| | | ᠰᠤᠷᠪᠤᠯᠵᠢᠯᠠᠭ᠎ᠠ ᠬᠦᠯᠢᠶᠡᠭᠴᠢ᠄ ᠳᠡᠭᠡᠷ᠎ᠡ ᠬᠤᠷᠤᠭ᠎ᠠ ᠪᠠᠯᠭᠠᠰᠣᠨ ᠤ ᠦ᠋ ᠶᠣᠣ ᠬᠤᠸᠠ ᠱᠦᠵᠢ | ᠰᠤᠷᠪᠤᠯᠵᠢᠯᠠᠭᠰᠠᠨ ᠴᠠᠭ᠄ 2020 ᠣᠨ ᠤ 2 ᠳ᠋ᠤᠭᠠᠷ ᠰᠠᠷ᠎ᠠ ᠶᠢᠨ 27 ᠤ ᠡᠳᠦᠷ | ᠰᠤᠷᠪᠤᠯᠵᠢᠯᠠᠨ ᠶᠠᠷᠢᠯᠴᠠᠬᠤ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ | ᠰᠤᠷᠪᠤᠯᠵᠢᠯᠠᠭ᠎ᠠ ᠶᠢᠨ ᠲᠠᠰᠤᠭ | ᠬᠥᠲᠥᠯᠥᠭᠴᠢ᠄ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ | ᠪᠣᠯᠭᠠᠬᠰᠠᠨ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠪᠥᠬᠦ | ᠤᠯᠤᠰ ᠤᠨ ᠬᠡᠪᠴᠢᠶᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠡᠶᠢᠨ ᠤ ᠶᠡᠷᠦᠩᠬᠡᠶ | ᠪᠠᠶᠢᠯᠳᠤᠭᠠᠨ᠂ ᠬᠤᠷᠢᠭᠯᠠᠯᠲᠠ ᠶᠢᠨ ᠲᠠᠶᠢᠨ ᠢ ᠶᠠᠪᠤᠭᠤᠯᠪᠠ᠃ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢᠳᠡᠪᠬᠢᠲᠡᠢ ᠬᠤᠪᠢᠷᠠᠯᠲᠠ ᠭᠠᠷᠴᠠᠶ᠃ ᠥᠨᠥᠳᠦᠷ ᠪᠢᠳᠡ | ᠳᠡᠭᠡᠷ᠎ᠡ ᠬᠤᠷᠤᠭ᠎ᠠ ᠪᠠᠯᠭᠠᠰᠣᠨ ᠤ ᠨᠠᠮ ᠤᠨ ᠬᠤᠷᠢᠶᠠᠨ ᠤ ᠦ᠋ ᠶᠣᠣ ᠬᠤᠸᠠ ᠱᠦᠵᠢ ᠶᠢ ᠤᠷᠢᠵᠤ᠂ ᠲᠠ ᠪᠦᠬᠦᠨ ᠳᠤ | ᠳᠡᠭᠡᠷ᠎ᠡ ᠬᠤᠷᠤᠭ᠎ᠠ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠢ ᠠᠵᠢᠯ ᠤᠨ | ᠪᠠᠶᠢᠳᠠᠯ ᠢ ᠲᠠᠨᠢᠯᠴᠠᠭᠤᠯᠤᠶ᠎ᠠ᠃ ᠲᠠ ᠰᠠᠶᠢᠨ ᠦᠦ᠂ ᠦ᠋ ᠱᠦᠵᠢ ᠡ︕ | ᠦ᠋ ᠶᠣᠣ ᠬᠤᠸᠠ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠳᠤ ᠤᠷᠤᠯᠴᠠᠬᠰᠠᠨ ᠳᠠᠭᠠᠨ ᠮᠠᠰᠢ ᠪᠠᠶᠠᠷᠯᠠᠵᠤ᠂ ᠰᠦᠯᠵᠢᠶᠡᠨ ᠤ | ᠰᠤᠷᠪᠤᠯᠵᠢᠯᠠᠭ᠎ᠠ ᠶᠢᠨ ᠪᠤᠯᠤᠩ ᠠᠴᠠ ᠥᠷᠭᠡᠨ ᠣᠯᠠᠨ ᠰᠦᠯᠵᠢᠶᠡᠨ ᠠᠨᠳᠠ ᠨᠠᠷ ᠲᠠᠢ ᠰᠠᠨᠠᠯ ᠢᠶᠠᠨ ᠰᠤᠯᠢᠯᠴᠠᠬᠤ | ᠲᠣᠬᠢᠶᠠᠯ ᠬᠠᠩᠭᠠᠭᠰᠠᠨ ᠳᠤ ᠮᠠᠰᠢ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠶᠠᠭᠤᠨ ᠤ ᠡᠮᠦᠨ᠎ᠡ ᠳᠡᠭᠡᠷ᠎ᠡ ᠬᠤᠷᠤᠭ᠎ᠠ ᠪᠠᠯᠭᠠᠰᠤᠨ ᠤ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠶᠡᠷᠦᠩᠬᠡᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ | ︖ | ᠦ᠋ ᠶᠣᠣ ᠬᠤᠸᠠ᠄ ᠵᠠ᠂ ᠪᠢ ᠰᠦᠯᠵᠢᠶᠡᠨ ᠠᠨᠳᠠ ᠨᠠᠷ ᠲᠤ ᠮᠠᠨ ᠤ ᠳᠡᠭᠡᠷ᠎ᠡ ᠬᠤᠷᠤᠭ᠎ᠠ ᠪᠠᠯᠭᠠᠰᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠨᠳᠦᠰᠦᠨ ᠪᠠᠶᠢᠳᠠᠯ ᠢ ᠲᠠᠨᠢᠯᠴᠠᠭᠤᠯᠤᠶ᠎ᠠ᠃ ᠦᠬᠠᠨ ᠳᠤ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠰᠢ᠂ ᠮᠠᠨ ᠤ ᠪᠠᠯᠭᠠᠰᠦ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠠᠶᠢᠭᠤᠯᠵᠤ᠂ ᠡᠯ᠎ᠡ ᠱᠠᠲᠤᠨ ᠤ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠳᠡᠭᠡᠷ᠎ᠡ ᠬᠤᠷᠤᠭ᠎ᠠ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠪᠠ᠃ ᠴᠠᠭᠠᠨ ᠰᠠᠷ᠎ᠠ ᠶᠢᠨ | ᠠᠮᠠᠷᠠᠯᠲᠠ ᠶᠢᠨ ᠡᠳᠦᠷ ᠠᠴᠠ ᠡᠬᠢᠯᠡᠨ᠂ ᠪᠢᠳᠡ ᠤᠷᠢᠳ ᠬᠤᠵᠢᠳ ᠬᠤᠶᠠᠷ ᠭᠠᠷᠠᠭ ᠤᠨ ᠴᠠᠭ ᠢ ᠠᠰᠢᠭᠯᠠᠨ 2 | ᠤᠳᠠᠭ᠎ᠠ ᠡᠷᠦᠬᠡ ᠳᠤ ᠣᠷᠣᠵᠤ ᠳᠠᠷᠠᠭᠠᠯᠠᠨ ᠪᠠᠶᠢᠴᠠᠭᠠᠵᠤ᠂ ᠪᠥᠬᠦ ᠲᠠᠯ᠎ᠠ ᠪᠠᠷ ᠪᠠᠶᠢᠴᠠᠭᠠᠨ ᠵᠢᠬᠰᠠᠭᠠᠬᠤ ᠪᠠᠷ ᠳᠡᠮᠵᠢᠨ | ᠂ ᠪᠥᠬᠦ ᠪᠠᠯᠭᠠᠰᠤᠨ ᠳᠤ ᠨᠡᠶᠢᠲᠡ 8923 ᠡᠷᠦᠬᠡ 30015 ᠬᠥᠮᠦᠨ ᠪᠠᠶᠢᠬᠤ ᠶᠢ ᠲᠣᠭᠲᠠᠭᠠᠵᠤ᠂ 1 ᠰᠠᠷ᠎ᠠ ᠶᠢᠨ | 1 ᠤ ᠡᠳᠦᠷ ᠬᠤᠪᠧᠶ ᠠᠴᠠ ᠪᠤᠴᠠᠵᠤ ᠢᠷᠡᠭᠰᠡᠨ ᠪᠤᠶᠤ ᠬᠤᠪᠧᠶ ᠪᠠᠷ ᠦᠩᠭᠡᠷᠡᠭᠰᠡᠨ ᠬᠥᠮᠦᠨ ᠤ ᠲᠤᠭ᠎ᠠ 67 | ᠬᠥᠮᠦᠨ ᠪᠠᠶᠢᠵᠤ᠂ ᠨᠢᠭᠡᠨᠲᠡ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠮᠠᠨ ᠤ ᠪᠠᠯᠭᠠᠰᠤᠨ ᠤ | ᠣᠳᠣᠬᠠᠨ ᠤ ᠪᠠᠶᠢᠳᠠᠯ ᠶᠡᠷᠦᠩᠬᠡᠶ ᠳᠡᠭᠡᠨ ᠪᠠᠰᠠ ᠰᠠᠶᠢᠨ ᠪᠠᠶᠢᠨ᠎ᠠ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠣᠨᠣᠰᠢᠯᠠᠭᠰᠠᠨ ᠡᠪᠡᠳᠴᠢᠲᠡᠨ ᠤ ᠵᠢᠱᠢᠶ᠎ᠡ ᠪᠠᠶᠢᠬᠤ ᠥᠬᠡᠶ᠂ ᠵᠠᠯᠭᠠᠭᠠᠳ ᠪᠢᠳᠡ ᠪᠥᠬᠦ ᠪᠠᠯᠭᠠᠰᠤᠨ ᠤ ᠲᠣᠰᠬᠤᠨ ᠤ | ᠠᠷᠠᠳ ᠢ ᠦᠷᠭᠦᠯᠵᠢᠯᠡᠨ ᠨᠢᠭᠲᠠ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠢ ᠪᠠᠯᠭᠠᠰᠤᠨ ᠤ ᠭᠠᠳᠠᠨ᠎ᠠ | ᠬᠠᠰᠢᠬᠤ ᠶᠢ ᠦᠨᠡᠨ ᠬᠦ ᠪᠠᠲᠤᠯᠠᠨ᠎ᠠ᠃ | ᠬᠥᠲᠥᠯᠥᠭᠴᠢ ᠄ ᠦ᠋ ᠱᠦᠵᠢ᠂ ᠳᠡᠭᠡᠷ᠎ᠡ ᠬᠤᠷᠤᠭ᠎ᠠ ᠪᠠᠯᠭᠠᠰᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠡᠤ ᠶᠣᠣ ᠬᠤᠸᠠ᠄ ᠮᠠᠨ ᠤ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ︽ | ᠳᠥᠷᠪᠡ ᠶᠢ ᠪᠣᠳᠠᠲᠠᠶᠢᠵᠢᠭᠤᠯᠬᠤ︾ ᠶᠢ ᠭᠤᠤᠯᠳᠠᠯᠭ᠎ᠠ ᠲᠠᠢ ᠪᠡᠶᠡᠯᠡᠭᠦᠯᠪᠡ᠃ | ᠨᠢᠭᠡ ᠳᠤ ᠵᠢᠭᠰᠠᠭᠠᠨ ᠪᠠᠶᠢᠴᠠᠭᠠᠬᠤ ᠶᠢ ᠪᠤᠳᠠᠳᠠᠶᠢᠵᠢᠭᠤᠯᠪᠠ᠃ ᠪᠢᠳᠡ ᠪᠠᠯᠭᠠᠰᠤ ᠲᠣᠰᠬᠤᠨ ᠳᠤᠭᠤᠶᠢᠯᠠᠩ | ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠬᠡᠪ ᠵᠠᠭᠪᠤᠷ ᠶᠣᠰᠣᠭᠠᠷ᠂ ᠲᠤᠬᠠᠶᠢᠯᠠᠪᠠᠯ ᠲᠣᠰᠬᠤᠨ ᠤ | ᠤᠳᠤᠷᠢᠳᠤᠯᠭ᠎ᠠ ᠲᠣᠰᠬᠤᠨ ᠢ ᠳᠠᠭᠠᠭᠠᠴᠢᠯᠠᠨ᠂ ᠲᠣᠰᠬᠤᠨ ᠤ ᠺᠠᠳ᠋ᠷ ᠳᠤᠭᠤᠶᠢᠯᠠᠩ ᠢ ᠳᠠᠭᠠᠭᠠᠴᠢᠯᠠᠨ᠂ | ᠳᠤᠭᠤᠶᠢᠯᠠᠩ ᠤᠨ ᠳᠠᠷᠤᠭ᠎ᠠ ᠡᠷᠦᠬᠡ ᠶᠢ ᠳᠠᠭᠠᠭᠠᠴᠢᠯᠠᠨ᠂ ᠭᠠᠳᠠᠨ᠎ᠠ ᠠᠴᠠ ᠢᠷᠡᠭᠰᠡᠨ ᠬᠥᠮᠦᠰ ᠤᠨ ᠰᠢᠰᠲ᠋ᠧᠮ ᠢ | ᠣᠶᠢᠯᠭᠠᠨ ᠵᠢᠬᠰᠠᠭᠠᠨ᠂ ᠬᠠᠮᠢᠶᠠᠷᠤᠯᠲᠠ ᠶᠢᠨ ᠠᠵᠢᠯ ᠤᠨ ᠡᠬᠡ ᠳᠠᠩᠰᠠ ᠪᠠᠶᠢᠭᠤᠯᠵᠤ᠂ ᠬᠥᠳᠡᠯᠦᠩᠭᠦᠶ | ᠬᠠᠮᠢᠶᠠᠷᠤᠯᠲᠠ ᠶᠢ ᠬᠡᠷᠩᠵᠢᠭᠦᠯᠪᠡ᠃ ᠬᠤᠪᠧᠢ ᠠᠴᠠ ᠪᠤᠴᠠᠵᠤ ᠢᠷᠡᠭᠰᠡᠨ ᠪᠤᠶᠤ ᠬᠤᠪᠧᠢ ᠪᠠᠷ ᠦᠩᠭᠡᠷᠡᠭᠰᠡᠨ | ᠬᠥᠮᠦᠨ ᠤ ᠲᠤᠭ᠎ᠠ 67 ᠬᠥᠮᠦᠨ᠂ ᠪᠤᠰᠤᠳ ᠮᠤᠵᠢ ᠬᠤᠲᠠ 114 ᠬᠥᠮᠦᠨ ᠨᠤᠲᠤᠭ ᠲᠠᠭᠠᠨ ᠬᠠᠷᠢᠵᠠᠶ᠃ ᠪᠢᠳᠡ | ᠵᠢᠭᠰᠠᠭᠠᠨ ᠪᠠᠶᠢᠴᠠᠭᠠᠵᠤ ᠭᠠᠷᠭᠠᠭᠰᠠᠨ ᠬᠥᠮᠦᠰ ᠢ ᠲᠥᠪᠯᠡᠷᠡᠭᠦᠯᠦᠨ ᠲᠤᠰᠠᠭᠠᠷᠯᠠᠭᠰᠠᠨ ᠪᠠ ᠭᠡᠷ ᠲᠡᠭᠡᠨ ᠰᠠᠭᠤᠵᠦ | ᠲᠤᠰᠠᠭᠠᠷᠯᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠳᠠᠪᠤᠷᠢᠯᠠᠭᠰᠠᠨ ᠡᠪᠡᠳᠴᠢᠨ ᠤ ᠵᠢᠱᠢᠶ᠎ᠡ ᠭᠠᠷᠤᠭᠰᠠᠨ ᠥᠬᠡᠶ᠃ | | ᠬᠤᠶᠠᠷ ᠲᠤ ᠬᠠᠮᠢᠶᠠᠷᠤᠨ ᠡᠵᠡᠮᠳᠡᠬᠦ ᠶᠢ ᠪᠤᠳᠠᠳᠠᠶᠢᠵᠢᠭᠤᠯᠪᠠ᠃ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠨ | ᠨᠢᠭᠡᠪᠦᠷᠢ ᠳᠤ ᠨᠢᠭᠡ ᠲᠤᠰᠬᠠᠶ ᠠᠵᠢᠯᠲᠠᠨ ᠲᠣᠬᠢᠷᠠᠭᠤᠯᠵᠤ ᠬᠢᠨᠠᠨ ᠬᠠᠮᠢᠶᠠᠷᠤᠭᠤᠯᠵᠦ᠂ ᠡᠮᠴᠢ ᠰᠤᠪᠢᠯᠠᠭᠴᠢᠳ | ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠲᠤ ᠡᠳᠦᠷ ᠪᠦᠷᠢ ᠬᠤᠶᠠᠷ ᠤᠳᠠᠭ᠎ᠠ ᠪᠡᠶ᠎ᠡ ᠶᠢᠨ ᠳᠤᠯᠠᠭᠠᠨ ᠢᠶᠠᠨ | ᠬᠡᠮᠵᠢᠵᠦ᠂ ᠪᠡᠶ᠎ᠡ ᠶᠢᠨ ᠪᠠᠶᠢᠳᠠᠯ ᠢ ᠨᠢ ᠪᠠᠶᠢᠴᠠᠭᠠᠨ ᠬᠡᠮᠵᠢᠪᠡ᠃ ᠦᠢᠯᠡᠳᠪᠤᠷᠢᠯᠡᠯ ᠤᠨ ᠬᠡᠷᠡᠭᠴᠡᠭᠡ ᠠᠴᠠ ᠪᠣᠯᠵᠤ | ᠨᠤᠲᠤᠭ ᠲᠠᠭᠠᠨ ᠪᠤᠴᠠᠭᠰᠠᠨ ᠪᠠᠶᠢᠪᠠᠯ᠂ ᠬᠤᠪᠢ ᠬᠥᠮᠦᠨ ᠭᠤᠶᠤᠴᠢᠯᠠᠬᠤ᠂ ᠲᠣᠰᠬᠤᠨ ᠤ ᠱᠠᠲᠤᠨ ᠤ ᠬᠢᠨᠠᠨ | ᠪᠠᠶᠢᠴᠠᠭᠠᠬᠤ᠂ ᠪᠠᠯᠭᠠᠰᠤ ᠶᠢᠨ ᠵᠠᠰᠠᠭ ᠤᠨ ᠣᠷᠳᠣᠨ ᠤ ᠳᠠᠩᠰᠠ ᠡᠪᠬᠡᠮᠡᠯ ᠳᠤ ᠣᠷᠣᠭᠤᠯᠵᠤ ᠬᠢᠨᠠᠨ ᠪᠠᠶᠢᠴᠠᠭᠠᠬᠤ | ᠳᠦᠷᠢᠮ ᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠮᠢᠶᠠᠷᠤᠨ ᠡᠵᠡᠮᠳᠡᠬᠦ | ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠪᠠᠲᠤᠯᠠᠪᠠ᠃ | ᠭᠤᠷᠪᠠ ᠳᠤ᠂ ᠤᠬᠠᠭᠤᠯᠭ᠎ᠠ ᠶᠢ ᠪᠣᠳᠠᠲᠠᠶᠢᠵᠢᠭᠤᠯᠪᠠ᠃ ᠣᠯᠠᠨ ᠠᠷᠭ᠎ᠠ ᠬᠡᠮᠵᠢᠶ᠎ᠡ ᠠᠪᠴᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠪᠠᠯᠭᠠᠰᠤ᠂ ᠭᠠᠴᠠᠭᠠᠨ ᠤ | ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢᠳ ᠤᠯᠠᠨ ᠤᠳᠠᠭ᠎ᠠ ᠡᠷᠦᠬᠡ ᠳᠤ ᠣᠷᠣᠵᠤ ᠬᠢᠵᠢᠭ ᠰᠡᠷᠭᠡᠶᠢᠯᠡᠬᠦ | ᠮᠡᠳᠡᠯᠭᠡ ᠶᠢᠨ ᠤᠬᠠᠭᠤᠯᠭ᠎ᠠ ᠬᠢᠵᠦ᠂ ᠨᠡᠶᠢᠳᠡ 5 ᠲᠦᠮᠡ ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ | ᠳᠠᠷᠤᠮᠠᠯᠯᠠᠨ ᠲᠠᠷᠬᠠᠭᠠᠪᠠ᠃ ᠡᠭᠦᠳᠡ᠂ ᠢᠯᠡ ᠪᠠᠶᠢᠷᠢᠨ ᠳᠤ 500 ᠭᠠᠷᠤᠶ ᠵᠤᠷᠪᠤᠰ ᠤᠬᠠᠭᠤᠯᠭ᠎ᠠ ᠡᠯᠭᠦᠪᠡ᠃ ᠪᠥᠬᠦ | ᠪᠠᠯᠭᠠᠰᠤᠨ ᠤ ᠥᠷᠭᠡᠨ ᠣᠯᠠᠨ ᠲᠦᠮᠡᠨ ᠳᠤ ᠰᠠᠨᠠᠭᠠᠴᠢᠯᠠᠭ᠎ᠠ ᠭᠠᠷᠭᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ | ᠳᠥᠷᠪᠡ ᠳᠤ ᠪᠠᠲᠤᠯᠠᠭ᠎ᠠ ᠶᠢ ᠪᠤᠳᠠᠳᠠᠶᠢᠵᠢᠭᠤᠯᠪᠠ᠃ ᠨᠤᠲᠤᠭ ᠲᠠᠭᠠᠨ ᠪᠤᠴᠠᠵᠤ ᠲᠤᠰᠠᠭᠠᠷᠯᠠᠭᠰᠠᠨ ᠬᠥᠮᠦᠰ ᠤᠨ | ᠡᠮᠴᠢᠯᠡᠭᠡ ᠪᠠ ᠠᠮᠢᠳᠤᠷᠠᠯ ᠤᠨ ᠪᠠᠲᠤᠯᠠᠭ᠎ᠠ ᠶᠢ ᠪᠤᠳᠤᠯᠬᠢᠯᠠᠵᠦ᠂ ᠮᠠᠨ ᠤ ᠪᠠᠯᠭᠠᠰᠤᠨ ᠤ ᠵᠠᠰᠠᠭ ᠤᠨ ᠣᠷᠳᠣᠨ | ᠬᠠᠶᠢᠷ᠎ᠠ ᠬᠠᠯᠠᠮᠵᠢᠲᠤ ᠬᠥᠮᠦᠰ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠠᠨᠳᠢᠪᠯᠠᠭᠰᠠᠨ ᠠᠷᠢᠭᠤᠳᠬᠠᠬᠤ | ᠰᠢᠩᠭᠡᠨ ᠪᠠ ᠢᠳᠡᠰᠢᠨ ᠨᠣᠭᠤᠭ᠎ᠠ ᠶᠢ ᠡᠯ᠎ᠡ ᠭᠤᠤᠯᠳᠠᠯᠭ᠎ᠠ ᠲᠠᠢ ᠬᠢᠨᠠᠨ ᠡᠵᠡᠮᠳᠡᠬᠦ ᠡᠷᠦᠬᠡ ᠳᠤ ᠲᠦᠭᠡᠭᠡᠵᠦ᠂ | ᠭᠤᠤᠯᠳᠠᠯᠭ᠎ᠠ ᠲᠠᠢ ᠪᠠᠶᠢᠴᠠᠭᠠᠨ ᠰᠢᠯᠭᠠᠬᠤ ᠡᠷᠦᠬᠡ ᠶᠢᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠪᠠ᠃ | ᠬᠥᠲᠥᠯᠥᠭᠴᠢ᠄ ᠦ᠋ ᠱᠦᠵᠢ᠂ ᠬᠠᠮᠤᠭ ᠤᠨ ᠦᠨᠳᠦᠰᠦᠨ ᠱᠠᠲᠤᠨ ᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠢ ᠬᠡᠷᠬᠢᠨ ᠰᠠᠶᠢᠲᠤᠷ | ᠬᠢᠭᠰᠡᠨ ᠪᠣᠶ︖ | ᠡᠤ ᠶᠣᠣ ᠬᠤᠸᠠ᠄ ᠬᠢᠵᠢᠭ ᠡᠭᠦᠰᠦᠭᠰᠡᠨ ᠤ ᠳᠠᠷᠠᠭ᠎ᠠ᠂ ᠪᠢᠳᠡ ᠨᠡᠶᠢᠭᠡᠮ ᠤᠨ ᠬᠦᠴᠦᠨ ᠢ ᠵᠣᠬᠢᠶᠠᠨ | ᠪᠠᠶᠢᠭᠤᠯᠵᠤ ᠳᠠᠶᠢᠴᠢᠯᠠᠬᠤ ᠪᠠᠨ ᠴᠢᠩᠭᠠᠳᠬᠠᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠳᠤ | ᠰᠠᠨᠠᠭᠠᠴᠢᠯᠠᠭ᠎ᠠ ᠶᠢᠨ ᠪᠢᠴᠢᠭ ᠲᠠᠷᠬᠠᠭᠠᠪᠠ᠃ ᠪᠦᠬᠦ ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ ᠤᠯᠠᠨ | ᠲᠦᠮᠡᠨ ᠤᠷᠢᠶᠠᠯᠠᠭ᠎ᠠ ᠶᠢ ᠢᠳᠡᠪᠬᠢᠲᠡᠢ ᠳᠠᠭᠠᠵᠦ᠂ ᠣᠳᠣᠬᠠᠨ ᠪᠣᠯᠲᠠᠯ᠎ᠠ᠂ 2400 ᠭᠠᠷᠤᠢ ᠨᠠᠮ ᠤᠨ ᠭᠡᠰᠢᠭᠦᠨ | ᠤᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠪᠠ᠃ ᠬᠠᠮᠲᠤᠷᠠᠨ | ᠰᠡᠷᠭᠡᠶᠢᠯᠡᠵᠦ ᠬᠠᠮᠲᠤᠷᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠮᠠᠨ ᠤ ᠪᠠᠯᠭᠠᠰᠤ ᠭᠤᠤᠯᠳᠠᠭᠤ ᠳᠣᠤᠷᠠᠬᠢ ᠮᠡᠲᠦ ᠠᠷᠭ᠎ᠠ | ᠬᠡᠮᠵᠢᠶ᠎ᠡ ᠠᠪᠴᠤ ᠪᠣᠶ᠄ | ᠨᠢᠭᠡ ᠳᠤ ︽ᠲᠣᠰᠬᠤᠨ ᠤ ᠠᠮᠠ︾ ᠭᠡᠬᠦ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠪᠡ᠃ ᠮᠠᠨ ᠤ | ᠪᠠᠯᠭᠠᠰᠤ ᠮᠠᠰᠢ ᠲᠦᠷᠭᠡᠨ ᠢᠶᠠᠷ ᠲᠠᠶᠢᠨ ᠤ ᠦᠶ᠎ᠡ ᠶᠢᠨ ᠪᠠᠶᠢᠳᠠᠯ ᠳᠤ ᠣᠷᠣᠵᠤ᠂ ᠪᠠᠯᠭᠠᠰᠤ᠂ ᠲᠣᠰᠬᠤᠨ ᠤ ᠺᠠᠳ᠋ᠷ᠂ | ᠡᠮᠡᠭᠲᠡᠶ ᠰᠠᠶᠢᠨ ᠳᠤᠷ᠎ᠠ ᠶᠢᠨ ᠠᠵᠢᠯᠯᠠᠭᠴᠢ᠂ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠪᠠ ᠨᠠᠮ ᠤᠨ ᠬᠡᠰᠢᠭᠦᠨ | ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠡᠯ᠎ᠡ ᠲᠣᠰᠬᠤᠨ ᠳᠤ ᠵᠢᠵᠢᠭᠦᠷᠯᠡᠨ ᠠᠵᠢᠯ ᠤᠨ ᠪᠠᠶᠢᠷᠢ | ᠡᠭᠡᠯᠵᠢᠯᠡᠭᠦᠯᠵᠦ᠂ 24 ᠴᠠᠭ ᠤᠨ ᠵᠢᠵᠢᠭᠦᠷᠯᠡᠬᠦ ᠲᠦᠷᠢᠮ ᠢ ᠵᠢᠷᠤᠮᠯᠠᠨ ᠰᠠᠬᠢᠵᠤ᠂ ᠭᠠᠳᠠᠭᠰᠢ ᠭᠠᠷᠤᠬᠰᠠᠨ ᠪᠠ | ᠪᠤᠴᠠᠵᠤ ᠢᠷᠡᠭᠰᠡᠨ ᠬᠥᠮᠦᠰ ᠢ ᠬᠥᠮᠦᠨ ᠲᠡᠷᠭᠡᠨ ᠤ ᠲᠠᠩᠰᠠᠯᠠᠯᠳᠠ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ | ᠪᠠ ᠲᠤᠰ ᠪᠠᠯᠭᠠᠰᠤᠨ ᠤ ᠪᠤᠰᠤ ᠰᠠᠭᠤᠭᠠᠯᠢ ᠢᠷᠭᠡᠨ ᠢ ᠢᠳᠬᠠᠨ ᠪᠤᠴᠠᠭᠠᠬᠤ ᠠᠵᠢᠯ ᠢ ᠬᠢᠪᠡ᠃ | ᠬᠤᠶᠠᠷ ᠲᠤ ᠨᠠᠷᠢᠯᠢᠭ ᠬᠠᠮᠢᠶᠠᠷᠤᠯᠲᠠ ᠶᠢ ᠶᠠᠪᠤᠭᠤᠯᠪᠠ᠃ ᠮᠠᠨ ᠤ ᠪᠠᠯᠭᠠᠰᠤ ᠬᠥᠮᠦᠨ ᠣᠯᠠᠨ ᠴᠤᠭᠯᠠᠷᠠᠬᠤ | ᠲᠠᠯᠠᠪᠤᠷ ᠤᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠪᠠᠯᠭᠠᠰᠣᠨ ᠤ ᠵᠠᠰᠠᠭ ᠤᠨ ᠣᠷᠳᠣᠨ ︽ | ᠶᠡᠷᠦᠩᠬᠡᠶᠢᠯᠡᠭᠰᠡᠨ ᠬᠠᠤᠯᠢ ᠬᠡᠷᠩᠵᠢᠭᠦᠯᠬᠦ ᠶᠡᠭᠡ ᠠᠩᠭᠢ︾ ᠶᠢ ᠪᠦᠷᠢᠯᠳᠦᠭᠦᠯᠵᠦ ᠵᠡᠭᠡᠯᠢ ᠭᠤᠳᠤᠮᠵᠢ ᠪᠠᠷ ᠬᠦᠷᠴᠦ᠂ | ᠲᠣᠰᠬᠤᠨ ᠤ ᠠᠷᠠᠳ ᠢ ᠢᠳᠬᠠᠵᠤ ᠭᠡᠷ ᠲᠤ ᠨᠢ ᠬᠠᠷᠢᠭᠤᠯᠵᠦ ᠡᠷᠦᠬᠡ ᠳᠠᠷᠠᠭᠠᠯᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠰᠢᠨ᠎ᠡ ᠮᠡᠳᠡᠯᠭᠡ᠂ ᠰᠢᠨ᠎ᠡ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃ ᠪᠦᠬᠦ | ᠪᠠᠯᠭᠠᠰᠤᠨ ᠤ ᠰᠠᠶᠢᠨ ᠳᠤᠷ᠎ᠠ ᠶᠢᠨ ᠠᠵᠢᠯᠯᠠᠭᠴᠢ ᠨᠠᠰᠤᠲᠠᠨ ᠢ ᠠᠰᠠᠷᠠᠬᠤ ᠬᠦᠷᠢᠶᠡᠯᠡᠩ᠂ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ᠂ ᠲᠥᠪᠡᠳ ᠬᠠᠰᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠶᠢ ᠲᠤᠬᠳᠠᠮᠠᠯ | ᠬᠤᠭᠤᠴᠠᠭ᠎ᠠ ᠲᠠᠢ ᠪᠠᠷ ᠠᠷᠢᠭᠤᠳᠬᠠᠪᠠ᠃ ᠲᠣᠰᠬᠤᠨ ᠤ ᠺᠠᠳ᠋ᠷ᠂ ᠨᠠᠮ ᠤᠨ ᠭᠡᠰᠢᠭᠦᠨ ᠲᠦᠷᠦᠭᠦᠯᠡᠨ ᠡᠷᠦᠬᠡ ᠳᠤ | ᠣᠷᠣᠵᠤ ᠵᠥᠪ ᠲᠠᠯ᠎ᠠ ᠶᠢᠨ ᠤᠬᠠᠭᠤᠯᠭ᠎ᠠ ᠬᠢᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠯᠪᠢᠬᠤ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠬᠤ ᠶᠢ | ᠤᠬᠠᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠴᠢᠩᠭ᠎ᠠ ᠨᠢᠮᠪᠠᠶ ᠰᠦᠯᠵᠢᠵᠦ᠂ | ᠬᠢᠵᠢᠭ ᠤᠨ ᠪᠠᠶᠢᠳᠠᠯ ᠬᠥᠳᠡᠭᠡ ᠲᠣᠰᠬᠤᠨ ᠳᠤ ᠥᠷᠭᠡᠵᠢᠨ ᠳᠡᠯᠭᠡᠷᠡᠬᠦ ᠶᠢ ᠡᠷᠡᠰ ᠰᠡᠷᠭᠡᠶᠢᠯᠡᠪᠡ᠃ | ᠭᠤᠷᠪᠠ ᠳᠤ ᠣᠯᠠᠨ ᠲᠦᠮᠡᠨ ᠤ ᠬᠦᠴᠦᠨ ᠢ ᠭᠦᠢᠴᠡᠳ ᠨᠢᠬᠳᠠᠷᠠᠭᠤᠯᠪᠠ᠃ ᠸᠢᠴᠠᠲ᠂ ᠷᠠᠳᠢᠣ᠋ ᠨᠡᠪᠲᠡᠷᠡᠭᠦᠯᠭᠡ | ᠵᠡᠷᠭᠡ ᠠᠴᠢᠶᠠᠯᠠᠪᠤᠷᠢ ᠶᠢ ᠬᠡᠷᠡᠭᠯᠡᠨ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ | ᠨᠡᠶᠢᠲᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠳᠡᠯᠦᠯ ᠪᠠᠶᠢᠳᠠᠯ ᠢ ᠴᠠᠭ ᠲᠤᠬᠠᠶ ᠳᠤᠨᠢ | ᠣᠨᠣᠪᠴᠢᠲᠠᠶ ᠨᠡᠶᠢᠲᠡᠯᠡᠵᠦ᠂ ᠠᠯᠪᠠᠨ ᠵᠠᠷ ᠨᠠᠭᠠᠵᠤ᠂ ᠪᠢᠴᠢᠭᠡᠰᠦ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠣᠯᠠᠨ ᠲᠦᠮᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠵᠢᠯᠣᠭᠤᠳᠬᠤ ᠭᠠᠵᠠᠷ ᠤᠨ ᠡᠯ᠎ᠡ | ᠵᠤᠶᠢᠯ ᠤᠨ ᠵᠠᠷᠯᠢᠭ ᠵᠢᠭᠠᠪᠤᠷᠢ ᠶᠢ ᠤᠬᠠᠭᠤᠯᠵᠤ᠂ ᠪᠥᠬᠦ ᠪᠠᠯᠭᠠᠰᠤᠨ ᠤ ᠣᠯᠠᠨ ᠲᠦᠮᠡᠨ ᠢ ᠳᠠᠶᠢᠴᠢᠯᠠᠨ ᠡᠨᠡ | ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ ᠳᠤ ᠢᠳᠡᠪᠬᠢᠲᠡᠶ ᠤᠷᠤᠯᠴᠠᠭᠤᠯᠪᠠ᠃ | | ᠮᠠᠨ ᠤ ᠪᠠᠯᠭᠠᠰᠤᠨ ᠤ ᠯᠢᠶᠠᠩ ᠳ᠋ᠦᠩ ᠲᠣᠰᠬᠤᠨ ᠤ ᠨᠠᠮ ᠳᠤ ᠤᠷᠤᠭᠰᠠᠨ ᠢᠳᠡᠪᠬᠢᠲᠡᠨ ᠯᠢᠦ ᠳ᠋ᠦᠩ ᠶᠠᠩ | 2020 ᠣᠨ ᠤ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ ᠬᠤᠷᠢᠮ ᠤᠨ ᠶᠣᠰᠣᠯᠠᠯ ᠶᠠᠪᠤᠭᠤᠯᠬᠤ ᠪᠠᠷ ᠲᠣᠭᠲᠠᠵᠤ᠂ | ᠲᠥᠷᠥᠯ ᠰᠠᠳᠤᠨ ᠨᠠᠶᠢᠵᠠ ᠨᠥᠬᠦᠳ ᠲᠡᠭᠡᠨ ᠤᠷᠢᠯᠭ᠎ᠠ ᠶᠠᠪᠤᠭᠤᠯᠵᠠᠶ᠃ ᠭᠡᠪᠡᠴᠦ ᠲᠡᠷᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠪᠣᠳᠣᠯᠬᠢᠯᠠᠵᠤ᠂ ᠬᠤᠷᠢᠮ ᠤᠨ ᠶᠣᠰᠣᠯᠠᠯ ᠢᠶᠠᠨ ᠬᠤᠶᠢᠰᠢᠯᠠᠭᠤᠯᠤᠭᠠᠳ | ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠰᠠᠶ᠋ᠢ ᠶᠠᠪᠤᠭᠳᠠᠭᠤᠯᠤᠨ᠎ᠠ ᠭᠡᠵᠦ ᠰᠠᠨᠠᠭᠠᠴᠢᠯᠠᠭ᠎ᠠ ᠠᠴᠠ ᠪᠠᠨ | ᠢᠯᠡᠷᠬᠡᠶᠢᠯᠡᠪᠡ᠃ ᠲᠡᠭᠦᠨ ᠤ ᠳᠠᠭᠠᠭᠤᠯᠭ᠎ᠠ ᠳᠣᠣᠷ᠎ᠠ᠂ ᠳ᠋ᠠ ᠯᠢᠶᠠᠩ ᠳ᠋ᠦᠩ ᠲᠣᠰᠬᠤᠨ ᠤ ᠪᠠᠰᠠ ᠭᠤᠷᠪᠠᠨ | ᠡᠷᠦᠬᠡ ᠶᠢᠨ ᠬᠤᠷᠢᠮ ᠤᠨ ᠶᠤᠰᠤᠯᠠᠯ ᠤᠨ ᠡᠳᠤᠷ ᠢᠶᠠᠨ ᠬᠤᠶᠢᠰᠢᠯᠠᠭᠤᠯᠪᠠ᠃ | ᠬᠥᠲᠥᠯᠥᠭᠴᠢ᠄ ᠦ᠋ ᠱᠦᠵᠢ ᠰᠠᠶ᠋ᠢᠬᠠᠨ ᠪᠢᠳᠡᠨ ᠳᠤ ᠳᠡᠭᠡᠷ᠎ᠡ ᠬᠤᠷᠤᠭ᠎ᠠ ᠪᠠᠯᠭᠠᠰᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠪᠢᠳᠡ ᠳᠡᠭᠡᠷ᠎ᠡ ᠬᠤᠷᠤᠭ᠎ᠠ | ᠪᠠᠯᠭᠠᠰᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠣᠶᠢᠯᠠᠭᠠᠪᠠ᠂ ᠦ᠋ ᠱᠦᠵᠢ | ᠠᠳᠡ ᠰᠠᠭᠠᠲᠠᠵᠦ ᠣᠯᠠᠨ ᠲᠠᠢ ᠰᠠᠨᠠᠯ ᠢᠶᠠᠨ ᠰᠣᠯᠢᠯᠴᠠᠭᠰᠠᠨ ᠳᠤ ᠲᠠᠯᠠᠷᠬᠠᠵᠤ ᠪᠠᠶᠢᠨ᠎ᠠ᠃ ᠦ᠋ ᠱᠦᠵᠢ ᠳᠤ | ᠲᠠᠯᠠᠷᠬᠠᠯ᠎ᠠ᠃ ᠰᠦᠯᠵᠢᠶᠡᠨ ᠠᠨᠳᠠ ᠨᠠᠷ ᠡ᠂ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ | | | | ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ |