ᠨᠢᠩᠴᠧᠩ ᠰᠢᠶᠠᠨ ︽ᠵᠣᠷᠯᠣᠩ ᠤᠨ ᠬᠤᠪᠢᠰᠬᠠᠯ︾ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2020/9/27
   ᠵᠢᠯ ᠤᠨ ᠡᠬᠢᠨ ᠠᠴᠠ ᠨᠠᠰᠢ᠂ ᠨᠢᠩᠴᠧᠩ ᠰᠢᠶᠠᠨ ︽ᠵᠣᠷᠯᠣᠩ ᠤᠨ ᠬᠤᠪᠢᠰᠬᠠᠯ︾ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠬᠦᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠ ᠭᠠᠷᠳᠠᠴᠠ ᠪᠣᠯᠭᠠᠵᠤ᠂ ᠲᠦᠯᠦᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠨ᠂ ᠲᠥᠷᠥᠯ ᠬᠤᠪᠢᠶᠠᠨ ᠵᠢᠯᠣᠭᠤᠳᠬᠤ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ  ᠪᠠᠶᠢᠷᠢᠯᠠᠭᠤᠯᠪᠠ᠃ ︽ᠵᠣᠷᠯᠣᠩ ᠤᠨ ᠬᠤᠪᠢᠰᠬᠠᠯ︾ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃    2020 ᠣᠨ ᠳᠤ᠂ ᠪᠥᠬᠦ ᠰᠢᠶᠠᠨ ᠤ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠬᠠᠷᠠᠯᠲᠠ ᠡᠭᠦᠷᠭᠡ 8855 ᠡᠷᠦᠬᠡ ᠪᠠᠶᠢᠵᠤ᠂ 15 ᠰᠢᠶᠠᠩ ᠪᠠᠯᠭᠠᠰᠤᠨ ᠤ 42 ᠵᠠᠰᠠᠭ ᠵᠠᠬᠢᠷᠭᠠᠨ ᠤ ᠲᠣᠰᠬᠤᠨ ᠳᠤ ᠲᠠᠷᠬᠠᠵᠤ ᠪᠠᠶᠢᠨ᠎ᠠ᠃ ᠣᠲᠣ ᠪᠣᠯᠲᠠᠯ᠎ᠠ᠂ 5242 ᠡᠷᠦᠬᠡ ᠠᠵᠢᠯ ᠡᠬᠢᠯᠡᠭᠦᠯᠵᠦ᠂ 3631 ᠡᠷᠦᠬᠡ ᠠᠵᠢᠯ ᠢᠶᠠᠨ ᠪᠡᠶᠡᠯᠡᠭᠦᠯᠵᠦ᠂ ᠵᠢᠱᠢᠯᠲᠡ ᠪᠠᠷ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠣᠷᠯᠣᠩ ᠢ ᠥᠭᠡᠷᠡᠴᠢᠯᠡᠬᠦ ᠰᠢᠨ᠎ᠡ ᠪᠠᠷ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号