| ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠬᠦ ᠶᠢᠨ ᠲᠥᠯᠥᠭᠡ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠬᠤᠭᠤᠴᠠᠭᠠᠨ ᠳᠤ᠂ ᠨᠢᠩᠴᠧᠩ ᠰᠢᠶᠠᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠷᠥᠯ ᠵᠤᠶᠢᠯ ᠢ | ᠵᠤᠶᠢᠯ ᠳᠠᠷᠠᠭᠠᠯᠠᠨ ᠰᠢᠭᠦᠵᠦ᠂ ᠲᠠᠰ ᠳᠠᠷᠠᠭᠠᠯᠠᠯ ᠨᠢ ᠶᠠᠷᠰᠢᠭ ᠲᠦᠪᠡᠭᠲᠡᠶ᠂ ᠭᠦᠢᠴᠡᠳᠭᠡᠬᠦ ᠴᠠᠭ ᠤᠨ ᠬᠢᠵᠠᠭᠠᠷ ᠨᠢ | ᠬᠡᠲᠦ ᠣᠷᠳᠣ ᠵᠤᠶᠢᠯᠡᠰ ᠢ ᠴᠥᠭᠡᠳᠬᠡᠵᠦ᠂ ᠮᠠᠲ᠋ᠧᠷᠢᠶᠠᠯ ᠢ ᠳᠥᠭᠦᠮᠴᠢᠯᠡᠬᠦ᠂ ᠴᠤᠪᠤᠷᠠᠯ ᠢ ᠰᠢᠯᠢᠳᠡᠭᠵᠢᠭᠦᠯᠬᠦ᠂ | ᠴᠠᠭ ᠤᠨ ᠬᠢᠵᠠᠭᠠᠷ ᠢ ᠪᠠᠭᠠᠰᠬᠠᠬᠤ ᠵᠡᠷᠭᠡ ᠣᠯᠠᠨ ᠵᠤᠶᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠦᠢᠯᠡᠴᠢᠯᠡᠭᠡᠨ ᠤ | ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠠᠶᠢᠵᠢᠷᠠᠭᠤᠯᠤᠨ᠂ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠪᠠ᠃ | ᠨᠢᠭᠡ ᠳᠤ ︽ᠲᠦᠢᠯ ᠤᠨ ᠳᠥᠭᠦᠮ ᠬᠢᠨᠠᠨ ᠵᠥᠪᠰᠢᠶᠡᠷᠡᠬᠦ︾ ᠵᠠᠭᠪᠤᠷ ᠢ ᠬᠡᠷᠩᠵᠢᠭᠦᠯᠪᠡ᠃ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠵᠤᠶᠢᠯᠡᠰ ᠵᠢᠴᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠬᠢᠨᠠᠨ ᠵᠥᠪᠰᠢᠶᠡᠷᠡᠬᠦ ᠴᠤᠪᠤᠷᠠᠯ ᠢ | ᠬᠢᠨᠠᠮᠠᠭᠠᠶ ᠡᠮᠬᠢᠯᠡᠵᠦ᠂ ᠰᠢᠯᠢᠳᠡᠭᠵᠢᠭᠦᠯᠦᠨ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ | ᠦᠨᠳᠦᠰᠦ ᠪᠠᠷᠢᠮᠲᠠ ᠥᠬᠡᠶ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠡᠷᠡᠰ | ᠬᠦᠴᠦᠨ ᠥᠬᠡᠶ ᠪᠣᠯᠭᠠᠪᠠ᠃ ᠬᠢᠨᠠᠨ ᠵᠥᠪᠰᠢᠶᠡᠷᠡᠬᠦ ᠵᠤᠶᠢᠯᠡᠰ ᠢ ᠬᠢᠨᠠᠨ ᠵᠥᠪᠰᠢᠶᠡᠷᠡᠬᠦ ᠭᠤᠭᠴᠤᠭ᠎ᠠ ᠶᠢ 1 / 3 ᠪᠠᠷ | ᠪᠠᠭᠠᠰᠬᠠᠵᠤ᠂ ᠬᠢᠨᠠᠨ ᠵᠥᠪᠰᠢᠶᠡᠷᠡᠬᠦ ᠴᠢᠬᠤᠯᠠ ᠮᠠᠲ᠋ᠧᠷᠢᠶᠠᠯ ᠢ 30 % ᠪᠠᠷ ᠪᠠᠭᠠᠰᠬᠠᠵᠤ᠂ ᠬᠢᠨᠠᠨ ᠵᠥᠪᠰᠢᠶᠡᠷᠡᠬᠦ | ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ 50 % ᠪᠠᠷ | ᠪᠠᠭᠠᠰᠬᠠᠪᠠ᠃ | ᠬᠤᠶᠠᠷ ᠲᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠡᠷᠭᠡ ᠳᠤᠨᠢ ᠬᠢᠨᠠᠨ ᠵᠥᠪᠰᠢᠶᠡᠷᠡᠬᠦ ᠶᠢ | ᠬᠡᠷᠩᠵᠢᠭᠦᠯᠪᠡ᠃ ᠦᠢᠯᠡᠴᠢᠯᠡᠭᠡᠨ ᠤ ᠶᠡᠭᠡ ᠲᠢᠩᠬᠢᠮ ᠳᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ | ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠶᠡᠷᠦᠩᠬᠡᠶᠢᠯᠡᠨ ᠬᠦᠯᠢᠶᠡᠨ ᠠᠪᠴᠤ ᠰᠢᠢᠳᠪᠤᠷᠢᠯᠡᠬᠦ ᠴᠤᠩᠬᠤᠪᠴᠢ ᠪᠠ ᠬᠢᠨᠠᠨ ᠵᠥᠪᠰᠢᠶᠡᠷᠡᠬᠦ ᠶᠢ ᠨᠢᠭᠡ | ᠴᠣᠭᠴᠠᠵᠢᠭᠤᠯᠤᠭᠰᠠᠨ ᠦᠢᠯᠡᠴᠢᠯᠡᠭᠡᠨ ᠤ ᠲᠣᠭᠤᠷᠢᠭ ᠢ ᠵᠣᠬᠢᠶᠠᠨ ᠪᠠᠶᠢᠭᠤᠯᠵᠤ᠂ ︽ᠨᠢᠩᠴᠧᠩ ᠰᠢᠶᠠᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠨᠡᠶᠢᠯᠡᠭᠦᠯᠵᠦ ᠬᠠᠮᠲᠤᠷᠠᠨ ᠬᠢᠨᠠᠨ ᠵᠥᠪᠰᠢᠶᠡᠷᠡᠬᠦ ᠠᠵᠢᠯ ᠤᠨ ᠬᠡᠷᠡᠭᠵᠢᠭᠦᠯᠬᠦ | ᠲᠥᠰᠦᠯ︾ ᠢ ᠲᠣᠭᠲᠠᠭᠠᠵᠤ᠂ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ ᠰᠢᠢᠳᠪᠤᠷᠢᠯᠡᠬᠦ᠂ ᠭᠤᠣᠯᠯᠠᠨ | ᠡᠷᠬᠢᠯᠡᠬᠦ᠂ ᠵᠡᠷᠭᠡ ᠳᠤᠨᠢ ᠬᠠᠮᠲᠤᠷᠠᠨ ᠬᠢᠨᠠᠬᠤ᠂ ᠬᠠᠮᠲᠤᠷᠠᠨ ᠬᠠᠶᠢᠨ ᠰᠢᠨᠵᠢᠬᠦ᠂ ᠬᠤᠭᠤᠴᠠᠭ᠎ᠠ ᠬᠢᠵᠠᠭᠠᠷᠯᠠᠨ | ᠭᠦᠢᠴᠡᠳᠬᠡᠵᠦ ᠳᠠᠭᠤᠰᠬᠠᠬᠤ︾ ᠠᠵᠢᠯᠯᠠᠭᠠᠨ ᠤ ᠵᠠᠭᠪᠤᠷ ᠶᠣᠰᠣᠭᠠᠷ᠂ ᠨᠢᠭᠡ ᠬᠤᠪᠢ ᠶᠠᠪᠤᠳᠠᠯ ᠭᠦᠢᠴᠡᠳᠬᠡᠬᠦ | ᠵᠦᠭᠯᠡᠭᠦᠷ᠂ ᠨᠢᠭᠡ ᠬᠤᠪᠢ ᠭᠤᠶᠤᠴᠢᠯᠠᠯ ᠤᠨ ᠬᠦᠰᠦᠨᠦᠭ᠂ ᠨᠢᠭᠡ ᠢᠵᠢ ᠭᠤᠶᠤᠴᠢᠯᠠᠯ ᠤᠨ ᠮᠠᠲ᠋ᠧᠷᠢᠶᠠᠯ ᠢᠶᠠᠷ ᠬᠢᠨᠠᠨ | ᠵᠥᠪᠰᠢᠶᠡᠷᠡᠬᠦ ᠶᠢ ᠬᠡᠷᠩᠵᠢᠭᠦᠯᠪᠡ᠃ | ᠭᠤᠷᠪᠠ ᠳᠤ ᠲᠥᠯᠥᠪᠵᠢᠭᠦᠯᠭᠡ ᠶᠢ ᠬᠢᠨᠠᠬᠤ ᠦᠢᠯᠡᠴᠢᠯᠡᠭᠡ ᠶᠢ ᠰᠢᠯᠢᠳᠡᠭᠵᠢᠭᠦᠯᠪᠡ᠃ ᠲᠥᠯᠥᠪᠵᠢᠭᠦᠯᠭᠡ ᠶᠢᠨ | ᠵᠢᠷᠤᠭ ᠬᠢᠨᠠᠬᠤ ᠠᠯᠪᠠᠨ ᠭᠡᠷ ᠢ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ | ᠰᠢᠶᠠᠨ ᠤ ᠱᠠᠲᠤᠨ ᠤ ᠬᠢᠨᠠᠨ ᠵᠥᠪᠰᠢᠶᠡᠷᠡᠬᠦ ᠲᠥᠯᠥᠪᠵᠢᠭᠦᠯᠭᠡ ᠶᠢᠨ ᠲᠥᠷᠥᠯ ᠤᠨ ᠵᠢᠷᠤᠭ ᠢ ᠨᠢᠭᠡᠳᠦᠯᠲᠡᠶ ᠬᠢᠨᠠᠨ | ᠬᠠᠷᠭᠤᠭᠤᠯᠬᠤ ᠶᠢᠨ ᠬᠠᠮᠲᠤ᠂ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠲᠤ ᠣᠷᠣᠵᠤ ᠰᠠᠭᠤᠵᠤ᠂ ᠬᠢᠨᠠᠨ ᠵᠥᠪᠰᠢᠶᠡᠷᠡᠬᠦ᠂ ᠵᠢᠷᠤᠭ ᠬᠢᠨᠠᠬᠤ ᠶᠢ ᠨᠢᠭᠡ | ᠴᠣᠭᠴᠠᠵᠢᠭᠤᠯᠤᠨ ᠠᠵᠢᠯᠯᠠᠭᠤᠯᠬᠤ ᠶᠢ ᠪᠡᠶᠡᠯᠡᠭᠦᠯᠪᠡ᠃ | ᠳᠥᠷᠪᠡ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠲᠤᠬᠠᠶ ᠶᠢᠨ ᠡᠳᠦᠷ ᠲᠤ ᠬᠢᠵᠦ ᠳᠠᠭᠤᠰᠬᠠᠬᠤ ᠶᠢ | ᠠᠬᠢᠭᠤᠯᠪᠠ᠃ ᠬᠡᠷ ᠬᠥᠷᠥᠩᠭᠡ᠂ ᠭᠠᠶᠢᠯᠢ ᠶᠢᠨ ᠶᠠᠪᠤᠳᠠᠯ᠂ ᠰᠡᠯᠪᠢᠨ ᠵᠠᠰᠠᠬᠤ ᠰᠠᠭᠤᠷᠢ ᠮᠥᠩᠭᠦ᠂ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠬᠦ ᠳᠥᠷᠪᠡᠨ ᠰᠠᠯᠠᠭ᠎ᠠ ᠮᠥᠴᠢᠷ ᠢ ᠭᠦᠢᠴᠡᠳ ᠡᠮᠬᠢᠯᠡᠨ ᠨᠡᠶᠢᠯᠡᠭᠦᠯᠵᠦ᠂ ᠬᠡᠷ | ᠬᠥᠷᠥᠩᠭᠡ᠂ ᠥᠯᠥ ᠬᠥᠳᠡᠯᠬᠦ ᠬᠥᠷᠥᠩᠭᠡ ᠶᠢ ᠬᠠᠮᠲᠤᠷᠠᠨ ᠬᠢᠨᠠᠨ ᠵᠥᠪᠰᠢᠶᠡᠷᠡᠬᠦ ᠠᠯᠪᠠᠨ ᠬᠡᠷ ᠢ ᠪᠠᠶᠢᠭᠤᠯᠤᠨ᠂ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ | ᠠᠪᠴᠤ ᠰᠢᠢᠳᠪᠤᠷᠢᠯᠡᠬᠦ ᠴᠤᠩᠬᠤᠪᠴᠢ ᠳᠣᠭᠢᠷᠠᠭᠤᠯᠵᠤ᠂ ︽ᠡᠮᠦᠨ᠎ᠡ ᠲᠠᠪᠴᠠᠩ ᠳᠤ ᠨᠢᠭᠡ ᠯᠡ ᠴᠤᠩᠬᠤᠪᠴᠢ ᠪᠠᠷ | ᠭᠥᠯᠢᠶᠡᠨ ᠠᠪᠴᠤ ᠭᠦᠢᠴᠡᠳᠭᠡᠬᠦ᠂ ᠠᠷᠤ ᠲᠠᠯ᠎ᠠ ᠳᠤ ᠨᠡᠶᠢᠯᠡᠭᠦᠯᠦᠨ ᠬᠢᠨᠠᠨ ᠵᠥᠪᠰᠢᠶᠡᠷᠡᠬᠦ︾ ᠭᠦᠢᠴᠡᠳᠭᠡᠬᠦ ᠵᠠᠭᠪᠤᠷ ᠢ | ᠪᠡᠶᠡᠯᠡᠭᠦᠯᠦᠨ᠂ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ 50 % ᠪᠠᠷ ᠪᠠᠭᠠᠰᠬᠠᠵᠤ᠂ ᠬᠡᠷ ᠬᠥᠷᠥᠩᠭᠡ ᠶᠢᠨ | ᠠᠷᠠᠯᠵᠢᠶ᠎ᠠ ᠶᠢ ︽ᠨᠢᠭᠡ ᠡᠳᠦᠷ ᠲᠤ ᠭᠦᠢᠴᠡᠳᠭᠡᠬᠦ︾ ᠬᠠᠷᠠᠯᠲᠠ ᠶᠢ ᠪᠡᠶᠡᠯᠡᠭᠦᠯᠪᠡ᠃ | ᠲᠠᠪᠤ ᠳᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡ ᠶᠢ ᠠᠬᠢᠭᠤᠯᠪᠠ᠃ | ᠭᠠᠷᠴᠠᠭ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ ᠴᠤᠪᠤᠷᠠᠯ ᠢ | ᠰᠢᠯᠢᠳᠡᠭᠵᠢᠭᠦᠯᠦᠨ ᠳᠠᠬᠢᠨ ᠵᠣᠬᠢᠶᠠᠬᠤ᠂ ᠠᠵᠢᠯ ᠤᠨ ᠲᠦᠷᠢᠮ ᠢ ᠲᠣᠭᠲᠠᠭᠠᠨ ᠲᠡᠭᠦᠯᠳᠡᠷᠵᠢᠭᠦᠯᠬᠦ᠂ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠬᠦ︾ ᠬᠤᠷᠠᠮᠠᠯ ᠦᠢᠯᠡᠴᠢᠯᠡᠭᠡ ᠶᠢ ᠬᠡᠷᠡᠭᠵᠢᠭᠦᠯᠬᠦ ᠪᠠᠷ | ᠳᠠᠮᠵᠢᠭᠤᠯᠤᠨ᠂ ᠨᠢᠭᠡ ᠯᠡ ᠤᠳᠠᠭ᠎ᠠ ᠳᠤ ᠮᠡᠳᠡᠭᠳᠡᠬᠦ᠂ ᠨᠢᠭᠡ ᠯᠡ ᠬᠠᠭᠤᠳᠠᠰᠤ ᠬᠦᠰᠦᠨᠦᠭᠯᠡᠬᠦ᠂ ᠨᠢᠭᠡ ᠯᠡ | ᠤᠳᠠᠭ᠎ᠠ ᠳᠤ ᠬᠤᠯᠪᠣᠭᠠᠯᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠭᠡᠬᠦ ᠶᠢ ᠬᠡᠷᠡᠭᠵᠢᠭᠦᠯᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠥᠨᠳᠥᠷ | ᠳᠠᠪᠲᠠᠮᠵᠢᠲᠤ ᠵᠤᠶᠢᠯᠡᠰ ᠢ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠶᠢ ᠴᠢᠷᠮᠠᠶᠢᠨ ᠪᠡᠶᠡᠯᠡᠭᠦᠯᠪᠡ᠃ | ᠣᠳᠣᠬᠠᠨ ᠳᠤ 34 ᠵᠤᠶᠢᠯ ᠤᠨ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠬᠢᠨᠠᠨ ᠵᠥᠪᠰᠢᠶᠡᠷᠡᠬᠦ | ᠵᠤᠶᠢᠯᠡᠰ ᠢ ᠨᠢᠭᠡᠨᠲᠡ ᠨᠡᠶᠢᠲᠡᠯᠡᠵᠦ᠂ ᠭᠦᠢᠴᠡᠳᠭᠡᠬᠦ ᠭᠤᠭᠴᠤᠭ᠎ᠠ ᠶᠢ 50 % ᠠᠴᠠ ᠳᠡᠭᠡᠭᠰᠢ ᠪᠠᠭᠠᠰᠬᠠᠨ᠂ | ᠭᠦᠢᠴᠡᠳᠭᠡᠬᠦ ᠴᠠᠭ ᠢ 70 % ᠪᠠᠷ ᠪᠠᠭᠠᠰᠬᠠᠵᠤ᠂ ᠮᠡᠳᠡᠭᠦᠯᠬᠦ ᠮᠠᠲ᠋ᠧᠷᠢᠶᠠᠯ ᠢ ᠪᠦᠬᠦᠨ ᠢ ᠬᠠᠮᠲᠤ ᠪᠠᠷ ᠡᠳ᠋ᠯᠡᠬᠦ ᠶᠢ | ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠪᠡ | ᠃ |