᠵᠡᠭᠦᠨ | ᠬᠤᠰᠢᠭᠤᠨ ᠳᠤ ᠬᠦᠷᠴᠦ᠂ ᠲᠤᠷᠰᠢᠯᠭ᠎ᠠ ᠰᠣᠨᠣᠰᠴᠤ᠂ ᠠᠷᠭ᠎ᠠ ᠬᠢᠳᠡᠯ ᠢ ᠰᠤᠷᠴᠤ᠂ ᠲᠥᠷᠥᠭᠳᠡᠯ ᠢᠶᠠᠨ ᠶᠠᠷᠢᠵᠤ᠂ | ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠰᠡᠳᠬᠢᠴᠡ ᠪᠠᠨ ᠲᠣᠳᠣᠷᠬᠠᠶᠢᠯᠠᠵᠤ᠂ ᠡᠷᠴᠢ | ᠵᠣᠷᠢᠭ ᠢᠶᠠᠨ ᠬᠥᠪᠴᠢᠯᠡᠨ᠂ ᠤᠯᠠᠭᠠᠨᠬᠠᠳᠠ ᠶᠢᠨ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠤᠯᠠᠭᠠᠨᠬᠠᠳᠠ ᠶᠢᠨ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠬᠦ ᠳᠤ ᠬᠦᠴᠦᠨ ᠴᠢᠳᠠᠯ ᠬᠤᠷᠠᠮᠳᠤᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ᠂ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠵᠡᠷᠭᠡ ᠳᠥᠷᠪᠡᠨ ᠶᠡᠭᠡ ᠪᠠᠭ ᠤᠨ ᠬᠤᠯᠪᠣᠭᠳᠠᠯ ᠪᠦᠬᠦᠢ | ᠤᠳᠤᠷᠢᠳᠤᠯᠭ᠎ᠠ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ | ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠵᠠᠰᠠᠭ ᠤᠨ ᠣᠷᠳᠣᠨ ᠤ | ᠬᠤᠪᠢᠶᠠᠷᠢᠯᠠᠨ ᠬᠠᠮᠢᠶᠠᠷᠬᠤ ᠬᠠᠷᠢᠭᠤᠴᠠᠯᠭᠠᠲᠠᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ | ᠳᠠᠷᠤᠭ᠎ᠠ ᠪᠣᠯᠤᠨ ᠣᠷᠣᠨ ᠤ ᠳᠣᠲᠣᠭᠠᠳᠤ ᠭᠠᠳᠠᠭᠠᠳᠤ ᠶᠢᠨ ᠭᠤᠣᠯ ᠵᠠᠭᠤᠴᠢᠯᠠᠭᠤᠷ᠂ ᠪᠦᠬᠦ ᠬᠤᠳᠠ ᠶᠢᠨ | ᠭᠤᠣᠯᠳᠠᠯᠭ᠎ᠠ ᠲᠠᠢ ᠵᠢᠭᠤᠯᠴᠢᠯᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠲᠣᠭᠤᠷᠢᠨ ᠦᠵᠡᠬᠦ ᠳᠤ | ᠣᠷᠣᠯᠴᠠᠪᠠ᠃ | ᠬᠤᠷᠠᠯ ᠳᠤ ᠣᠷᠣᠯᠴᠠᠭᠰᠠᠳ ᠪᠠᠭᠠᠷᠢᠨ ᠵᠡᠭᠦᠨ ᠬᠤᠰᠢᠭᠤᠨ ᠤ ᠳᠣᠯᠤᠭᠠᠨ ᠲᠣᠭᠤᠭ᠎ᠠ ᠠᠭᠤᠯᠠ ᠶᠢᠨ ᠤᠯᠤᠰ ᠤᠨ | ᠭᠠᠵᠠᠷ ᠰᠢᠨᠵᠢᠯᠡᠭᠡᠨ ᠤ ᠴᠡᠴᠡᠷᠯᠢᠭ᠂ ᠪᠠᠭᠠᠷᠢᠨ ᠵᠡᠭᠦᠨ ᠬᠤᠰᠢᠭᠤᠨ ᠤ ᠱᠦᠭᠦᠷ ᠡᠪᠡᠰᠦ ᠶᠢᠨ ᠠᠵᠤ ᠦᠢᠯᠡᠰ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ | ᠰᠤᠳᠤᠯᠤᠯ ᠤᠨ ᠪᠠᠭᠤᠷᠢ ᠶᠢᠨ ᠴᠡᠴᠡᠷᠯᠢᠭ᠂ ᠯᠢᠶᠣᠤ ᠶᠢᠨ ᠳᠡᠭᠡᠳᠦ ᠨᠡᠶᠢᠰᠯᠡᠯ ᠤᠨ ᠮᠦᠽᠧᠢ᠂ ᠯᠢᠶᠤᠤ ᠶᠢᠨ | ᠲᠠᠶᠢᠽᠸᠦ ᠶᠢᠨ ᠣᠩᠭᠤᠨ ᠽᠦᠵᠸᠦ ᠶᠢᠨ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ᠂ ᠯᠢᠶᠣᠤ ᠶᠢᠨ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ | ᠲᠣᠭᠤᠷᠢᠨ ᠦᠵᠡᠵᠡᠢ᠃ | ᠬᠢᠳᠠᠨ ᠯᠢᠶᠣᠤ ᠶᠢᠨ ᠰᠣᠶᠣᠯ ᠤᠨ ᠡᠭᠦᠰᠦᠭᠰᠡᠨ ᠭᠠᠵᠠᠷ ᠪᠣᠯᠤᠭᠰᠠᠨ ᠤ ᠬᠤᠪᠢ ᠳᠤ᠂ ᠪᠠᠭᠠᠷᠢᠨ ᠵᠡᠭᠦᠨ | ᠬᠤᠰᠢᠭᠤᠨ ᠨᠢ ᠭᠦᠨ ᠵᠤᠵᠠᠭᠠᠨ ᠰᠣᠶᠤᠯ ᠤᠨ ᠰᠠᠭᠤᠷᠢ ᠲᠠᠢ᠂ ᠣᠨᠴᠠᠯᠢᠭ ᠨᠢ ᠢᠯᠡ ᠲᠣᠳᠣ ᠪᠠᠶᠢᠳᠠᠭ᠃ ᠲᠤᠰ | ᠬᠤᠰᠢᠭᠤ ᠵᠢᠭᠤᠯᠴᠢᠯᠠᠯ ᠤᠨ ᠦᠢᠯᠡᠰ ᠢ ᠬᠢᠳᠠᠨ ᠯᠢᠶᠣᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠰᠠᠶᠢᠨ ᠠᠷᠭ᠎ᠠ | ᠪᠣᠯᠭᠠᠵᠤ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠴᠢᠷᠮᠠᠶᠢᠵᠤ᠂ ᠬᠢᠳᠠᠨ ᠯᠢᠶᠣᠤ ᠶᠢᠨ ᠰᠣᠶᠣᠯ ᠭᠡᠬᠦ | ᠡᠨᠡᠬᠦ ᠨᠡᠷᠡᠲᠦ ᠲᠡᠮᠳᠡᠭᠲᠦ ᠶᠢ ᠨᠡᠩ ᠭᠡᠷᠡᠯ ᠭᠢᠯᠪᠠᠭ᠎ᠠ ᠰᠠᠴᠤᠷᠠᠭᠤᠯᠪᠠ᠃ ᠯᠢᠶᠣᠤ ᠶᠢᠨ ᠳᠡᠭᠡᠳᠦ ᠨᠡᠶᠢᠰᠯᠡᠯ ᠤᠨ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠰᠡ ᠬᠡᠯᠪᠡᠷᠢᠲᠦ ᠴᠡᠴᠡᠷᠯᠢᠭ᠂ ᠱᠢᠷᠭ᠎ᠠ | ᠵᠡᠭᠡᠯᠢ ᠭᠤᠳᠤᠮᠵᠢ ᠶᠢᠨ ᠪᠦᠲᠦᠭᠡᠨ ᠪᠠᠶᠢᠭᠤᠯᠤᠯᠲᠠ᠂ ᠴᠢᠶᠠᠨ ᠳ᠋ᠧ ᠮᠧᠨ ᠤ ᠪᠠᠭᠤᠷᠢ ᠶᠢᠨ ᠬᠠᠮᠠᠭᠠᠯᠠᠯᠲᠠ | ᠦᠵᠡᠭᠦᠯᠦᠯᠭᠡ ᠵᠡᠷᠭᠡ 20 ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠠᠮᠠᠭᠠᠯᠠᠵᠤ ᠳᠡᠭᠡᠭᠰᠢᠯᠡᠭᠦᠯᠬᠦ ᠲᠥᠷᠥᠯ | ᠵᠦᠢᠯ ᠨᠢ ᠪᠠᠭᠤᠷᠢ ᠶᠢ ᠶᠡᠷᠦᠩᠬᠡᠶᠢᠯᠡᠨ ᠬᠠᠮᠠᠭᠠᠯᠠᠬᠤ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ | ᠨᠡᠭᠡᠭᠡᠯᠲᠡ ᠲᠤ ᠪᠠᠲᠤ ᠪᠠᠬᠢ ᠰᠠᠭᠤᠷ᠊ ᠲᠠᠯᠪᠢᠵᠤ᠂ ᠵᠤᠭᠠᠴᠠᠭᠰᠠᠳ ᠢ ᠥᠷᠭᠡᠨ ᠠᠭᠤᠳᠠᠮ᠂ ᠬᠥᠭᠵᠢᠶᠡᠨ ᠨᠠᠷᠭᠢᠶᠠᠨᠲᠤ | ᠬᠠᠭᠠᠨ ᠤ ᠨᠡᠶᠢᠰᠯᠡᠯ ᠬᠤᠲᠠ ᠶᠢ ᠲᠤᠭᠤᠯᠤᠭᠰᠠᠨ ᠰᠢᠭ᠋ ᠰᠠᠨᠠᠭᠳᠠᠭᠤᠯᠤᠨ᠎ᠠ᠃ ᠲᠡᠤᠬᠡ ᠶᠢᠨ ᠬᠡᠪ ᠨᠠᠮᠪᠠ ᠲᠠᠢ | ᠯᠢᠶᠣᠤ ᠶᠢᠨ ᠳᠡᠭᠡᠳᠦ ᠨᠡᠶᠢᠰᠯᠡᠯ ᠤᠨ ᠮᠦᠽᠧᠶ ᠳᠤ ᠬᠢᠳᠠᠨ ᠸᠠᠩᠲᠤ ᠲᠥᠷᠥ᠂ ᠬᠢᠳᠠᠨ ᠤ ᠬᠠᠨᠠᠨ ᠵᠢᠷᠤᠭ᠂ ᠬᠢᠳᠠᠨ ᠤ | ᠰᠦᠰᠦᠭ ᠪᠢᠰᠢᠷᠡᠯ ᠵᠡᠷᠭᠡ ᠳᠣᠯᠣᠭᠠᠨ ᠦᠵᠡᠭᠦᠯᠦᠯᠭᠡ ᠶᠢᠨ ᠲᠢᠩᠬᠢᠮ ᠪᠠᠶᠢᠭᠤᠯᠵᠤ᠂ ᠣᠳᠣᠬᠠᠨ ᠳᠤ 11.39 | ᠲᠦᠮᠡᠨ ᠬᠤᠪᠢ ᠲᠡᠤᠬᠡ ᠶᠢᠨ ᠳᠤᠷᠠᠰᠬᠠᠯᠲᠤ ᠵᠦᠢᠯᠡᠰ ᠬᠠᠳᠠᠭᠠᠯᠠᠭᠳᠠᠵᠤ᠂ ᠡᠭᠦᠨ ᠤ ᠳᠣᠲᠣᠷ᠎ᠠ 520 ᠬᠤᠪᠢ | ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠪᠠᠶᠢᠵᠤ᠂ ᠬᠢᠳᠠᠨ ᠤ ᠪᠣᠯᠪᠠᠰᠤᠨ ᠤ ᠠᠤᠭ᠎ᠠ ᠰᠦᠷᠯᠢᠭ | ᠲᠤᠤᠯᠢᠰ ᠢ ᠬᠥᠮᠦᠰ ᠲᠤ ᠲᠣᠭᠠᠴᠢᠨ ᠶᠠᠷᠢᠵᠤ ᠪᠠᠶᠢᠯ᠎ᠠ᠃ ᠯᠢᠶᠤᠤ ᠶᠢᠨ ᠲᠠᠶᠢᠽᠸᠦ ᠶᠢᠨ ᠣᠩᠭᠤᠨ ᠽᠦᠵᠸᠦ ᠶᠢᠨ | ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠤᠨ ᠵᠢᠷᠤᠭ ᠲᠥᠯᠦᠪᠯᠡᠭᠡ ᠨᠢ ᠯᠢᠶᠣᠤ | ᠤᠯᠤᠰ ᠤᠨ ᠦᠶ᠎ᠡ ᠶᠢᠨ ᠴᠢᠯᠠᠭᠤᠨ ᠭᠡᠷ ᠤᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠠᠴᠠ ᠢᠷᠡᠯᠲᠡ ᠲᠠᠢ | ᠪᠠᠶᠢᠵᠤ᠂ ᠵᠢᠭᠤᠯᠴᠢᠯᠠᠯ ᠤᠨ ᠯᠠᠪᠯᠠᠨ ᠠᠰᠠᠭᠤᠬᠤ᠂ ᠤᠬᠠᠭᠤᠯᠤᠨ ᠲᠠᠨᠢᠯᠴᠠᠭᠤᠯᠬᠤ᠂ ᠲᠥᠪᠯᠡᠷᠡᠭᠦᠯᠵᠦ ᠲᠡᠷᠭᠡ | ᠰᠣᠯᠢᠬᠤ᠂ ᠰᠣᠶᠤᠯ ᠢ ᠣᠶᠢᠯᠠᠭᠠᠬᠤ ᠣᠯᠠᠨ ᠡᠰᠢᠵᠢᠭᠰᠡᠨ ᠦᠢᠯᠡᠴᠢᠯᠡᠭᠡᠨ ᠤ ᠴᠢᠳᠠᠮᠵᠢ ᠶᠢ ᠬᠠᠮᠤᠷᠴᠤ᠂ ᠬᠤᠷᠠᠯ ᠳᠤ | ᠣᠷᠤᠯᠴᠠᠭᠰᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠯᠢᠶᠣᠤ ᠶᠢᠨ ᠰᠣᠶᠣᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠨᠢ ᠰᠣᠶᠣᠯ ᠤᠨ ᠦᠵᠡᠰᠬᠦᠯᠡᠩ᠂ ᠡᠷᠲᠡᠨ ᠤ ᠡᠳ᠋ ᠤᠨ ᠠᠷᠠᠯᠵᠢᠶ᠎ᠠ᠂ ᠡᠷᠳᠡᠮ | ᠰᠢᠨᠵᠢᠯᠡᠭᠡᠨ ᠤ ᠰᠤᠳᠤᠯᠭᠠᠨ᠂ ᠰᠣᠶᠣᠯ ᠤᠨ ᠲᠣᠭᠯᠠᠯᠲᠠ᠂ ᠰᠡᠯᠡᠭᠦᠴᠡᠯ ᠵᠤᠭ᠎ᠠ ᠴᠡᠩᠭᠡᠯ᠂ ᠬᠤᠭᠤᠯᠠ ᠤᠮᠳᠠ | ᠬᠤᠨᠤᠭ ᠵᠡᠷᠭᠡ ᠣᠯᠠᠨ ᠴᠢᠳᠠᠮᠵᠢ ᠶᠢ ᠨᠢᠭᠡ ᠴᠣᠭᠴᠠ ᠪᠣᠯᠭᠠᠵᠤ᠂ ᠨᠢᠭᠡᠨᠲᠡ 500 ᠭᠠᠷᠤᠶ ᠬᠤᠳᠠᠯᠳᠤᠭᠠᠨ ᠤ | ᠡᠷᠦᠬᠡ ᠠᠵᠤ ᠠᠬᠤᠶᠢᠯᠠᠯ ᠣᠷᠣᠵᠤ ᠰᠠᠭᠤᠵᠤ᠂ ᠵᠢᠯ ᠪᠦᠷᠢ ᠳᠤᠮᠳᠠᠴᠢ ᠪᠠᠷ 30 ᠲᠦᠮᠡᠨ ᠬᠥᠮᠦᠨ ᠤᠳᠠᠭ᠎ᠠ ᠠᠴᠠ | ᠳᠡᠭᠡᠭᠰᠢᠬᠢ ᠵᠤᠭᠠᠴᠠᠭᠰᠠᠳ ᠢ ᠬᠦᠯᠢᠶᠡᠨ ᠠᠪᠴᠤ᠂ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ 