ᠨᠢᠩᠴᠧᠩ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020/9/28
     ᠨᠢᠩᠴᠧᠩ ᠰᠢᠶᠠᠨ ᠤ ᠯᠣᠤᠬ᠎ᠠ ᠶᠢᠨ ᠭᠤᠣᠯ ᠵᠡᠭᠡᠯᠢ ᠶᠢᠨ ᠳᠤᠮᠳᠠ ᠬᠡᠰᠡᠭ ᠤᠨ 113 ᠨᠣᠮᠧᠷ    ᠬᠠᠷᠢᠯᠴᠠᠬᠤ ᠠᠷᠭ᠎ᠠ ᠮᠠᠶ᠋ᠢᠭ᠄ 0476-4222599  ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠤᠯᠠᠭᠠᠨᠬᠠᠳᠠ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠬᠦ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠣᠯᠤᠨ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ  ᠵᠤᠷᠢᠭᠤᠯᠬᠤ ᠤᠶᠤᠨ ᠰᠠᠨᠠᠭᠠᠨ ᠤ ᠬᠡᠪ ᠨᠠᠮᠪᠠ ᠪᠣᠯᠤᠨ ᠦᠷᠳᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃    ︵ᠬᠤᠶᠠᠷ︶ ᠴᠡᠷᠢᠭ ᠠᠩᠭᠢ ᠠᠴᠠ ᠰᠢᠯᠵᠢᠭᠰᠡᠨ ᠺᠠᠳ᠋ᠷ᠂ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ  ᠲᠦᠪᠬᠢᠨᠡᠭᠦᠯᠬᠦ ᠠᠵᠢᠯ ᠪᠠ ᠡᠵᠡᠨ ᠮᠡᠳᠡᠵᠦ ᠠᠵᠢᠯ ᠰᠣᠩᠭᠤᠬᠤ᠂ ᠡᠵᠡᠨ ᠮᠡᠳᠡᠵᠦ ᠠᠵᠢᠯ ᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠠᠩᠭᠢ ᠶᠢ ᠳᠠᠭᠠᠵᠤ ᠠᠵᠢᠯ ᠰᠢᠯᠵᠢᠬᠦ ᠭᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠬᠦ ᠬᠡᠷᠡᠭᠲᠡᠶ᠃    ︵ᠳᠥᠷᠪᠡ︶ ᠤᠯᠠᠭᠠᠨᠬᠠᠳᠠ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠨᠴᠣᠭᠤᠶ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃    ︵ᠲᠠᠪᠤ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠ ᠠᠴᠠ ᠬᠠᠯᠠᠭᠳᠠᠭᠰᠠᠳ ᠪᠠ  ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ  ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃    ︵ᠵᠢᠷᠭᠤᠭ᠎ᠠ︶ ᠰᠢᠷᠬᠠᠲᠤᠵᠤ ᠡᠪᠡᠳᠴᠢᠯᠡᠵᠦ ᠵᠡᠮᠳᠡᠭ ᠪᠣᠯᠵᠦ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮ ᠡᠮᠨᠡᠯᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ  ᠪᠠᠶᠢᠭᠤᠯᠤᠮᠵᠢ ᠶᠢᠨ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ  ᠪᠠᠶᠢᠭᠤᠯᠤᠨ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠢ ᠰᠢᠷᠬᠠᠲᠤᠵᠤ ᠡᠪᠡᠳᠴᠢᠯᠡᠵᠦ ᠵᠡᠮᠳᠡᠭ ᠪᠣᠯᠣᠬᠰᠠᠨ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠠᠩᠭᠠᠯᠭ᠎ᠠ ᠶᠢᠨ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠩᠵᠢᠭᠦᠯᠦᠨ᠎ᠡ᠃   ︵ᠳᠤᠯᠤᠭ᠎ᠠ︶ ᠪᠦᠬᠦ ᠰᠢᠶᠠᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠠᠯᠪᠠᠨ ᠴᠡᠷᠢᠭ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠠᠵᠢᠯᠲᠠᠨ ᠪᠣᠯᠤᠨ ᠴᠡᠷᠢᠭ ᠤᠨ ᠭᠡᠷ ᠪᠦᠯᠢ ᠶᠢᠨ ᠬᠢᠨ ᠤ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃    ︵ ᠨᠠᠢᠮᠠ︶ ᠴᠡᠷᠢᠭ ᠤᠨ ᠨᠡᠶᠢᠲᠡ ᠶᠢᠨ ᠣᠩᠭᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠪᠦᠬᠦ ᠤᠯᠤᠰ᠂ ᠪᠦᠬᠦ ᠣᠷᠣᠨ᠂ ᠪᠦᠬᠦ ᠬᠤᠲᠠ᠂ ᠪᠦᠬᠦ ᠰᠢᠶᠠᠨ ᠤ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠢ ᠶᠢᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠬᠢᠨᠠᠨ ᠬᠠᠷᠭᠤᠭᠤᠯᠵᠦ᠂ ᠴᠡᠷᠢᠭ ᠤᠨ ᠠᠯᠪᠠᠨ ᠠᠴᠠ  ᠬᠠᠯᠠᠬᠠᠳᠠᠬᠰᠠᠳ᠂ ᠴᠡᠷᠢᠭ ᠤᠨ ᠠᠯᠪᠠᠨ ᠠᠴᠠ ᠬᠠᠯᠠᠬᠠᠳᠠᠬᠰᠠᠳ ᠤᠨ ᠠᠵᠢᠯᠯᠠᠵᠤ ᠪᠠᠶᠢᠭ᠎ᠠ ᠨᠢᠭᠡᠴᠢ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ ᠤᠬᠠᠭᠤᠯᠪᠠ᠃    ︵ᠶᠢᠰᠦ︶ ᠪᠦᠬᠦ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ᠂ ᠴᠡᠷᠢᠭ ᠤᠨ ᠠᠯᠪᠠᠨ ᠠᠴᠠ ᠬᠠᠯᠠᠬᠠᠳᠠᠬᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠ︶ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃  ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠨᠢᠩᠴᠧᠩ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠶ ᠴᠡᠷᠢᠭ ᠤᠨ ᠠᠯᠪᠠᠨ ᠠᠴᠠ ᠬᠠᠯᠠᠬᠠᠳᠠᠬᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠤᠨ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠳᠤ ᠨᠡᠩ ᠰᠠᠶᠢᠲᠤᠷ ᠦᠢᠯᠡᠴᠢᠯᠡᠨ᠎ᠡ᠃ ᠴᠡᠷᠢᠭ᠂ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠢ ᠪᠦᠬᠦ ᠨᠡᠶᠢᠭᠡᠮ ᠤᠨ ᠬᠦᠨᠳᠦᠳᠬᠡᠭᠰᠡᠨ ᠠᠵᠢᠯ ᠮᠡᠷᠭᠡᠵᠢᠯ ᠪᠣᠯᠭᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠣᠯᠤᠨ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠤᠷᠢᠭᠤᠯᠬᠤ ᠣᠶᠤᠨ ᠰᠠᠨᠠᠭᠠᠨ ᠤ ᠬᠡᠪ ᠨᠠᠮᠪᠠ ᠪᠣᠯᠤᠨ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃ ᠴᠡᠷᠢᠭ ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠳᠬᠠᠬᠤ ᠶᠢᠨ ᠲᠥᠯᠥᠭᠡ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠠᠩ ᠰᠠᠶᠢᠲᠤᠷ ᠬᠢᠬᠦ ᠬᠡᠷᠡᠭᠲᠡᠶ᠃    ︵ᠠᠷᠪᠠᠨ ᠬᠤᠶᠠᠷ︶ ᠪᠠᠶᠢᠭᠤᠯᠤᠮᠵᠢ ᠶᠢᠨ ᠨᠠᠰᠤᠵᠢᠯ ᠤᠨ ᠭᠤᠤᠯᠳᠠᠯᠭ᠎ᠠ ᠲᠠᠢ ᠬᠠᠷᠠᠭᠠᠯᠵᠠᠬᠤ ᠡᠲᠡᠭᠡᠳ ᠲᠤ  ᠠᠰᠠᠷᠠᠮᠵᠢ ᠦᠵᠡᠭᠦᠯᠬᠦ ᠠᠵᠢᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠣᠯᠤᠨ ᠬᠠᠮᠢᠶᠠᠷᠤᠯᠲᠠ ᠶᠢ  ᠬᠠᠷᠢᠭᠤᠴᠠᠨ᠎ᠠ᠃    ︵ᠠᠷᠪᠠᠨ ᠭᠤᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ  ᠡᠬᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号