| | | ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠨᠢᠩᠴᠧᠩ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠤᠯᠠᠨ | ᠠᠷᠭ᠎ᠠ ᠭᠡᠮᠵᠢᠶ᠎ᠡ ᠠᠪᠴᠤ ᠪᠠᠶᠢᠭᠠᠳ ᠬᠥᠳᠡᠯᠮᠦᠷᠢ ᠬᠦᠴᠦᠨ ᠣᠨᠴᠠᠭᠠᠶᠢᠯᠠᠨ ᠶᠠᠳᠠᠭᠤ ᠬᠦᠴᠢᠷᠳᠡᠢ ᠬᠥᠳᠡᠯᠮᠦᠷᠢ | ᠬᠦᠴᠦᠨ ᠳᠤ ᠠᠵᠢᠯ ᠤᠯᠭᠤᠬᠤ ᠶᠢ ᠬᠥᠴᠦᠯᠡᠨ ᠳᠡᠮᠵᠢᠵᠤ ᠪᠤᠢ᠃ | ᠵᠠᠩ ᠴᠢᠩ ᠬᠠᠢ ᠪᠤᠯ ᠨᠢᠩᠴᠧᠩ ᠰᠢᠶᠠᠨ ᠤ ᠤᠰᠤᠲᠠᠶ ᠬᠤᠳᠤᠭᠤᠷ ᠲᠣᠰᠬᠤᠨ ᠤ ᠠᠷᠪᠠᠳᠤᠭᠠᠷ | ᠳᠤᠭᠤᠶᠢᠯᠠᠩ ᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠠᠢ ᠡᠷᠦᠬᠡ ᠶᠤᠮ᠂ ᠳᠡᠷᠡ ᠨᠠᠰᠤᠨ ᠰᠡᠭᠦᠳᠡᠷ 83 | ᠬᠥᠷᠦᠭᠰᠡᠨ ᠡᠵᠢ ᠲᠠᠢ ᠪᠠᠨ ᠬᠠᠮᠳᠤ ᠠᠮᠢᠳᠤᠷᠠᠳᠠᠭ᠃ ᠡᠵᠢ ᠨᠢ ᠠᠮᠢᠳᠤᠷᠠᠯ ᠤᠨ ᠲᠤᠤᠷ᠎ᠠ ᠪᠠᠲᠤᠯᠠᠭ᠎ᠠ᠂ ᠨᠠᠰᠤᠵᠢᠯ ᠤᠨ | ᠨᠥᠬᠦᠪᠥᠷᠢ ᠪᠠ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠬᠦᠷᠲᠡᠵᠦ᠂ ᠵᠠᠩ ᠴᠢᠩ ᠬᠠᠢ ᠪᠡᠭᠡᠵᠢᠩ ᠳᠤ | ᠬᠥᠯᠥᠰᠥᠨ ᠠᠵᠢᠯ ᠬᠢᠳᠡᠭ ᠠᠴᠠ ᠨᠢᠳᠤᠨᠤᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ | ᠪᠠᠷᠢᠮᠵᠢᠶᠠᠨ ᠳᠤ ᠬᠦᠷᠴᠦ᠂ ᠶᠠᠳᠠᠭᠤ ᠠᠴᠠ ᠠᠩᠭᠢᠵᠢᠷᠠᠭᠰᠠᠨ ᠪᠠᠶᠢᠨ᠎ᠠ᠃ ᠡᠨᠡ ᠵᠢᠯ ᠭᠡᠨᠡᠳᠲᠡ ᠡᠭᠦᠰᠦᠭᠰᠡᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠨᠢ ᠵᠠᠩ ᠴᠢᠩ ᠬᠠᠢ ᠶᠢ ᠪᠡᠭᠡᠵᠢᠩ ᠳᠤ ᠤᠴᠢᠨ ᠬᠥᠯᠦᠰᠦᠨ ᠠᠵᠢᠯ ᠬᠢᠬᠦ | ᠪᠤᠯᠤᠮᠵᠢ ᠥᠭᠡᠢ ᠪᠣᠯᠭᠠᠵᠤ᠂ ᠰᠠᠶ᠋ᠢᠬᠠᠨ ᠶᠠᠳᠠᠭᠤ ᠠᠴᠠ ᠠᠩᠭᠢᠵᠢᠷᠠᠭᠰᠠᠨ ᠲᠡᠷᠡ ᠶᠠᠳᠠᠭᠤᠯᠢᠭ ᠪᠠᠶᠢᠳᠠᠯ ᠳᠤ ᠳᠠᠬᠢᠨᠲᠠ | ᠤᠷᠤᠭᠰᠠᠨ ᠪᠠᠶᠢᠨ᠎ᠠ᠃ | ᠵᠠᠩ ᠴᠢᠩ ᠬᠠᠢ᠄ ︽ᠲᠣᠰᠬᠤᠨ ᠤ ᠬᠥᠳᠡᠯᠮᠦᠷᠢ ᠬᠦᠴᠦᠨ ᠳᠤ ᠠᠵᠢᠯ ᠣᠯᠭᠤᠬᠤ ᠦᠶ᠋ᠯᠡᠴᠢᠯᠡᠭᠡᠨ ᠤ | ᠬᠤᠯᠪᠤᠭᠠᠨ ᠳᠡᠭᠡᠷ᠎ᠡ ᠠᠴᠠ ᠰᠢᠶᠠᠨ ᠤ ᠠᠵᠢᠯ ᠣᠯᠭᠤᠬᠤ ᠦᠶ᠋ᠯᠡᠴᠢᠯᠡᠭᠡᠨ ᠤ ᠲᠣᠪᠴᠢᠶᠠᠨ ᠠᠴᠠ ᠲᠡᠷᠭᠡ | ᠳᠠᠭᠠᠭᠠᠴᠢᠯᠠᠵᠤ ᠪᠡᠭᠡᠵᠢᠩ ᠳᠤ ᠬᠥᠯᠦᠰᠦᠨ ᠠᠵᠢᠯ ᠬᠢᠵᠤ ᠪᠠᠶᠢᠭ᠎ᠠ ᠠᠵᠢᠯᠴᠢᠳ ᠢ ᠰᠦᠶ᠋ᠳᠬᠡᠯ ᠦᠭᠡᠢ ᠪᠠᠷ ᠬᠥᠷᠭᠡᠨ | ᠥᠭᠭᠦᠨ᠎ᠡ ᠭᠡᠰᠡᠨ ᠴᠢᠮᠡᠭᠡ ᠶᠢ ᠤᠯᠵᠤ ᠬᠠᠷᠠᠭᠠᠳ᠂ ᠳᠠᠷᠤᠶ ᠳᠤ ᠨᠢ ᠨᠡᠷ᠎ᠡ ᠪᠠᠨ ᠮᠡᠳᠡᠭᠦᠯᠪᠡ︾ ᠭᠡᠵᠤ ᠬᠡᠯᠡᠪᠡ᠃ | ᠪᠡᠭᠡᠵᠢᠩ ᠳᠤ ᠪᠤᠴᠠᠭᠰᠠᠨ ᠬᠥᠮᠦᠰ ᠡᠷᠬᠡᠪᠰᠢ 7 ᠡᠳᠦᠷ ᠤᠨ ᠲᠤᠳᠤᠷᠠᠬᠢ ᠪᠥᠭᠡᠮ ᠬᠥᠴᠢᠯ ᠤᠨ ᠪᠠᠶᠢᠴᠠᠭᠠᠯᠲᠠ | ᠬᠢᠯᠭᠡᠵᠤ ᠡᠷᠬᠡᠪᠰᠢ ᠪᠢᠯᠢᠭ ᠴᠢᠨᠠᠷ ᠲᠠᠢ ᠭᠡᠰᠡᠨ ᠢ ᠪᠠᠳᠤᠯᠠᠬᠤ ᠬᠡᠷᠡᠭᠳᠠᠢ ᠭᠡᠰᠡᠨ ᠴᠢᠮᠡᠭᠡ ᠨᠢ ᠵᠠᠩ ᠴᠢᠩ ᠬᠠᠢ ᠶᠢ | ᠶᠡᠬᠡᠳᠡ ᠪᠤᠬᠢᠨᠢᠳᠤᠭᠤᠯᠤᠭᠰᠠᠨ ᠪᠠᠶᠢᠨ᠎ᠠ᠃ ᠭᠠᠷ ᠢᠶᠠᠨ ᠨᠤᠬᠤᠯᠠᠨ ᠭᠠᠴᠢᠭᠳᠠᠵᠤ ᠪᠠᠶᠢᠳᠠᠯ᠎ᠠ ᠨᠢᠩᠴᠧᠩ ᠰᠢᠶᠠᠨ ᠤ | ᠬᠢᠵᠢᠭ ᠢ ᠰᠡᠷᠭᠡᠶᠢᠯᠡᠨ ᠡᠵᠡᠮᠳᠡᠬᠦ ᠲᠥᠪ ᠠᠴᠠ ᠳᠠᠷᠤᠢ ᠰᠢᠭᠤᠳ ᠰᠢᠯᠤᠭᠤᠨ ᠢᠶᠠᠷ ᠪᠥᠭᠡᠮ ᠬᠦᠴᠢᠯ ᠢ ᠪᠠᠶᠢᠴᠠᠭᠠᠭᠰᠠᠨ | ᠭᠡᠷᠡᠴᠢ ᠳᠡᠮᠳᠡᠭ ᠬᠢᠵᠤ ᠥᠭᠭᠦᠭᠰᠡᠨ ᠪᠠᠶᠢᠨ᠎ᠠ᠃ | ᠶᠠᠳᠠᠭᠤ ᠬᠦᠴᠢᠷᠳᠡᠢ ᠡᠷᠦᠬᠡ ᠶᠢᠨ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠢᠶᠠᠨ ᠰᠡᠷᠭᠦᠭᠡᠬᠦ ᠳᠤ | ᠬᠦᠴᠦᠨ ᠨᠡᠮᠡᠷᠢᠯᠡᠨ᠂ ᠶᠠᠳᠠᠭᠤ ᠬᠦᠴᠢᠷᠳᠡᠢ ᠬᠥᠳᠡᠯᠮᠦᠷᠢ ᠬᠦᠴᠦᠨ ᠢ ᠬᠠᠪᠰᠤᠷᠤᠨ ᠠᠵᠢᠯ ᠣᠯᠭᠤᠬᠤ ᠶᠢᠨ ᠲᠥᠯᠦᠭᠡ | ᠨᠢᠩᠴᠧᠩ ᠰᠢᠶᠠᠨ ᠣᠯᠠᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠬᠡᠷᠡᠭᠵᠢᠭᠦᠯᠵᠤ᠂ ︽ᠡᠴᠦᠰ ᠲᠤ ᠨᠢ | ᠲᠤᠯᠲᠠᠯ᠎ᠠ ᠬᠢᠬᠦ︾ ᠬᠡᠯᠪᠡᠷᠢ ᠶᠢᠨ ᠦᠢᠯᠡᠴᠢᠯᠡᠭᠡ ᠬᠠᠨᠭ᠍ᠭᠠᠵᠤ᠂ ᠶᠠᠳᠠᠭᠤ ᠬᠦᠴᠢᠷᠳᠡᠢ ᠡᠷᠦᠬᠡ ᠶᠢ ᠳᠡᠮᠵᠢᠨ ᠳᠡᠳᠬᠦᠵᠤ | ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ᠃ ᠰᠥᠯᠵᠢᠶᠡᠨ ᠳᠡᠭᠡᠷᠡᠬᠢ ᠠᠵᠢᠯᠳᠠᠨ ᠠᠵᠢᠯᠴᠢᠨ ᠡᠯᠰᠡᠬᠦ ᠠᠵᠢᠯ | ᠪᠥᠬᠦᠯᠢ ᠡᠳᠦᠷ ᠢᠶᠠᠷ ᠶᠠᠪᠤᠭᠳᠠᠪᠠ᠃ ︽ᠠᠵᠢᠯ ᠣᠯᠭᠤᠬᠤ ᠦᠢᠯᠡᠴᠢᠯᠡᠭᠡ ᠵᠤᠭᠰᠤᠬᠤ ᠥᠭᠡᠢ᠂ ᠰᠦᠯᠵᠢᠶᠡᠨ | ᠳᠡᠭᠡᠷ᠎ᠡ ᠠᠵᠢᠯᠲᠠᠨ ᠡᠯᠰᠡᠬᠦ ᠶᠢ ᠳᠠᠰᠤᠯᠳᠠᠭᠤᠯᠬᠤ ᠦᠭᠡᠢ︾ ᠬᠡᠪ ᠵᠠᠭᠪᠤᠷ ᠢ ᠭᠠᠷᠭᠠᠵᠤ᠂ ︽ᠤᠷᠢᠬᠠᠨ ᠰᠠᠯᠬᠢ | ᠠᠵᠢᠯᠯᠠᠭ᠎ᠠ︾ ᠵᠡᠷᠭᠡ ᠰᠦᠯᠵᠢᠶᠡᠨ ᠳᠡᠭᠡᠷ᠎ᠡ ᠠᠵᠢᠯᠲᠠᠨ ᠠᠵᠢᠯᠴᠢᠨ ᠡᠯᠰᠡᠬᠦ ᠠᠵᠢᠯᠯᠠᠭᠠᠨ ᠢ ᠥᠷᠨᠢᠭᠦᠯᠬᠦ ᠶᠢᠨ | ᠬᠠᠮᠳᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡᠨ ᠤ ᠠᠵᠢᠯ ᠣᠯᠭᠤᠯᠲᠠ ᠶᠢᠨ ᠴᠣᠩᠬᠤ᠂ ︽ᠨᠢᠩᠴᠧᠩ | ᠰᠢᠶᠠᠨ ᠤ ᠠᠵᠢᠯ ᠣᠯᠭᠤᠯᠲᠠ︾ ᠸᠢᠴᠠᠲ ᠤᠨ ᠣᠯᠠᠨ ᠨᠡᠶᠢᠲᠡ ᠶᠢᠨ ᠳᠡᠪᠴᠠᠩ ᠵᠡᠷᠭᠡ ᠶᠢ ᠠᠰᠢᠭᠯᠠᠨ ᠰᠦᠯᠵᠢᠶᠡᠨ | ᠳᠡᠭᠡᠷᠡᠬᠢ ᠠᠵᠢᠯ ᠤᠯᠭᠤᠨ ᠠᠵᠢᠯᠲᠠᠨ ᠠᠵᠢᠯᠴᠢᠨ ᠡᠯᠰᠡᠬᠦ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠠᠵᠢᠯ ᠢ ᠰᠠᠶᠢᠲᠤᠷ ᠬᠢᠵᠦ᠂ ᠨᠡᠶᠢᠲᠡ 20 ᠤᠳᠠᠭ᠎ᠠ ᠮᠡᠳᠡᠭᠡ ᠵᠠᠩᠭᠢ ᠨᠡᠶᠢᠲᠡᠯᠡᠵᠦ᠂ ᠲᠤᠰ ᠰᠢᠶᠠᠨ ᠪᠠ ᠪᠤᠰᠤᠳ | ᠭᠠᠵᠠᠷ ᠤᠨ 82 ᠠᠵᠤ ᠠᠬᠤᠶᠢᠯᠠᠯ ᠲᠠᠢ ᠬᠤᠯᠪᠤᠭᠳᠠᠭᠰᠠᠨ ᠪᠠᠶᠢᠨ᠎ᠠ᠃ ᠬᠥᠳᠡᠯᠮᠦᠷᠢ ᠬᠦᠴᠦᠨ ᠢ ᠰᠢᠯᠵᠢᠭᠦᠯᠬᠦ | ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ 5 ᠲᠦᠮᠡ ᠭᠠᠷᠤᠶ ᠬᠥᠮᠦᠨ ᠢ | ᠬᠠᠮᠤᠷᠤᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠠᠵᠢᠯᠯᠠᠭᠴᠢ ᠶᠢᠨ ᠠᠵᠢᠯ ᠤᠨ ᠬᠤᠯᠪᠤᠭ᠎ᠠ᠂ ᠬᠥᠳᠡᠯᠮᠦᠷᠢ | ᠬᠦᠴᠦᠨ ᠳᠤ ᠠᠵᠢᠯ ᠣᠯᠭᠤᠬᠤ ᠦᠶ᠋ᠯᠡᠴᠢᠯᠡᠭᠡᠨ ᠤ 326 ᠬᠤᠯᠪᠤᠭ᠎ᠠ ᠶᠢ ᠪᠠᠶᠢᠭᠤᠯᠤᠭᠰᠠᠨ ᠪᠠᠶᠢᠨ᠎ᠠ᠃ | ᠰᠥᠯᠵᠢᠶᠡᠨ ᠠᠴᠠ ᠭᠠᠳᠠᠨᠠᠬᠢ ᠠᠵᠢᠯᠳᠠᠨ ᠠᠵᠢᠯᠴᠢᠨ ᠡᠯᠰᠡᠬᠦ ᠠᠵᠢᠯ ᠢ ᠥᠯᠦ ᠳᠠᠰᠤᠯᠳᠠᠭᠤᠯᠪᠠ᠃ ᠠᠵᠢᠯ | ᠤᠯᠭᠤᠬᠤ ᠰᠠᠯᠠᠭ᠎ᠠ ᠮᠥᠴᠢᠷ ᠤᠨ ᠬᠢᠨ ᠪᠦᠬᠦ ᠰᠢᠶᠠᠨ ᠤ ᠬᠡᠪᠴᠢᠶᠡᠨ ᠳᠤ ᠠᠵᠢᠯᠲᠠᠨ ᠠᠵᠢᠯᠴᠢᠨ ᠡᠯᠰᠡᠬᠦ ᠲᠣᠪᠴᠢ | ᠮᠡᠳᠡᠭᠡ ᠪᠠ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠨᠢᠭᠡᠯᠡ ᠤᠳᠠᠭ᠎ᠠ ᠶᠢᠨ | ᠴᠢᠨᠠᠷᠲᠠᠶ ᠮᠡᠳᠡᠭᠳᠡᠯ ᠤᠨ ᠬᠠᠭᠤᠳᠠᠰᠤ︾ ᠶᠢ ᠲᠤᠰ ᠪᠦᠷᠢ 2 ᠲᠦᠮᠡᠨ ᠬᠤᠪᠢ ᠲᠠᠷᠬᠠᠭᠠᠵᠤ᠂ ᠠᠵᠢᠯ ᠣᠯᠬᠤ | ᠰᠠᠨᠠᠭ᠎ᠠ ᠲᠠᠢ ᠶᠠᠳᠠᠭᠤ ᠬᠦᠴᠢᠷᠲᠡᠶ ᠬᠥᠳᠡᠯᠮᠦᠷᠢ ᠬᠦᠴᠦᠨ ᠤ 3 ᠠᠴᠠ ᠳᠡᠭᠡᠭᠰᠢ ᠨᠢ ᠬᠠᠨᠳᠤᠯᠭᠠᠲᠤ ᠴᠢᠨᠠᠷ ᠲᠠᠢ | ᠠᠵᠢᠯ ᠤᠨ ᠪᠠᠶᠢᠷᠢ ᠶᠢᠨ ᠮᠡᠳᠡᠭᠡ ᠵᠠᠩᠭᠢ ᠣᠯᠬᠤ ᠶᠢ ᠪᠠᠲᠤᠯᠠᠵᠤ᠂ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠵᠦ᠂ | ᠨᠥᠬᠦᠪᠥᠷᠢᠯᠡᠪᠡᠰᠦ ᠵᠣᠬᠢᠬᠤ ᠶᠢ ᠨᠢ ᠪᠦᠬᠦᠨ ᠢ ᠨᠥᠬᠦᠪᠥᠷᠢᠯᠡᠨ ᠥᠭᠭᠦᠭᠰᠡᠨ ᠪᠠᠶᠢᠨ᠎ᠠ᠃ | ᠠᠵᠢᠯ ᠣᠯᠭᠤᠬᠤ ᠶᠢ ᠤᠯᠠᠨ ᠵᠥᠢᠯ ᠤᠨ ᠠᠷᠭ᠎ᠠ ᠬᠡᠯᠪᠡᠷᠢ ᠪᠠᠷ ᠵᠣᠷᠢᠭᠵᠢᠭᠤᠯᠪᠠ᠃ ᠲᠣᠰ ᠭᠠᠵᠠᠷ ᠲᠤ ᠨᠢ | ᠠᠵᠢᠯ ᠤᠯᠭᠤᠵᠤ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠳᠤ ᠶᠠᠳᠠᠭᠤ ᠬᠦᠴᠢᠷᠳᠡᠢ | ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ ᠵᠣᠷᠢᠭᠵᠢᠭᠤᠯᠵᠤ᠂ ᠣᠳᠣᠬᠠᠨ ᠳᠤ ᠶᠠᠳᠠᠭᠤ ᠶᠢ ᠲᠡᠳᠬᠦᠬᠦ 18 | ᠦᠢᠯᠡᠳᠪᠦᠷᠢ ᠶᠢᠨ ᠲᠠᠰᠤᠭ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠵᠡᠷᠭᠡ ᠳᠤ 126 | ᠬᠥᠮᠦᠨ ᠳᠤ ᠠᠵᠢᠯ ᠣᠯᠭᠤᠪᠠ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠨᠢᠭᠡ ᠪᠦᠯᠦᠭ | ᠦᠨᠳᠦᠰᠦᠨ ᠵᠦᠢᠯ ᠢ ᠪᠠᠲᠤᠯᠠᠵᠤ ᠲᠥᠪᠬᠢᠨᠡᠭᠦᠯᠦᠨ᠂ ᠬᠦᠴᠢᠷᠳᠡᠢ ᠬᠥᠮᠦᠰ ᠲᠤ ᠠᠵᠢᠯ ᠣᠯᠭᠤᠬᠤ ᠠᠰᠠᠭᠤᠳᠠᠯ ᠢ | ᠤᠯᠠᠮ ᠨᠢᠭᠡ ᠠᠯᠬᠤᠮ ᠰᠢᠢᠳᠪᠤᠷᠢᠯᠡᠵᠦ᠂ ᠬᠤᠲᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ 284 ᠬᠥᠮᠦᠨ᠂ | ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠢ 311 ᠬᠥᠳᠡᠯᠮᠦᠷᠢ ᠬᠦᠴᠦᠨ ᠢ ᠲᠥᠪᠬᠢᠨᠡᠭᠦᠯᠪᠡ︔ ᠶᠠᠳᠠᠭᠤ | ᠬᠦᠴᠢᠷᠳᠡᠢ ᠬᠥᠳᠡᠯᠮᠦᠷᠢ ᠬᠦᠴᠦᠨ ᠤ ᠭᠠᠳᠠᠭᠰᠢ ᠭᠠᠷᠴᠤ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠰᠢᠶᠠᠨ ᠤ | ᠭᠠᠳᠠᠨᠠᠬᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠡᠯᠰᠡᠬᠦ ᠮᠡᠳᠡᠭᠡ ᠵᠠᠩᠭᠢ ᠶᠢ 30 ᠵᠤᠷᠪᠤᠰ ᠨᠡᠶᠢᠲᠡᠯᠡᠭᠰᠡᠨ | ᠪᠠᠶᠢᠨ᠎ᠠ᠃ | 3 ᠰᠠᠷ᠎ᠠ ᠶᠢᠨ 1 ᠤ ᠡᠳᠦᠷ᠂ ᠶᠠᠳᠠᠭᠤ ᠬᠦᠴᠢᠷᠳᠡᠢ 6 ᠬᠥᠳᠡᠯᠮᠦᠷᠢ ᠬᠦᠴᠦᠨ ᠢ ᠬᠠᠪᠰᠤᠷᠤᠨ ᠮᠥᠭᠳᠡᠨ ᠳᠤ | ᠠᠵᠢᠯ ᠣᠯᠭᠤᠪᠠ︔ 4 ᠰᠠᠷ᠎ᠠ ᠶᠢᠨ 15 ᠤ ᠡᠳᠦᠷ᠂ ᠪᠡᠭᠡᠵᠢᠩ ᠤᠨ ᠱᠢ ᠵᠢᠩ ᠱᠠᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠵᠤᠯᠭᠠᠭᠤᠯᠤᠭᠰᠠᠨ ᠤ ᠳᠠᠷᠠᠭ᠎ᠠ᠂ ᠶᠠᠳᠠᠭᠤ | ᠬᠦᠴᠢᠷᠳᠡᠢ 3 ᠬᠥᠮᠦᠨ ᠢ ᠠᠵᠢᠯ ᠤᠨ ᠪᠠᠶᠢᠷᠢ ᠳᠤ ᠨᠢ ᠬᠦᠷᠭᠡᠨ ᠥᠭᠴᠠᠢ︔ 5 ᠰᠠᠷ᠎ᠠ ᠶᠢᠨ 20 ᠤ ᠡᠳᠦᠷ ᠪᠣᠯᠤᠨ | 6 ᠰᠠᠷ᠎ᠠ ᠶᠢᠨ 7 ᠤ ᠡᠳᠦᠷ᠂ ᠶᠠᠳᠠᠭᠤ ᠬᠦᠴᠢᠷᠳᠡᠢ 2 ᠬᠥᠮᠦᠨ ᠢ ᠪᠡᠭᠡᠵᠢᠩ ᠳᠤ ᠬᠥᠷᠭᠡᠵᠤ ᠠᠵᠢᠯ ᠢ ᠨᠢ ᠰᠡᠷᠭᠦᠭᠡᠨ | ᠥᠭᠭᠦᠭᠰᠡᠨ ᠪᠠᠶᠢᠨ᠎ᠠ᠃ ᠬᠢᠵᠢᠭ ᠤᠨ ᠬᠤᠭᠤᠴᠠᠭᠠᠨ ᠳᠤ᠂ ︽ᠴᠡᠭ ᠠᠴᠠ ᠴᠡᠭ︾᠂ ︽ᠨᠢᠭᠡ ᠥᠷᠲᠡᠭᠡ ᠮᠠᠶ᠋ᠢᠭ︾ | ᠤᠨ ᠰᠢᠭᠤᠳ ᠬᠦᠷᠭᠡᠬᠦ ᠬᠡᠯᠪᠡᠷᠢ ᠪᠠᠷ ᠳᠠᠮᠵᠢᠭᠤᠯᠤᠨ᠂ 699 ᠬᠥᠳᠡᠯᠮᠦᠷᠢ ᠬᠥᠴᠦᠨ ᠢ ᠮᠥᠭᠳᠡᠨ᠂ ᠵᠢᠶᠠᠩᠰᠦ | ᠵᠡᠷᠭᠡ ᠭᠠᠵᠠᠷ ᠲᠤ ᠶᠠᠪᠤᠭᠤᠯᠤᠨ ᠠᠵᠢᠯ ᠤᠯᠭᠤᠵᠤ ᠥᠭᠭᠦᠭᠰᠡᠨ ᠪᠠᠶᠢᠨ᠎ᠠ᠃ ᠤᠯᠠᠭᠠᠨᠬᠠᠳᠠ ᠮᠤᠩᠭᠤᠯ ᠰᠦᠯᠵᠢᠶ᠎ᠠ | | ᠢᠷᠡᠯᠲᠡ᠄ ᠤᠯᠠᠭᠠᠨᠬᠠᠲᠠ ᠰᠥᠯᠵᠢᠶ᠎ᠡ | |