3.5 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠣᠶᠢᠷ᠎ᠠ ᠬᠠᠪᠢ ᠲᠤᠬᠠᠢ ᠶᠢᠨ ᠭᠠᠵᠠᠷ ᠲᠤᠨᠢ 5000 ᠢᠯᠡᠭᠦᠦ ᠬᠥᠮᠦᠨ ᠤ | ᠠᠵᠢᠯ ᠣᠯᠭᠤᠬᠤ ᠶᠢ ᠰᠢᠢᠳᠪᠦᠷᠢᠯᠡᠪᠡ᠃ | ᠮᠧᠩ ᠰᠢᠶᠠᠨ ᠳ᠋ᠦᠩ ᠨᠢᠭᠡ ᠲᠠᠯ᠎ᠠ ᠪᠠᠷ ᠲᠣᠭᠤᠷᠢᠨ ᠦᠵᠡᠵᠦ᠂ ᠨᠥᠭᠦᠭᠡ ᠲᠠᠯ᠎ᠠ ᠪᠠᠷ ᠣᠯᠠᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠤᠯᠠᠭᠠᠨᠬᠠᠳᠠ ᠶᠢᠨ ᠥᠨᠢ ᠤᠳᠠᠭᠠᠨ ᠲᠡᠦᠬᠡ᠂ ᠭᠦᠨ ᠵᠤᠵᠠᠭᠠᠨ | ᠰᠣᠶᠤᠯ᠂ ᠭᠡᠷᠡᠯ ᠰᠠᠴᠤᠷᠠᠩᠭᠤᠢ ᠪᠣᠯᠪᠠᠰᠤᠨ ᠨᠢ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠡᠷᠬᠢᠮ ᠨᠠᠨᠳᠢᠨ ᠡᠳ᠋ | ᠪᠠᠶᠠᠯᠢᠭ ᠮᠥᠨ᠃ ᠪᠠᠭᠠᠷᠢᠨ ᠵᠡᠭᠦᠨ ᠬᠤᠰᠢᠭᠤ ᠰᠣᠶᠣᠯ ᠤᠨ ᠤᠯᠠᠮᠵᠢᠯᠠᠯ ᠪᠠ ᠬᠠᠮᠠᠭᠠᠯᠠᠯᠲᠠ ᠶᠢ ᠵᠢᠭᠤᠯᠴᠢᠯᠠᠯ ᠤᠨ | ᠠᠵᠤ ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ | ᠨᠡᠭᠡᠭᠡᠵᠦ᠂ ᠡᠯ᠎ᠡ ᠭᠠᠵᠠᠷ ᠤᠨ ᠬᠢᠨ ᠰᠤᠷᠤᠯᠴᠠᠵᠥ ᠲᠤᠯᠢ ᠪᠣᠯᠭᠠᠭᠤᠰᠢᠲᠠᠢ ᠪᠠᠶᠢᠨ᠎ᠠ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ︽ᠰᠣᠶᠣᠯ ᠵᠢᠭᠤᠯᠴᠢᠯᠠᠯ ᠢ ᠠᠭᠤᠰᠤᠯᠴᠠᠭᠤᠯᠬᠤ︾ ᠬᠥᠭᠵᠢᠯᠲᠡ ᠶᠢ | ᠪᠠᠷᠢᠮᠲᠠᠯᠠᠵᠤ᠂ ᠨᠢᠭᠡ ᠲᠠᠯ᠎ᠠ ᠪᠠᠷ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠦᠨᠳᠦᠰᠦᠲᠡᠨ ᠤ | ᠰᠣᠶᠣᠯ ᠤᠨ ᠤᠯᠠᠮᠵᠢᠯᠠᠯ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠨᠥᠭᠦᠭᠡ ᠲᠠᠯ᠎ᠠ ᠪᠠᠷ ᠰᠣᠶᠣᠯ | ᠵᠢᠭᠤᠯᠴᠢᠯᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠴᠢᠨᠠᠷ ᠰᠠᠶᠢᠲᠠᠶ᠂ ᠣᠯᠠᠨ ᠲᠦᠮᠡᠨ ᠲᠠᠢ | ᠣᠶᠢᠷᠠᠲᠤᠭᠰᠠᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠤᠨ | ᠵᠢᠭᠤᠯᠴᠢᠯᠠᠯ ᠤᠨ ᠳᠤᠮᠳᠠ ᠲᠡᠦᠬᠡ ᠶᠢ ᠣᠶᠢᠯᠠᠭᠠᠵᠤ᠂ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠰᠣᠶᠣᠯ ᠢ | ᠣᠶᠢᠯᠠᠭᠠᠬᠤ ᠳᠤᠮᠳᠠ ᠪᠡᠶ᠎ᠡ ᠰᠡᠳᠬᠢᠯ ᠢᠶᠠᠨ ᠪᠠᠶᠠᠰᠬᠠᠨ᠂ ᠦᠵᠡᠯ ᠰᠡᠳᠬᠢᠯᠭᠡ ᠪᠠᠨ ᠪᠣᠯᠪᠠᠰᠤᠷᠠᠭᠤᠯᠤᠨ᠂ | ᠤᠯᠠᠭᠠᠨᠬᠠᠳᠠ ᠶᠢᠨ ᠥᠪᠡᠷᠮᠢᠴᠡ ᠲᠡᠦᠬᠡ ᠰᠣᠶᠣᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠨᠡᠮᠡᠭᠳᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠲᠣᠭᠤᠷᠢᠨ ᠦᠵᠡᠭᠰᠡᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠭᠦᠨ ᠲᠥᠷᠥᠭᠳᠡᠯ ᠲᠠᠢ ᠪᠠᠶᠢᠵᠤ᠂ | ᠣᠯᠠᠨ ᠢᠶᠠᠷ ᠢᠶᠠᠨ ᠲᠣᠭᠤᠷᠢᠨ ᠦᠵᠡᠬᠦ ᠳᠡᠭᠡᠨ ᠰᠣᠷᠣᠭᠰᠠᠨ᠂ ᠲᠥᠷᠥᠭᠳᠡᠭᠰᠡᠨ᠂ ᠤᠬᠠᠭᠠᠭᠳᠠᠭᠰᠠᠨ ᠵᠦᠢᠯ ᠢᠶᠠᠨ | ᠲᠦᠷᠭᠡᠨ ᠰᠢᠩᠭᠡᠭᠡᠨ ᠠᠪᠴᠤ᠂ ᠤᠯᠠᠭᠠᠨᠬᠠᠳᠠ ᠶᠢᠨ ᠵᠢᠭᠤᠯᠴᠢᠯᠠᠯ ᠤᠨ ᠲᠠᠪᠠᠯᠳᠠᠳᠤ ᠬᠥᠭᠵᠢᠯᠲᠡ ᠶᠢ ᠠᠬᠢᠭᠤᠯᠬᠤ | ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ ᠢᠯᠡᠷᠬᠡᠶᠢᠯᠡᠪᠡ᠃ | | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ | ᠰᠠᠯᠠᠭ᠎ᠠ |