ᠨᠢᠩᠴᠧᠩ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠲᠦ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠢᠭ 9 ᠳ᠋ᠦ᠋ᠭᠡᠷ ᠲᠣᠭᠠᠲᠤ
ᠨᠡᠶᠢᠲᠡᠯᠡᠭᠰᠡᠨ ᠴᠠᠭ᠄
2021/1/11
 ᠤᠢᠢᠷ᠎ᠠ ᠶᠢᠨ ᠬᠤᠭᠤᠴᠠᠭᠠᠨ ᠳᠤ᠂ ᠡᠷᠬᠢᠨ ᠲᠣᠭᠤᠷᠢᠨ ᠤ ᠭᠠᠵᠠᠷ ᠣᠷᠣᠨ ᠪᠡᠭᠡᠵᠢᠩ ᠬᠤᠳᠠ᠂ ᠾᠧᠪᠸᠢ ᠮᠤᠵᠢ᠂ ᠯᠢᠶᠣᠤᠨᠢᠩ ᠮᠤᠵᠢ ᠵᠡᠷᠭᠡ ᠭᠠᠵᠠᠷ ᠲᠤ ᠴᠥᠮ ᠠᠳᠠᠯᠢ ᠪᠤᠰᠤ ᠬᠡᠮᠵᠢᠶᠡᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢᠯᠡᠷᠡᠵᠦ᠂ ᠢᠯᠠᠩᠭᠤᠶ᠎ᠠ ᠴᠠᠭᠠᠨ ᠰᠠᠷ᠎ᠠ ᠣᠶᠢᠷᠠᠲᠤᠬᠤ ᠶᠢ ᠳᠠᠭᠠᠯᠳᠤᠨ᠂ ᠬᠥᠮᠦᠰ ᠤᠨ ᠨᠡᠭᠦᠳᠡᠯ ᠤᠨ ᠴᠢᠨᠠᠷ ᠨᠡᠮᠡᠭᠳᠡᠵᠦ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠰᠢᠷᠠᠵᠤ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠨᠡᠮᠡᠭᠳᠡᠭᠦᠯᠪᠡ᠃ ᠪᠥᠬᠦ ᠰᠢᠶᠠᠨ ᠤ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠲᠦ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︽4 ᠳ᠋ᠦ᠋ᠭᠡᠷ ᠲᠣᠭᠠᠲᠤ ᠵᠠᠷᠯᠢᠭ︾ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠵᠠᠷᠯᠢᠭ ᠪᠠᠭᠤᠯᠭᠠᠪᠠ᠄  ᠨᠢᠭᠡ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠢᠨ ᠠᠵᠢᠯᠲᠠᠨ ᠢ ᠵᠣᠬᠢᠶᠠᠨ ᠪᠠᠶᠢᠭᠤᠯᠤᠨ ᠡᠷᠦᠬᠡ ᠳᠤ ᠬᠦᠷᠴᠦ ᠪᠠᠶᠢᠳᠠᠯ ᠢ ᠣᠶᠢᠯᠭᠠᠨ ᠵᠢᠭᠰᠠᠭᠠᠵᠤ᠂ ᠨᠤᠲᠤᠭ ᠲᠠᠭᠠᠨ ᠪᠤᠴᠠᠭᠰᠠᠨ ᠬᠥᠮᠦᠰ ︵ᠢᠯᠠᠩᠭᠤᠶ᠎ᠠ  ᠬᠦᠢᠲᠡᠨ ᠬᠦᠯᠳᠡᠭᠦᠦ ᠬᠡᠯᠬᠢᠶ᠎ᠡ ᠢᠳᠡᠭᠡᠨ ᠤ ᠬᠠᠮᠢᠶ᠎ᠠ ᠪᠥᠬᠦᠶ ᠠᠵᠢᠯ ᠢ ᠬᠢᠵᠦ ᠪᠠᠶᠢᠭ᠎ᠠ ᠨᠤᠲᠤᠭ ᠲᠠᠭᠠᠨ ᠪᠤᠴᠠᠭᠰᠠᠨ ᠬᠥᠮᠦᠰ︶᠂ ᠭᠠᠳᠠᠨ᠎ᠠ ᠠᠴᠠ ᠢᠷᠡᠭᠰᠡᠨ ᠬᠥᠮᠦᠰ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠥᠮᠦᠰ᠂ ᠬᠢᠯᠢ ᠪᠠᠷ ᠣᠷᠣᠵᠤ ᠢᠷᠡᠭᠰᠡᠨ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢ ᠲᠠᠩᠰᠠᠯᠠᠬᠤ ᠪᠠ ᠡᠳᠦᠷ ᠲᠤᠲᠤᠮ ᠤᠨ ᠡᠷᠡᠭᠦᠯ ᠮᠡᠨᠳᠦ ᠶᠢ ᠬᠢᠨᠠᠨ ᠰᠢᠨᠵᠢᠬᠦ ᠠᠵᠢᠯ ᠢ ᠰᠠᠶᠢᠲᠤᠷ ᠬᠢᠵᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠢᠮᠳᠠᠭᠤᠯᠤᠨ ᠰᠠᠶᠢᠲᠤᠷ ᠨᠠᠶᠢᠳᠠᠪᠤᠷᠢᠵᠢᠭᠤᠯᠬᠤ ᠬᠡᠷᠩᠳᠡᠢ᠂ ᠵᠢᠱᠢᠶᠡᠯᠡᠪᠡᠯ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠥᠪᠡᠷ ᠢ ᠪᠠᠨ ᠲᠤᠰᠠᠭᠠᠷᠯᠠᠬᠤ ᠶᠢᠨ ᠬᠠᠮᠲᠤ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠬᠦ ᠬᠡᠷᠩᠲᠡᠢ᠃  ᠬᠤᠶᠠᠷ᠂ ︽ᠴᠢᠬᠤᠯᠠ ᠦᠭᠡᠢ ᠪᠣᠯ ᠨᠤᠲᠤᠭ ᠲᠠᠭᠠᠨ ᠪᠤᠴᠠᠬᠤ ᠥᠬᠡᠶ ᠪᠠᠶᠢᠬᠤ︾ ᠶᠢ ᠰᠠᠨᠠᠭᠠᠴᠢᠯᠠᠵᠤ᠂ ᠦᠨᠡᠨᠬᠦ ᠨᠤᠲᠤᠭ ᠲᠠᠭᠠᠨ ᠪᠤᠴᠠᠬᠤ ᠴᠢᠬᠤᠯᠠᠲᠠᠶ ᠪᠠᠶᠢᠪᠠᠯ ᠡᠷᠬᠡᠪᠰᠢ ᠪᠥᠬᠦ ᠶᠠᠪᠤᠴᠠ ᠳᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠵᠣᠬᠢᠰᠲᠠᠶ ᠪᠤᠴᠠᠬᠤ ᠠᠷᠭ᠎ᠠ ᠮᠠᠶ᠋ᠢᠭ ᠵᠢᠴᠢ ᠵᠠᠮ ᠱᠤᠭᠤᠮ ᠢ ᠰᠣᠩᠭᠤᠵᠤ᠂ ᠵᠠᠮ ᠵᠠᠭᠤᠷ᠎ᠠ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃ ᠳᠤᠮᠳᠠ ᠥᠨᠳᠥᠷ ᠲᠠᠰ ᠤᠨ ᠠᠶᠤᠯ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠵᠦ ᠦᠩᠭᠡᠷᠡᠭᠰᠡᠨ ᠬᠥᠮᠦᠰ ᠰᠠᠭᠤᠭ᠎ᠠ ᠭᠠᠵᠠᠷ ᠤᠨ ᠢᠶᠠᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠠᠮᠢᠶ᠎ᠠ ᠪᠥᠬᠦᠶ ᠪᠠᠶᠢᠳᠠᠯ ᠢᠶᠠᠨ ᠲᠡᠷᠡ ᠳᠠᠷᠤᠶ ᠳᠤᠨᠢ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ᠂ ᠬᠢᠯᠢ ᠶᠢᠨ ᠭᠠᠳᠠᠨ᠎ᠠ ᠠᠴᠠ ᠤᠯᠤᠰ ᠲᠠᠭᠠᠨ ᠪᠤᠴᠠᠵᠤ ᠢᠷᠡᠭᠰᠡᠨ ᠬᠥᠮᠦᠰ ᠢ ᠬᠢᠯᠢ ᠶᠢᠨ ᠲᠤᠳᠤᠷ᠎ᠠ ᠤᠷᠤᠵᠦ ᠢᠷᠡᠭᠰᠡᠨ ᠭᠠᠵᠠᠷ ᠲᠤ ᠨᠢ 14 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ ᠲᠤ ᠨᠢ 14 ᠡᠳᠦᠷ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ︵ᠪᠤᠶᠤ ᠬᠢᠯᠢ ᠳᠤ ᠣᠷᠣᠵᠤ ᠢᠷᠡᠭᠰᠡᠨ ᠭᠠᠵᠠᠷ ᠲᠤ 7 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ ᠲᠤ 21 ᠡᠳᠦᠷ ᠲᠥᠪᠯᠡᠷᠡᠭᠦᠯᠦᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠩᠳᠡᠢ᠃ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠨᠢᠩᠴᠧᠩ ᠳᠤ ᠢᠷᠡᠭᠰᠡᠨ ᠪᠤᠶᠤ ᠨᠢᠩᠴᠧᠩ ᠳᠤ ᠪᠤᠴᠠᠵᠦ ᠢᠷᠡᠭᠰᠡᠨ ᠬᠥᠮᠦᠰ ᠢ ᠬᠠᠷᠢᠶ᠎ᠠ ᠭᠠᠵᠠᠷ ᠤᠨ ᠬᠢᠨ 14 ᠡᠳᠦᠷ ᠲᠥᠪᠯᠡᠷᠡᠭᠦᠯᠦᠨ ᠲᠤᠰᠠᠭᠠᠷᠯᠠᠬᠤ + 14 ᠡᠳᠦᠷ ᠬᠡᠷ ᠲᠡᠭᠡᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠢ ᠰᠢᠯᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠩᠳᠡᠢ᠃ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠠᠴᠠ ᠨᠢᠩᠴᠧᠩ ᠳᠤ ᠢᠷᠡᠭᠰᠡᠨ ᠪᠤᠶᠤ ᠨᠢᠩᠴᠧᠩ ᠳᠤ ᠪᠤᠴᠠᠵᠦ ᠢᠷᠡᠭᠰᠡᠨ ᠬᠥᠮᠦᠰ ᠢ ᠬᠠᠷᠢᠶ᠎ᠠ ᠭᠠᠵᠠᠷ ᠤᠨ ᠬᠢᠨ 14 ᠡᠳᠦᠷ ᠬᠡᠷ ᠲᠡᠭᠡᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ + 14 ᠡᠳᠦᠷ ᠤᠨ ᠡᠷᠡᠭᠦᠯ ᠮᠡᠨᠳᠦ ᠶᠢ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠩᠳᠡᠢ᠃ ᠳᠥᠷᠪᠡ᠂ KTV᠂ ᠠᠷᠢᠬᠢᠨ ᠪᠠᠭᠠᠷ᠂ ᠰᠦᠯᠵᠢᠶᠡᠨ ᠤ ᠪᠠᠭᠠᠷ᠂ ᠲᠣᠭᠯᠠᠭᠠᠮ ᠤᠨ ᠲᠢᠩᠬᠢᠮ ᠵᠡᠷᠭᠡ ᠰᠣᠶᠣᠯ ᠴᠡᠩᠭᠡᠯ ᠤᠨ ᠲᠠᠯᠠᠪᠤᠷ ᠵᠢᠴᠢ ᠺᠢᠨᠣ᠋ ᠲᠢᠶᠠᠲᠷ᠂ ᠨᠣᠮ ᠤᠨ ᠰᠠᠩ᠂ ᠮᠦᠽᠧᠶ᠂ ᠪᠡᠶ᠎ᠡ ᠴᠢᠭᠢᠷᠠᠭᠵᠢᠭᠤᠯᠬᠤ ᠲᠠᠯᠠᠪᠤᠷ ᠣᠷᠳᠣᠨ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠲᠠᠯᠠᠪᠤᠷ ᠭᠠᠵᠠᠷ ᠨᠢ ᠬᠢᠵᠢᠭ ᠢ ᠰᠡᠷᠭᠡᠶᠢᠯᠡᠨ ᠬᠤᠷᠢᠭᠯᠠᠬᠤ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠭᠥᠯᠢᠶᠡᠨ ᠠᠪᠬᠤ ᠬᠥᠮᠦᠨ ᠨᠢ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠶᠢᠨ 75 % ᠠᠴᠠ ᠬᠡᠲᠦᠷᠡᠵᠦ ᠪᠣᠯᠬᠤ ᠥᠬᠡᠶ᠃  ᠲᠠᠪᠤ᠂ ᠵᠣᠴᠢᠳ ᠤᠨ ᠪᠠᠭᠤᠳᠠᠯ ᠵᠡᠷᠭᠡ ᠡᠯ᠎ᠡ ᠲᠥᠷᠥᠯ ᠤᠨ ᠢᠳᠡᠭᠡᠨ ᠤᠮᠳᠠᠭᠠᠨ᠂ ᠬᠤᠨᠣᠭᠯᠠᠬᠤ ᠭᠠᠵᠠᠷ ᠨᠢ ᠣᠷᠣᠵᠤ ᠰᠠᠭᠤᠬᠤ ᠬᠥᠮᠦᠰ ᠤᠨ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠬᠦ ᠶᠢ ᠰᠠᠶᠢᠲᠤᠷ ᠬᠢᠵᠦ᠂ ᠪᠡᠶ᠎ᠡ ᠶᠢᠨ ᠲᠤᠯᠠᠭᠠᠨ ᠵᠢᠴᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠨᠢ ᠪᠠᠶᠢᠴᠠᠭᠠᠨ ᠰᠢᠯᠭᠠᠵᠤ᠂ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠪᠣᠯᠤᠨ ᠪᠡᠶ᠎ᠡ ᠶᠢᠨ ᠲᠤᠯᠠᠭᠠᠨ ᠨᠢ 37.3 ᠭᠷᠡᠳᠦ᠋ᠰ ᠢ ᠳᠠᠪᠠᠭᠰᠠᠨ ᠬᠥᠮᠦᠰ ᠢ ᠣᠯᠵᠤ ᠮᠡᠳᠡᠪᠡᠯ᠂ ᠬᠠᠷᠢᠶ᠎ᠠ ᠭᠠᠵᠠᠷ ᠤᠨ ᠪᠠᠯᠭᠠᠰᠤ ᠰᠢᠶᠠᠩ ᠵᠡᠭᠡᠯᠢ ᠭᠤᠳᠤᠮᠵᠢ ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠲᠠᠯᠠᠪᠤᠷ ᠭᠠᠵᠠᠷ ᠲᠤ ᠰᠠᠯᠬᠢ ᠨᠡᠪᠲᠡᠷᠡᠭᠦᠯᠬᠦ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢ ᠴᠡᠪᠡᠷᠯᠡᠨ ᠠᠷᠢᠭᠤᠳᠬᠠᠬᠤ ᠵᠡᠷᠭᠡ ᠠᠵᠢᠯ ᠢ ᠵᠢᠷᠤᠮᠵᠢᠯ ᠶᠣᠰᠣᠭᠠᠷ ᠬᠢᠬᠦ ᠶᠢᠨ ᠬᠠᠮᠲᠤ ᠰᠠᠶᠢᠲᠤᠷ ᠲᠡᠮᠳᠡᠭᠯᠡᠯ ᠬᠢᠬᠦ ᠬᠡᠷᠡᠭᠲᠡᠶ᠃    ᠵᠢᠷᠭᠤᠭ᠎ᠠ᠂ ᠡᠮ ᠤᠨ ᠳᠡᠯᠭᠡᠭᠦᠷ ᠨᠢ ᠬᠠᠯᠠᠭᠤᠨ ᠢ ᠪᠠᠭᠤᠷᠠᠭᠤᠯᠵᠤ ᠬᠠᠨᠢᠶᠠᠳᠤ ᠶᠢ ᠵᠣᠭᠰᠣᠭᠠᠬᠤ ᠡᠮ  ᠤᠨ ᠵᠤᠶᠢᠯ ᠢ ᠬᠤᠳᠠᠯᠳᠤᠨ ᠠᠪᠤᠬᠰᠠᠳ ᠢ ᠦᠨᠡᠨ ᠨᠡᠷ᠎ᠡ ᠪᠠᠷ ᠳᠠᠩᠰᠠᠯᠠᠬᠤ ᠪᠠ ᠪᠡᠶ᠎ᠡ ᠶᠢᠨ ᠲᠤᠯᠠᠭᠠᠨ ᠢ ᠨᠢ ᠬᠡᠮᠵᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠰᠬᠤᠨ ︵ᠨᠡᠶᠢᠭᠡᠮ ᠲᠣᠭᠤᠷᠢᠭ︶ ᠤ ᠰᠡᠷᠭᠡᠶᠢᠯᠡᠨ ᠡᠵᠡᠮᠳᠡᠬᠦ ᠠᠵᠢᠯ ᠳᠤ ᠣᠷᠣᠭᠤᠯᠬᠤ ᠬᠡᠷᠡᠭᠲᠡᠶ᠃  ᠳᠣᠯᠤᠭ᠎ᠠ᠂ ᠲᠡᠮᠦᠷ ᠵᠠᠮ᠂ ᠵᠠᠰᠠᠮᠠᠯ ᠵᠠᠮ᠂ ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠨᠢᠭᠡᠴᠢ ᠨᠦᠭᠦᠳ ᠠᠶᠠᠨᠴᠢᠳ ᠤᠨ ᠮᠡᠳᠡᠭᠡ ᠵᠠᠩᠭᠢ ᠶᠢ ᠬᠢᠨᠠᠮᠠᠭᠠᠶ ᠪᠠᠶᠢᠴᠠᠭᠠᠨ ᠰᠢᠯᠭᠠᠵᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠪᠠ ᠰᠡᠵᠢᠭᠯᠡᠯᠲᠡᠶ ᠡᠪᠡᠳᠴᠢᠲᠡᠳ ᠢ ᠤᠯᠵᠦ ᠮᠡᠳᠡᠪᠡᠯ ᠵᠢᠷᠤᠮᠵᠢᠭᠤᠯᠤᠨ ᠰᠢᠢᠳᠪᠤᠷᠢᠯᠡᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠵᠢᠯᠣᠭᠤᠴᠢ ᠨᠠᠷ ᠠᠮᠠᠪᠴᠢ ᠵᠡᠭᠦᠬᠦ᠂ ᠠᠷᠢᠭᠤᠳᠬᠠᠨ ᠠᠷᠢᠯᠭᠠᠬᠤ᠂ ᠰᠠᠯᠬᠢ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠡᠯᠧᠺᠲᠷᠣᠨ ᠢᠶᠠᠷ ᠲᠣᠭᠠᠴᠠᠭ᠎ᠠ ᠬᠢᠬᠦ ᠶᠢ ᠵᠣᠷᠢᠭᠵᠢᠭᠤᠯᠬᠤ ᠬᠡᠷᠡᠭᠲᠡᠶ᠃ ᠠᠶᠠᠨᠴᠢᠳ ᠠᠷᠠᠳ ᠢᠷᠭᠡᠳ ᠤᠨ ᠬᠠᠷᠢᠭᠤᠴᠠᠯᠭ᠎ᠠ ᠪᠣᠯᠤᠨ ᠡᠭᠦᠷᠭᠡ ᠪᠠᠨ ᠭᠦᠢᠴᠡᠳᠬᠡᠵᠦ᠂ ᠠᠵᠢᠯᠲᠠᠳ ᠲᠠᠢ ᠪᠠᠨ ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃  ᠨᠠᠢᠮᠠ᠂ ᠨᠠᠰᠤᠵᠢᠯ ᠤᠨ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ᠂ ᠬᠤᠷᠢᠭᠤᠯ ᠤᠨ ᠭᠠᠵᠠᠷ ᠵᠡᠷᠭᠡ ᠤᠨᠴᠠᠭᠠᠢ ᠭᠠᠵᠠᠷ ᠲᠠᠯᠠᠪᠤᠷ ᠲᠤ ᠪᠢᠳᠡᠭᠦᠮᠵᠢᠯᠡᠭᠰᠡᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠪᠣᠯᠭᠤᠭᠠᠨ ᠦᠵᠡᠬᠦ ᠳᠦᠷᠢᠮ ᠢ ᠴᠢᠩᠳᠠᠯᠠᠬᠤ ᠬᠡᠷᠡᠭᠲᠡᠶ᠃  ᠶᠢᠰᠦ᠂ ᠬᠤᠳᠠᠯᠳᠤᠭᠠᠨ ᠤ ᠲᠠᠯᠠᠪᠠᠶ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ᠂ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢ ᠬᠡᠮᠵᠢᠬᠦ᠂ ︽ᠨᠢᠭᠡ ᠮᠧᠲᠷ ᠤᠨ ᠵᠠᠢ︾᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ ᠲᠤᠰᠬᠠᠶ ᠬᠥᠮᠦᠨ ᠳᠣᠭᠢᠷᠠᠭᠤᠯᠤᠨ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠭᠤᠯᠬᠤ ᠬᠡᠷᠩᠲᠡᠢ᠃ ᠭᠱᠠᠨ ᠵᠠᠭᠤᠷ᠎ᠠ ᠶᠢᠨ ᠠᠶᠠᠨᠴᠢᠳ ᠤᠨ ᠲᠤᠭ᠎ᠠ ᠶᠢ ᠬᠢᠵᠠᠭᠠᠷᠯᠠᠵᠤ᠂ ᠡᠯᠧᠺᠲᠷᠣᠨ ᠢᠶᠠᠷ ᠲᠤᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠤᠨ᠂ ᠮᠥᠷᠯᠡᠵᠦ ᠬᠦᠯᠢᠶᠡᠬᠦ ᠴᠠᠭ ᠢ ᠪᠣᠭᠤᠨᠢᠰᠬᠠᠬᠤ ᠬᠡᠷᠡᠭᠲᠡᠶ᠃  ᠠᠷᠪᠠ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠲᠤᠰ ᠠᠵᠢᠯ ᠲᠥᠷᠥᠯ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠨᠠᠨ ᠵᠢᠯᠣᠭᠤᠳᠴᠤ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ ᠲᠠᠯᠠᠪᠤᠷ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠶ ᠶᠢ ᠨᠢ ᠠᠵᠢᠯ ᠢ ᠨᠢ ᠵᠣᠭᠰᠣᠭᠠᠨ ᠴᠡᠭᠴᠡᠯᠡᠬᠦ ᠬᠡᠷᠡᠭᠲᠡᠶ᠃ ᠠᠷᠪᠠᠨ ᠨᠢᠭᠡ᠂ ᠭᠠᠳᠠᠭᠠᠳᠤ ᠠᠴᠠ ᠤᠷᠤᠭᠤᠯᠤᠬᠰᠠᠨ ᠡᠳ᠋ ᠪᠠᠷᠠᠭ᠎ᠠ ᠶᠢᠨ ᠠᠵᠢᠯ ᠡᠷᠬᠢᠯᠡᠭᠰᠡᠳ ᠠᠵᠢᠯᠯᠠᠬᠤ ᠬᠤᠭᠤᠴᠠᠭᠠᠨ ᠳᠤ ᠡᠷᠬᠡᠪᠰᠢ ᠠᠮᠠᠪᠴᠢ᠂ ᠬᠠᠮᠠᠭᠠᠯᠠᠯᠲᠠ ᠶᠢᠨ ᠪᠡᠭᠡᠯᠡᠶ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠭᠦᠵᠦ᠂ ᠠᠵᠢᠯᠯᠠᠬᠤ ᠶᠢᠨ ᠡᠮᠦᠨ᠎ᠡ ᠬᠤᠶᠢᠨ᠎ᠠ ᠨᠢ ᠠᠷᠢᠭᠤᠳᠬᠠᠬᠤ ᠪᠤᠶᠤ ᠭᠠᠷ ᠢᠶᠠᠨ ᠤᠬᠢᠶᠠᠬᠤ ᠬᠡᠷᠡᠭᠲᠡᠶ᠂ ᠲᠡᠭᠡᠭᠡᠪᠦᠷᠢᠯᠡᠬᠦ ᠶᠠᠪᠤᠴᠠ ᠳᠤ ᠳᠤᠷ᠎ᠠ ᠪᠠᠷ ᠢᠶᠠᠨ ᠬᠠᠶᠢᠷᠴᠠᠭ ᠢ ᠨᠡᠭᠡᠭᠡᠵᠦ ᠪᠣᠯᠬᠤ ᠦᠭᠡᠶ᠂ ᠪᠠᠷᠠᠭ᠎ᠠ ᠶᠢᠨ ᠪᠣᠭᠤᠳᠠᠯ ᠢ ᠳᠤᠷ᠎ᠠ ᠪᠠᠷ ᠢᠶᠠᠨ ᠨᠡᠭᠡᠭᠡᠵᠦ ᠦᠢᠯᠡᠳᠬᠦᠨ ᠲᠠᠢ ᠰᠢᠭᠤᠳ ᠬᠦᠷᠦᠯᠴᠡᠵᠦ ᠪᠣᠯᠬᠤ ᠦᠭᠡᠶ᠃ ᠠᠷᠪᠠᠨ ᠬᠤᠶᠠᠷ᠂ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠳᠠᠭᠠᠭᠠᠴᠢᠯᠠᠨ ᠲᠡᠭᠡᠭᠡᠪᠦᠷᠢᠯᠡᠭᠴᠢ ᠭᠠᠳᠠᠭᠠᠳᠤ ᠠᠴᠠ ᠤᠷᠤᠭᠤᠯᠤᠬᠰᠠᠨ ᠪᠠᠷᠠᠭ᠎ᠠ ᠲᠡᠭᠡᠭᠡᠪᠦᠷᠢᠯᠡᠭᠰᠡᠨ ᠲᠡᠷᠭᠡ ᠬᠥᠰᠬᠡ ᠶᠢ ᠲᠦᠢᠯᠪᠤᠷᠢᠲᠠᠶ ᠠᠷᠢᠭᠤᠳᠬᠠᠬᠤ ᠶᠢᠨ ᠬᠠᠮᠲᠤ᠂ ᠳᠠᠭᠠᠭᠠᠴᠢᠯᠠᠨ ᠲᠡᠭᠡᠭᠡᠪᠦᠷᠢᠯᠡᠬᠦ ᠪᠠᠷᠠᠭ᠎ᠠ ᠶᠢᠨ ᠭᠦᠢᠯᠭᠡᠭᠡᠨ ᠤ ᠴᠢᠭᠯᠡᠯ ᠤᠨ ᠪᠦᠬᠦ ᠶᠠᠪᠤᠴᠠ ᠶᠢ ᠨᠠᠷᠢᠨ ᠲᠡᠮᠳᠡᠭᠯᠡᠵᠦ᠂ ᠳᠠᠭᠠᠭᠠᠴᠢᠯᠠᠨ ᠲᠡᠭᠡᠭᠡᠪᠦᠷᠢᠯᠡᠬᠦ ᠪᠠᠷᠠᠭ᠎ᠠ ᠶᠢᠨ ᠢᠷᠡᠯᠲᠡ᠂ ᠪᠠᠷᠠᠭ᠎ᠠ ᠠᠴᠢᠶᠠᠯᠠᠵᠤ ᠪᠠᠭᠤᠯᠭᠠᠭᠰᠠᠨ ᠴᠠᠭ᠂ ᠳᠠᠭᠠᠭᠠᠴᠢᠯᠠᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠫᠠᠶᠢᠰᠠ ᠦᠨᠡᠮᠯᠡᠯ ᠵᠢᠴᠢ ᠵᠢᠯᠣᠭᠤᠴᠢ᠂ ᠪᠠᠷᠠᠭ᠎ᠠ ᠢᠯᠡᠭᠡᠭᠴᠢ᠂ ᠪᠠᠷᠠᠭ᠎ᠠ ᠬᠦᠯᠢᠶᠡᠨ ᠠᠪᠤᠬᠴᠢ ᠵᠡᠷᠭᠡ ᠮᠡᠳᠡᠭᠡ ᠵᠠᠩᠭᠢ ᠶᠢ ᠰᠠᠶᠢᠲᠤᠷ  ᠲᠡᠮᠳᠡᠭᠯᠡᠵᠦ᠂ ᠪᠠᠷᠠᠭ᠎ᠠ ᠶᠢᠨ ᠢᠷᠡᠯᠲᠡ ᠲᠤᠳᠤᠷᠬᠠᠢ ᠦᠭᠡᠢ ᠪᠠᠷᠠᠭ᠎ᠠ ᠶᠢ ᠳᠠᠭᠠᠭᠠᠴᠢᠯᠠᠨ ᠲᠡᠭᠡᠭᠡᠪᠦᠷᠢᠯᠡᠵᠦ ᠪᠣᠯᠬᠤ ᠦᠭᠡᠶ᠃ ᠠᠷᠪᠠᠨ ᠭᠤᠷᠪᠠ᠂ ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠪᠣᠶ ᠪᠥᠬᠦᠶ ᠪᠠᠷᠠᠭ᠎ᠠ ᠶᠢ ᠨᠢᠩᠴᠧᠩ ᠳᠤ ᠤᠷᠤᠭᠤᠯᠬᠤ ᠨᠢᠭᠡᠳᠦᠭᠡᠷ ᠥᠷᠲᠡᠭᠡ ᠴᠡᠭ ᠲᠤ ᠭᠠᠳᠠᠷ ᠪᠣᠭᠤᠳᠠᠯ ᠤᠨ ᠪᠥᠭᠡᠮ ᠬᠦᠴᠢᠯ ᠤᠨ  ᠪᠠᠶᠢᠴᠠᠭᠠᠯᠲᠠ ᠬᠢᠵᠦ᠂ ᠲᠥᠪᠯᠡᠷᠡᠭᠦᠯᠦᠨ ᠠᠷᠢᠭᠤᠳᠬᠠᠬᠤ ᠪᠠ ᠮᠡᠳᠡᠭᠡ ᠵᠠᠩᠭᠢ ᠶᠢᠨ ᠳᠡᠩᠰᠡᠯᠡᠯᠲᠡ ᠬᠢᠵᠦ᠂ ᠢᠷᠡᠯᠲᠡ ᠶᠢ ᠨᠢ ᠪᠠᠶᠢᠴᠠᠭᠠᠵᠤ ᠲᠡᠶᠢᠯᠬᠦ᠂ ᠬᠠᠮᠢᠭ᠎ᠠ ᠣᠴᠢᠭᠰᠠᠨ ᠢ ᠨᠢ ᠮᠥᠷᠳᠡᠵᠦ ᠲᠡᠶᠢᠯᠭᠦ ᠬᠡᠷᠩᠲᠡᠢ᠃ ᠠᠷᠪᠠᠨ ᠳᠥᠷᠪᠡ᠂ ᠢᠳᠡᠭᠡᠨ ᠤ ᠵᠤᠶᠢᠯ ᠦᠢᠯᠡᠳᠪᠦᠷᠢᠯᠡᠬᠦ᠂ ᠡᠵᠡᠩᠨᠡᠭᠴᠢᠳ ᠠᠴᠠ ᠭᠠᠳᠠᠭᠠᠳᠤ ᠠᠴᠠ  ᠤᠷᠤᠭᠤᠯᠤᠬᠰᠠᠨ ᠬᠦᠢᠲᠡᠨ ᠬᠦᠯᠳᠡᠭᠦᠦ ᠪᠠᠷ ᠬᠠᠳᠠᠭᠠᠯᠠᠬᠤ ᠢᠳᠡᠭᠡᠨ ᠤ ᠮᠡᠳᠡᠭᠡ ᠵᠠᠩᠭᠢ ᠶᠢ ︽ᠥᠪᠥᠷ ᠮᠣᠩᠭᠤᠯ ᠤᠨ ᠬᠦᠢᠲᠡᠨ ᠬᠦᠯᠳᠡᠭᠦᠦ ᠬᠡᠯᠬᠢᠶ᠎ᠡ︾  ᠶᠢᠨ ᠮᠦᠷᠲᠡᠬᠦ ᠰᠢᠰᠢᠲ᠋ᠧᠮ ᠳᠤ ᠦᠨᠡᠨ ᠪᠣᠳᠠᠲᠠᠶ ᠪᠠᠷ ᠣᠷᠣᠭᠤᠯᠵᠤ᠂ ᠲᠤᠰᠬᠠᠶ ᠬᠥᠮᠥᠷᠭᠡ ᠳᠤ ᠬᠠᠳᠠᠭᠠᠯᠠᠬᠤ᠂ ᠲᠤᠰᠬᠠᠶ ᠬᠥᠮᠦᠨ ᠢᠶᠠᠷ ᠬᠠᠮᠢᠶᠠᠷᠤᠭᠤᠯᠬᠤ᠂ ᠲᠤᠰᠬᠠᠶ ᠯᠠᠩᠭᠦᠶ ᠪᠠᠷ ᠪᠣᠷᠣᠯᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠤᠳᠠᠯᠳᠤᠨ ᠠᠪᠤᠬᠰᠠᠨ ᠭᠡᠷᠡᠴᠢ ᠪᠠᠷᠢᠮᠲᠠ᠂ ᠪᠣᠭᠤᠮᠲᠠ ᠶᠢᠨ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠬᠤ ᠭᠡᠷᠡᠴᠢ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠵᠡᠷᠭᠡ ᠬᠢᠷᠢ ᠲᠡᠩᠴᠡᠭᠰᠡᠨ ᠭᠡᠷᠡᠴᠢᠯᠡᠬᠦ ᠪᠢᠴᠢᠭ  ᠮᠠᠲ᠋ᠧᠷᠢᠶᠠᠯ ᠢ ᠬᠠᠩᠭᠠᠬᠤ ᠬᠡᠷᠡᠭᠲᠡᠶ᠃ ︽ᠳᠥᠷᠪᠡᠨ ᠦᠨᠡᠮᠯᠡᠯ︾ ᠨᠢ ᠪᠦᠷᠢᠨ ᠪᠤᠰᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠦᠯᠳᠡᠭᠦᠦ ᠪᠠᠷ ᠬᠠᠳᠠᠭᠠᠯᠠᠬᠤ ᠢᠳᠡᠭᠡᠨ ᠢ ᠴᠥᠮ ᠬᠥᠮᠥᠷᠭᠡ ᠳᠤ ᠬᠠᠳᠠᠭᠠᠯᠠᠬᠤ᠂ ᠪᠤᠯᠪᠠᠰᠤᠷᠠᠭᠤᠯᠤᠨ ᠡᠳ᠋ᠰᠢᠭᠦᠯᠬᠦ ᠪᠠ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠪᠣᠯᠬᠤ ᠥᠬᠡᠶ᠃  ᠠᠷᠪᠠᠨ ᠲᠠᠪᠤ᠂ ︽ᠴᠢᠬᠤᠯᠠ ᠥᠬᠡᠶ ᠪᠣᠯ ᠬᠤᠲᠠ ᠠᠴᠠ ᠭᠠᠷᠬᠤ ᠦᠭᠡᠢ︾ ᠪᠠᠶᠢᠬᠤ ᠶᠢ ᠰᠠᠨᠠᠭᠠᠴᠢᠯᠠᠵᠤ᠂ ᠡᠯ᠎ᠡ ᠱᠠᠲᠤᠨ ᠤ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠳ ᠲᠦᠷᠦᠭᠦᠯᠡᠨ ᠤᠯᠠᠭᠠᠨᠬᠠᠲᠠ ᠳᠤ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠵᠦ᠂ ᠠᠵᠢᠯᠲᠠᠨ ᠠᠵᠢᠯᠴᠢᠳ ᠤᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠢᠷᠡᠬᠦ ᠶᠢ ᠴᠢᠩᠭ᠎ᠠ ᠬᠢᠵᠠᠭᠠᠷᠯᠠᠵᠤ᠂ ᠦᠨᠡᠨᠬᠦ ᠲᠣᠰ ᠬᠤᠲᠠ ᠠᠴᠠ ᠪᠠᠨ ᠭᠠᠷᠬᠤ ᠴᠢᠬᠤᠯᠠᠲᠠᠢ ᠪᠣᠯ ᠪᠠᠶᠢᠭᠤᠯᠭ᠎ᠠ ᠨᠢᠭᠡᠴᠢ ᠳᠡᠭᠡᠨ ᠮᠡᠳᠡᠭᠦᠯᠬᠦ ᠬᠡᠷᠡᠭᠲᠡᠶ᠃ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ︽ᠨᠡᠶᠢᠭᠡᠮ ᠲᠣᠭᠤᠷᠢᠭ + ᠪᠠᠶᠢᠭᠤᠯᠭ᠎ᠠ ᠨᠢᠭᠡᠴᠢ︾ ᠶᠢᠨ ᠬᠤᠤᠰ ᠮᠡᠳᠡᠭᠦᠯᠦᠯᠲᠡ᠂ ᠬᠤᠤᠰ ᠬᠠᠮᠢᠶᠠᠷᠤᠯᠲᠠ ᠶᠢᠨ ᠲᠦᠷᠢᠮ ᠢ ᠵᠢᠷᠤᠮᠯᠠᠨ ᠰᠠᠬᠢᠬᠤ ᠬᠡᠷᠡᠭᠲᠡᠶ᠃ ᠠᠷᠪᠠᠨ ᠵᠢᠷᠭᠤᠭ᠎ᠠ᠂ ᠪᠠᠶᠢᠭᠤᠯᠭ᠎ᠠ ᠨᠢᠭᠡᠴᠢ ᠡᠭᠦᠳᠡᠨ ᠳᠤ ᠳᠤᠯᠠᠭᠠᠨ ᠢ ᠬᠡᠮᠵᠢᠬᠦ᠂ ᠺᠣᠳ᠋ ᠰᠢᠯᠭᠠᠬᠤ᠂ ᠠᠮᠠᠪᠴᠢ ᠵᠡᠭᠦᠬᠦ ᠪᠠ ᠲᠡᠮᠳᠡᠭᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠥᠮᠦᠰ ᠤᠨ ᠲᠦᠭᠵᠢᠷᠡᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ ᠴᠠᠬᠢᠯᠭᠠᠨ ᠱᠠᠲᠤ᠂ ᠡᠭᠦᠳᠡᠨ ᠲᠢᠩᠬᠢᠮ᠂ ᠠᠰᠠᠷ ᠤᠨ ᠬᠤᠩᠭᠢᠯ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠬᠡᠷᠡᠭᠯᠡᠬᠦ ᠬᠤᠭᠤᠴᠠᠭᠠᠨ ᠳᠠᠬᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠢ ᠴᠢᠩᠭᠠᠳᠬᠠᠬᠤ ᠬᠡᠷᠩᠲᠡᠢ᠃ ᠠᠷᠪᠠᠨ ᠳᠣᠯᠤᠭ᠎ᠠ᠂ ︽ᠴᠢᠬᠤᠯᠠ ᠥᠬᠡᠶ ᠪᠣᠯ ᠡᠷᠭᠢᠯᠡᠬᠦ ᠥᠬᠡᠶ︾ ᠵᠠᠷᠴᠢᠮ ᠶᠣᠰᠣᠭᠠᠷ᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠪᠠᠷ ᠴᠣᠮᠬᠠᠳᠬᠠᠬᠤ ᠪᠠ ᠪᠠᠭᠠᠰᠬᠠᠵᠤ᠂ ᠡᠷᠬᠡᠪᠰᠢ ᠡᠷᠭᠢᠯᠡᠨ ᠬᠢᠬᠦ ᠴᠢᠬᠤᠯᠠ ᠲᠠᠢ ᠪᠣᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠵᠤ ᠵᠥᠪᠰᠢᠶᠡᠷᠡᠭᠦᠯᠬᠦ ᠬᠡᠷᠡᠭᠲᠡᠶ᠃ ᠲᠣᠮᠣ ᠬᠡᠯᠪᠡᠷᠢ ᠶᠢᠨ ᠬᠤᠷᠠᠯ ᠤᠨ ᠠᠵᠢᠯᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ ᠤ ᠲᠤᠭ᠎ᠠ ᠪᠠ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠠᠮᠠᠪᠴᠢ ᠵᠡᠭᠦᠬᠦ᠂ ᠬᠤᠷᠠᠯ ᠤᠨ ᠲᠠᠯᠠᠪᠠᠶ ᠳᠤ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠤᠷᠠᠯ ᠬᠢᠬᠦ ᠤᠳᠠᠭ᠎ᠠ ᠶᠢ ᠪᠠᠭᠠᠰᠬᠠᠨ᠂ ᠬᠤᠷᠠᠯ ᠤᠨ ᠴᠠᠭ ᠢ ᠪᠣᠭᠤᠨᠢᠰᠬᠠᠨ᠎ᠠ᠃ ᠡᠯ᠎ᠡ ᠪᠠᠶᠢᠭᠤᠯᠭ᠎ᠠ ᠨᠢᠭᠡᠴᠢ ᠲᠣᠮᠣ ᠬᠡᠯᠪᠡᠷᠢ ᠶᠢᠨ ᠣᠨ ᠤ ᠬᠤᠷᠠᠯ᠂ ᠪᠣᠯᠪᠠᠰᠤᠷᠠᠭᠤᠯᠤᠯ᠂ ᠬᠠᠮᠲᠤ ᠶᠢᠨ ᠵᠣᠯᠭᠠᠯᠲᠠ᠂ ᠲᠣᠬᠤᠨᠢᠭᠤᠯᠤᠯ᠂ ᠬᠠᠮᠲᠤᠷᠠᠭᠰᠠᠨ ᠨᠠᠶᠢᠷ᠂ ᠬᠠᠮᠲᠤ ᠶᠢᠨ ᠬᠤᠭᠤᠯᠠ ᠵᠡᠷᠭᠡ ᠠᠵᠢᠯᠯᠠᠭ᠎ᠠ ᠶᠢ ᠵᠠᠷᠴᠢᠮ ᠳᠡᠭᠡᠷ᠎ᠡ ᠪᠠᠨ ᠡᠷᠭᠢᠯᠡᠬᠦ ᠥᠬᠡᠶ᠂ ᠭᠠᠳᠠᠷ ᠣᠷᠣᠨ ᠤ ᠡᠷᠭᠢᠯᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠣᠷᠣᠯᠴᠠᠬᠤ ᠴᠢᠬᠤᠯᠠ ᠥᠬᠡᠶ᠃ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠳᠠᠭᠠᠭᠠᠨ ᠭᠦᠢᠴᠡᠳᠭᠡᠬᠦ ᠨᠢᠭᠡᠴᠢ ᠪᠠ ᠬᠤᠪᠢ ᠬᠥᠮᠦᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠳᠤᠷ᠎ᠠ ᠪᠠᠷ ᠢᠶᠠᠨ ᠡᠷᠭᠢᠯᠡᠭᠰᠡᠨ ᠪᠠᠶᠢᠪᠠᠯ᠂ ᠡᠷᠭᠢᠯᠡᠨ ᠬᠢᠭᠴᠢ ᠪᠠ ᠬᠠᠮᠢᠶ᠎ᠠ ᠪᠥᠬᠦᠶ ᠲᠠᠯᠠᠪᠤᠷ ᠭᠠᠵᠠᠷ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠥᠮᠦᠨ ᠬᠠᠷ᠎ᠠ ᠬᠤᠷᠠᠨ ᠴᠤᠭᠯᠠᠷᠠᠭᠰᠠᠨ ᠠᠴᠠ ᠪᠣᠯᠵᠣ ᠬᠢᠵᠢᠭ ᠬᠠᠯᠳᠠᠪᠤᠷᠢᠯᠠᠨ ᠣᠷᠣᠵᠤ ᠢᠷᠡᠭᠰᠡᠨ ᠪᠠ ᠳᠡᠯᠭᠡᠷᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ᠠᠷᠪᠠᠨ ᠨᠠᠢᠮᠠ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ᠂ ᠬᠠᠯᠠᠭᠤᠷᠠᠯ ᠢ ᠵᠠᠰᠠᠬᠤ ᠡᠭᠦᠳᠡᠨ ᠡᠮᠨᠡᠯᠭᠡ᠂ ᠡᠮᠴᠢ ᠠᠴᠠ ᠠᠩᠬᠠᠨ ᠤ ᠤᠨᠤᠰᠢᠯᠠᠯᠲᠠ ᠳᠤ ᠬᠠᠷᠢᠭᠤᠴᠠᠬᠤ᠂ ︽ᠨᠢᠭᠡ ᠡᠪᠡᠳᠴᠢᠲᠡᠨ ᠢ ᠨᠢᠭᠡ ᠬᠦᠮᠦᠨ ᠠᠰᠠᠷᠠᠨ ᠬᠠᠷᠠᠭᠠᠯᠵᠠᠬᠤ︾᠂ ᠡᠪᠡᠳᠴᠢᠲᠡᠨ ᠤ ᠲᠣᠭᠤᠷᠢᠭ ᠢ ᠪᠢᠲᠡᠭᠦᠮᠵᠢᠯᠡᠬᠦ ᠮᠠᠶ᠋ᠢᠭ ᠤᠨ ᠬᠠᠮᠢᠶᠠᠷᠤᠯᠲᠠ ᠪᠠ ᠪᠤᠯᠭᠤᠭᠠᠨ ᠦᠵᠡᠬᠦ ᠶᠢ ᠴᠠᠭᠠᠵᠠᠯᠠᠬᠤ ᠵᠡᠷᠭᠡ ᠡᠯ᠎ᠡ ᠵᠤᠶᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠷᠪᠠ ᠶᠢᠰᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠨᠡᠯᠭᠡ ᠶᠢᠨ ᠭᠠᠵᠠᠷ ᠪᠣᠯᠤᠨ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠰᠢᠯᠲᠠᠭᠠᠨ ᠨᠢ ᠲᠣᠳᠣᠷᠬᠠᠶ ᠦᠭᠡᠶ ᠬᠠᠯᠠᠭᠤᠷᠠᠵᠤ ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ᠂ ᠰᠢᠶᠠᠨ ᠤ ᠲᠥᠪ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠳᠠᠷᠦ᠋ᠢᠬᠠᠨ ᠰᠢᠯᠵᠢᠭᠦᠯᠦᠨ ᠡᠮᠨᠡᠭᠦᠯᠬᠦ ᠶᠢᠨ ᠬᠠᠮᠲᠤ ᠡᠪᠡᠳᠴᠢᠲᠡᠨ ᠤ ᠮᠡᠳᠡᠭᠡ ᠵᠠᠩᠭᠢ ᠶᠢ ᠰᠠᠶᠢᠲᠤᠷ ᠳᠠᠩᠰᠠᠯᠠᠬᠤ ᠬᠡᠷᠡᠭᠲᠡᠶ᠂ ᠳᠤᠷ᠎ᠠ ᠪᠠᠷ ᠢᠶᠠᠨ ᠦᠯᠡᠳᠡᠭᠡᠨ ᠠᠪᠴᠦ ᠡᠮᠨᠡᠬᠦ ᠪᠤᠶᠤ ᠡᠮᠨᠡᠭᠦᠯᠦᠭᠴᠢᠳ ᠢ ᠲᠡᠪᠴᠢᠵᠦ ᠪᠣᠯᠬᠤ ᠦᠭᠡᠶ᠃ ᠬᠤᠷᠢ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠬᠥᠮᠦᠵᠢᠯ ᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠮᠥᠷᠳᠡᠵᠦ᠂ ᠴᠠᠭ ᠲᠤᠬᠠᠶ ᠳᠤᠨᠢ ᠰᠡᠷᠡᠮᠵᠢᠯᠡᠭᠦᠯᠦᠨ ᠰᠠᠨᠠᠭᠤᠯᠵᠤ᠂ ᠪᠠᠭᠰᠢ ᠰᠤᠷᠤᠭᠴᠢᠳ ᠢ ᠬᠤᠪᠢ ᠬᠥᠮᠦᠨ ᠵᠢᠴᠢ ᠬᠡᠷ ᠪᠦᠯᠢ ᠶᠢᠨ ᠬᠠᠮᠠᠭᠠᠯᠠᠯᠲᠠ ᠶᠢ ᠰᠠᠶᠢᠲᠤᠷ ᠬᠢᠬᠦ ᠶᠢ ᠴᠢᠩᠭ᠎ᠠ ᠱᠠᠭᠠᠷᠳᠠᠬᠤ ᠬᠡᠷᠡᠭᠲᠡᠶ᠃ ᠪᠠᠭᠰᠢ ᠰᠤᠷᠤᠭᠴᠢᠳ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠨᠢᠩᠴᠧᠩ ᠠᠴᠠ ᠭᠠᠷᠬᠤ ᠦᠶ᠎ᠡ ᠳᠤ ᠮᠡᠳᠡᠭᠦᠯᠵᠦ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ ᠪᠤᠶᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠪᠣᠯᠬᠤ ᠥᠬᠡᠶ᠃ ᠬᠤᠷᠢᠨ ᠨᠢᠭᠡ᠂ ᠪᠠᠭᠰᠢ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠳᠠᠭᠠᠨ ᠦᠯᠡᠳᠡᠭᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠬᠦ ᠥᠬᠡᠶ᠂ ᠦᠨᠡᠨᠬᠦ ᠰᠤᠷᠭᠠᠭᠤᠯᠢ ᠳᠠᠭᠠᠨ ᠦᠯᠡᠳᠡᠬᠦ ᠴᠢᠬᠤᠯᠠᠲᠠᠶ ᠪᠣᠯ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠳᠤ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠥᠬᠡᠶ᠂ ᠰᠤᠷᠭᠠᠭᠤᠯᠢ ᠶᠢᠨ ᠬᠦᠷᠢᠶ᠎ᠡ ᠶᠢ ᠦᠷᠭᠦᠯᠵᠢᠯᠡᠨ ᠪᠢᠲᠡᠭᠦᠮᠵᠢᠯᠡᠨ ᠬᠠᠮᠢᠶᠠᠷᠬᠤ ᠬᠡᠷᠩᠲᠡᠢ ᠬᠤᠷᠢᠨ ᠬᠤᠶᠠᠷ᠂ ᠬᠤᠪᠢ ᠬᠥᠮᠦᠨ ᠤ ᠬᠠᠮᠠᠭᠠᠯᠠᠯᠲᠠ ᠶᠢ ᠴᠠᠭ ᠢᠮᠠᠭᠲᠠ ᠠᠩᠬᠠᠷᠴᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠠᠮᠠᠪᠴᠢ ᠵᠡᠭᠦᠬᠦ ᠶᠢ ᠵᠢᠷᠤᠮᠵᠢᠭᠤᠯᠬᠤ ᠬᠡᠷᠡᠭᠲᠡᠶ᠃ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠬᠥᠮᠦᠨ ᠤ ᠤᠷᠤᠰᠬᠠᠯ ᠨᠡᠯᠢᠶᠡᠳ ᠠᠷᠪᠢᠨ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠳᠠᠭᠠᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠬᠠᠮᠢᠶ᠎ᠠ ᠪᠥᠬᠦᠶ ᠠᠵᠢᠯ ᠳᠤ ᠢᠳᠡᠪᠬᠢᠲᠡᠶ ᠬᠠᠮᠵᠢᠯᠴᠠᠨ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠵᠢᠴᠢ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠠᠵᠢᠯᠲᠠᠳ ᠤᠨ ᠪᠠᠶᠢᠴᠠᠭᠠᠨ ᠰᠢᠯᠭᠠᠬᠤ ᠳᠤ ᠲᠥᠬᠦᠮ ᠦᠵᠡᠭᠦᠯᠬᠦ ᠬᠡᠷᠡᠭᠲᠡᠶ᠃ ᠬᠤᠷᠢᠨ ᠭᠤᠷᠪᠠ᠂ ︽ᠴᠢᠬᠤᠯᠠ ᠥᠬᠡᠶ ᠪᠣᠯ ᠭᠠᠳᠠᠭᠰᠢ ᠭᠠᠷᠬᠤ︾ ᠪᠠᠶᠢᠬᠤ ᠶᠢ ᠪᠠᠷᠢᠮᠲᠠᠯᠠᠵᠤ᠂ ᠬᠢᠯᠢ ᠶᠢᠨ ᠭᠠᠳᠠᠨ᠎ᠠ ᠪᠤᠶᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ᠃ ᠦᠨᠡᠬᠡᠷ ᠣᠴᠢᠬᠤ ᠴᠢᠬᠤᠯᠠᠲᠠᠢ ᠪᠠᠶᠢᠪᠠᠯ᠂ ᠠᠶᠠᠨ ᠵᠠᠮ ᠢᠶᠠᠨ ᠰᠠᠶᠢᠲᠤᠷ ᠲᠥᠯᠥᠪᠵᠢᠭᠦᠯᠵᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠭᠠᠳᠠᠭᠰᠢ ᠭᠠᠷᠬᠤ ᠠᠴᠠ ᠡᠮᠦᠨ᠎ᠡ ᠪᠠ ᠪᠤᠴᠠᠬᠤ ᠠᠴᠠ ᠪᠠᠨ ᠡᠮᠦᠨ᠎ᠡ ᠬᠠᠷᠢᠶ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠲᠡᠷᠡ ᠳᠠᠷᠤᠢ ᠳᠤᠨᠢ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠷᠢᠨ ᠳᠥᠷᠪᠡ᠂ ᠪᠣᠶ ᠪᠥᠬᠦᠶ ᠨᠤᠲᠤᠭ ᠲᠠᠭᠠᠨ ᠪᠤᠴᠠᠬᠰᠠᠳ᠂ ᠨᠢᠩᠴᠧᠩ ᠳᠤ ᠢᠷᠡᠬᠦ ᠬᠦᠮᠦᠰ ᠡᠷᠬᠡᠪᠰᠢ ᠲᠡᠷᠡ ᠳᠠᠷᠤᠶ ᠳᠤᠨᠢ ᠲᠣᠰᠬᠤᠨ ︵ᠨᠡᠶᠢᠭᠡᠮ ᠲᠣᠭᠤᠷᠢᠭ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠤᠬᠠᠮᠰᠠᠷ ᠠᠴᠠ ᠪᠠᠨ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃  ᠬᠤᠷᠢᠨ ᠲᠠᠪᠤ᠂ ᠲᠦᠷᠦᠯ ᠰᠠᠳᠤᠨ ᠨᠠᠶᠢᠵᠠ ᠨᠥᠬᠦᠳ ᠲᠡᠭᠡᠨ ᠠᠶᠢᠯᠴᠢᠯᠠᠬᠤ ᠠᠵᠢᠯᠯᠠᠭ᠎ᠠ ᠶᠢ ᠪᠠᠭᠠᠰᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠠᠶᠢᠯ ᠲᠤᠭᠤᠷᠢᠨ ᠰᠢᠨ᠎ᠡ ᠶᠢᠨ ᠵᠤᠯᠭᠠᠯᠲᠠ ᠬᠢᠬᠦ ᠦᠭᠡᠢ᠂ ᠸᠧᠴᠠᠲ᠂ ᠸᠢᠳᠢᠣ᠋ ᠂ ᠭᠠᠷ ᠤᠲᠠᠰᠤ ᠵᠡᠷᠭᠡ ᠶᠢ ᠬᠡᠷᠡᠭᠯᠡᠨ ᠰᠢᠨ᠎ᠡ ᠶᠢᠨ ᠵᠣᠯᠭᠠᠯᠲᠠ ᠬᠢᠬᠦ ᠶᠢ ᠰᠠᠨᠠᠭᠠᠴᠢᠯᠠᠵᠦ᠂ ᠬᠤᠷᠢᠮ ᠨᠠᠶᠢᠷ ᠡᠷᠭᠢᠯᠡᠬᠦ ᠳᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ︾ ᠲᠣᠭᠲᠠᠵᠤ᠂ ᠵᠣᠴᠢᠳ ᠤᠨ ᠲᠤᠭ᠎ᠠ ᠶᠢ ᠪᠠᠭᠠᠰᠬᠠᠨ᠂ ᠬᠤᠲᠠ ᠶᠢᠨ ᠭᠠᠳᠠᠨᠠᠬᠢ ᠬᠥᠮᠦᠰ ᠢ ᠤᠷᠢᠨ ᠣᠷᠣᠯᠴᠠᠭᠤᠯᠵᠤ ᠪᠣᠯᠬᠤ ᠥᠬᠡᠶ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠶᠢ ᠳᠠᠩᠰᠠᠯᠠᠬᠤ᠂ ᠪᠡᠶ᠎ᠡ ᠶᠢᠨ  ᠲᠤᠯᠠᠭᠠᠨ ᠢ ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠷᠢᠮ ᠨᠠᠶᠢᠷ ᠠᠴᠠ ᠭᠠᠳᠠᠨ᠎ᠠ᠂ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠨᠠᠶᠢᠷ ᠵᠡᠷᠭᠡ ᠶᠢ 10 ᠬᠥᠮᠦᠨ ᠠᠴᠠ ᠳᠣᠷᠣᠭᠰᠢ ᠪᠠᠶᠢᠯᠭᠠᠬᠤ ᠬᠡᠷᠡᠭᠲᠡᠶ᠃  ᠬᠤᠷᠢᠨ ᠵᠢᠷᠭᠤᠭ᠎ᠠ᠂ ︽ᠪᠣᠳᠠᠰ ᠢᠶᠠᠷ ᠬᠠᠯᠳᠠᠪᠤᠷᠢᠯᠠᠬᠤ︾ ᠶᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠳᠠᠭᠠᠨ᠂ ᠢᠷᠡᠯᠲᠡ ᠨᠢ ᠲᠣᠳᠣᠷᠬᠠᠶ ᠦᠭᠡᠶ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠢᠳᠡᠭᠡᠨ ᠢ ᠬᠤᠳᠠᠯᠳᠤᠨ ᠠᠪᠬᠤ ᠦᠭᠡᠶ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ᠂ ᠤᠯᠤᠰ ︵ᠬᠢᠯᠢ︶ ᠤᠨ ᠭᠠᠳᠠᠨ᠎ᠠ ᠠᠴᠠ ᠰᠦᠯᠵᠢᠶ᠎ᠡ ᠪᠠᠷ ᠬᠤᠳᠠᠯᠳᠤᠨ ᠠᠪᠬᠤ ᠦᠭᠡᠶ᠃ ᠲᠦᠷᠭᠡᠨ ᠬᠦᠷᠭᠡᠯᠲᠡ ᠶᠢᠨ ᠪᠣᠭᠤᠳᠠᠯ ᠢ ᠭᠥᠯᠢᠶᠡᠨ ᠠᠪᠬᠤ᠂ ᠬᠡᠷ ᠲᠡᠭᠡᠨ ᠬᠦᠢᠲᠡᠨ ᠬᠦᠯᠳᠡᠭᠦᠦ ᠬᠡᠯᠬᠢᠶ᠎ᠡ ᠢᠳᠡᠭᠡᠨ ᠢ ᠤᠬᠢᠶᠠᠵᠤ ᠴᠡᠪᠡᠷᠯᠡᠬᠦ ᠳᠡᠭᠡᠨ ᠨᠢᠭᠡ ᠯᠡ ᠤᠳᠠᠭ᠎ᠠ ᠶᠢᠨ ᠴᠢᠨᠠᠷᠲᠠᠶ ᠪᠡᠭᠡᠯᠡᠶ ᠵᠡᠭᠦᠵᠦ᠂ ᠪᠠᠷᠠᠭ᠎ᠠ ᠶᠢ ᠨᠡᠭᠡᠭᠡᠬᠦ ᠠᠴᠠ ᠡᠮᠦᠨ᠎ᠡ ᠪᠣᠭᠤᠳᠠᠯ ᠢᠶᠠᠨ 75 % ᠶᠢᠨ ᠰᠫᠢᠷᠲ ᠢᠶᠠᠷ ᠠᠷᠢᠭᠤᠳᠬᠠᠬᠤ ᠬᠡᠷᠡᠭᠲᠡᠶ᠃  ᠬᠤᠷᠢᠨ ᠲᠤᠯᠤᠭ᠎ᠠ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠤᠢ ᠪᠣᠯᠭᠠᠬᠤ ᠬᠡᠷᠡᠭᠲᠡᠢ᠃ ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ ᠤᠨ ᠡᠯ᠎ᠡ ᠭᠤᠭᠴᠤᠭ᠎ᠠ ᠶᠢᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ︽ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠦᠷᠭᠦᠯᠵᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠨᠢᠭᠡ ᠮᠧᠲᠷ ᠤᠨ ᠵᠠᠢ᠂ ᠨᠡᠶᠢᠲᠡ ᠶᠢᠨ ᠰᠠᠪᠬ᠎ᠠ ᠬᠡᠷᠡᠭᠯᠡᠬᠦ ︾ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠬᠤ ᠬᠡᠷᠡᠭᠲᠡᠶ᠃  ᠬᠤᠷᠢᠨ ᠨᠠᠢᠮᠠ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠨᠡᠶᠢᠭᠡᠮ ᠲᠣᠭᠤᠷᠢᠭ ᠤᠨ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠬᠦ ᠪᠠ ᠬᠠᠮᠢᠶᠠᠷᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠵᠦ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠭᠦᠢᠴᠡᠳᠭᠡᠬᠦ ᠶᠢ ᠲᠡᠪᠴᠢᠭᠰᠡᠳ ᠢ ᠬᠠᠤᠯᠢ ᠶᠣᠰᠣᠭᠠᠷ ᠴᠢᠩᠭ᠎ᠠ ᠰᠢᠢᠳᠭᠡᠬᠦ ᠬᠡᠷᠡᠭᠲᠡᠶ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃  ᠬᠤᠷᠢ ᠶᠢᠰᠦ᠂ ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ᠂ ᠡᠷᠬᠡ ᠰᠦᠷᠲᠦ ᠰᠦᠯᠵᠢᠶ᠎ᠡ ᠵᠡᠷᠭᠡ ᠵᠠᠭᠤᠴᠢᠯᠠᠭᠤᠷ ᠠᠴᠠ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠬᠤ ᠬᠡᠷᠡᠭᠲᠡᠶ᠃ ᠰᠦᠯᠵᠢᠶᠡᠨ ᠴᠤᠤᠷᠬᠠᠯ ᠵᠣᠬᠢᠶᠠᠵᠤ ᠲᠠᠷᠬᠠᠭᠠᠭᠰᠠᠨ ᠶᠠᠯᠠᠲᠤ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠠᠨ᠎ᠠ   ᠨᠢᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ          2021 ᠣᠨ ᠤ 1 ᠰᠠᠷ᠎ᠠ ᠶᠢᠨ 8 ᠤ ᠡᠳᠦᠷ
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号