| ᠤᠢᠢᠷ᠎ᠠ ᠶᠢᠨ ᠬᠤᠭᠤᠴᠠᠭᠠᠨ ᠳᠤ᠂ ᠡᠷᠬᠢᠨ ᠲᠣᠭᠤᠷᠢᠨ ᠤ ᠭᠠᠵᠠᠷ ᠣᠷᠣᠨ ᠪᠡᠭᠡᠵᠢᠩ ᠬᠤᠳᠠ᠂ ᠾᠧᠪᠸᠢ ᠮᠤᠵᠢ᠂ | ᠯᠢᠶᠣᠤᠨᠢᠩ ᠮᠤᠵᠢ ᠵᠡᠷᠭᠡ ᠭᠠᠵᠠᠷ ᠲᠤ ᠴᠥᠮ ᠠᠳᠠᠯᠢ ᠪᠤᠰᠤ ᠬᠡᠮᠵᠢᠶᠡᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢᠯᠡᠷᠡᠵᠦ᠂ ᠢᠯᠠᠩᠭᠤᠶ᠎ᠠ ᠴᠠᠭᠠᠨ ᠰᠠᠷ᠎ᠠ ᠣᠶᠢᠷᠠᠲᠤᠬᠤ ᠶᠢ ᠳᠠᠭᠠᠯᠳᠤᠨ᠂ | ᠬᠥᠮᠦᠰ ᠤᠨ ᠨᠡᠭᠦᠳᠡᠯ ᠤᠨ ᠴᠢᠨᠠᠷ ᠨᠡᠮᠡᠭᠳᠡᠵᠦ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠰᠢᠷᠠᠵᠤ᠂ ᠬᠢᠵᠢᠭ ᠤᠨ | ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠨᠡᠮᠡᠭᠳᠡᠭᠦᠯᠪᠡ᠃ ᠪᠥᠬᠦ ᠰᠢᠶᠠᠨ ᠤ ᠡᠪᠦᠯ | ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠬᠤ ᠶᠢᠨ | ᠲᠥᠯᠥᠭᠡ᠂ ᠤᠯᠠᠭᠠᠨᠬᠠᠳᠠ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠲᠦ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︽4 ᠳ᠋ᠦ᠋ᠭᠡᠷ ᠲᠣᠭᠠᠲᠤ | ᠵᠠᠷᠯᠢᠭ︾ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠳᠣᠤᠷᠠᠬᠢ ᠮᠡᠲᠦ ᠵᠠᠷᠯᠢᠭ ᠪᠠᠭᠤᠯᠭᠠᠪᠠ᠄ | ᠨᠢᠭᠡ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠢᠨ ᠠᠵᠢᠯᠲᠠᠨ ᠢ ᠵᠣᠬᠢᠶᠠᠨ ᠪᠠᠶᠢᠭᠤᠯᠤᠨ ᠡᠷᠦᠬᠡ ᠳᠤ | ᠬᠦᠷᠴᠦ ᠪᠠᠶᠢᠳᠠᠯ ᠢ ᠣᠶᠢᠯᠭᠠᠨ ᠵᠢᠭᠰᠠᠭᠠᠵᠤ᠂ ᠨᠤᠲᠤᠭ ᠲᠠᠭᠠᠨ ᠪᠤᠴᠠᠭᠰᠠᠨ ᠬᠥᠮᠦᠰ ︵ᠢᠯᠠᠩᠭᠤᠶ᠎ᠠ ᠬᠦᠢᠲᠡᠨ | ᠬᠦᠯᠳᠡᠭᠦᠦ ᠬᠡᠯᠬᠢᠶ᠎ᠡ ᠢᠳᠡᠭᠡᠨ ᠤ ᠬᠠᠮᠢᠶ᠎ᠠ ᠪᠥᠬᠦᠶ ᠠᠵᠢᠯ ᠢ ᠬᠢᠵᠦ ᠪᠠᠶᠢᠭ᠎ᠠ ᠨᠤᠲᠤᠭ ᠲᠠᠭᠠᠨ ᠪᠤᠴᠠᠭᠰᠠᠨ ᠬᠥᠮᠦᠰ︶᠂ | ᠭᠠᠳᠠᠨ᠎ᠠ ᠠᠴᠠ ᠢᠷᠡᠭᠰᠡᠨ ᠬᠥᠮᠦᠰ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠥᠮᠦᠰ᠂ ᠬᠢᠯᠢ ᠪᠠᠷ | ᠣᠷᠣᠵᠤ ᠢᠷᠡᠭᠰᠡᠨ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢ ᠲᠠᠩᠰᠠᠯᠠᠬᠤ ᠪᠠ ᠡᠳᠦᠷ | ᠲᠤᠲᠤᠮ ᠤᠨ ᠡᠷᠡᠭᠦᠯ ᠮᠡᠨᠳᠦ ᠶᠢ ᠬᠢᠨᠠᠨ ᠰᠢᠨᠵᠢᠬᠦ ᠠᠵᠢᠯ ᠢ ᠰᠠᠶᠢᠲᠤᠷ ᠬᠢᠵᠦ᠂ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠶᠢ ᠰᠢᠮᠳᠠᠭᠤᠯᠤᠨ ᠰᠠᠶᠢᠲᠤᠷ ᠨᠠᠶᠢᠳᠠᠪᠤᠷᠢᠵᠢᠭᠤᠯᠬᠤ ᠬᠡᠷᠩᠳᠡᠢ᠂ ᠵᠢᠱᠢᠶᠡᠯᠡᠪᠡᠯ | ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠥᠪᠡᠷ ᠢ ᠪᠠᠨ ᠲᠤᠰᠠᠭᠠᠷᠯᠠᠬᠤ ᠶᠢᠨ ᠬᠠᠮᠲᠤ | ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠬᠦ ᠬᠡᠷᠩᠲᠡᠢ᠃ | ᠬᠤᠶᠠᠷ᠂ ︽ᠴᠢᠬᠤᠯᠠ ᠦᠭᠡᠢ ᠪᠣᠯ ᠨᠤᠲᠤᠭ ᠲᠠᠭᠠᠨ ᠪᠤᠴᠠᠬᠤ ᠥᠬᠡᠶ ᠪᠠᠶᠢᠬᠤ︾ ᠶᠢ ᠰᠠᠨᠠᠭᠠᠴᠢᠯᠠᠵᠤ᠂ ᠦᠨᠡᠨᠬᠦ | ᠨᠤᠲᠤᠭ ᠲᠠᠭᠠᠨ ᠪᠤᠴᠠᠬᠤ ᠴᠢᠬᠤᠯᠠᠲᠠᠶ ᠪᠠᠶᠢᠪᠠᠯ ᠡᠷᠬᠡᠪᠰᠢ ᠪᠥᠬᠦ ᠶᠠᠪᠤᠴᠠ ᠳᠤ ᠬᠤᠪᠢ ᠬᠥᠮᠦᠨ ᠤ ᠰᠡᠷᠭᠡᠶᠢᠯᠡᠯᠲᠡ | ᠬᠠᠮᠠᠭᠠᠯᠠᠯᠲᠠ ᠪᠠᠨ ᠰᠠᠶᠢᠲᠤᠷ ᠬᠢᠵᠦ᠂ ᠵᠣᠬᠢᠰᠲᠠᠶ ᠪᠤᠴᠠᠬᠤ ᠠᠷᠭ᠎ᠠ ᠮᠠᠶ᠋ᠢᠭ ᠵᠢᠴᠢ ᠵᠠᠮ ᠱᠤᠭᠤᠮ ᠢ ᠰᠣᠩᠭᠤᠵᠤ᠂ | ᠵᠠᠮ ᠵᠠᠭᠤᠷ᠎ᠠ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃ ᠳᠤᠮᠳᠠ ᠥᠨᠳᠥᠷ ᠲᠠᠰ ᠤᠨ ᠠᠶᠤᠯ | ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠵᠦ ᠦᠩᠭᠡᠷᠡᠭᠰᠡᠨ ᠬᠥᠮᠦᠰ ᠰᠠᠭᠤᠭ᠎ᠠ ᠭᠠᠵᠠᠷ ᠤᠨ ᠢᠶᠠᠨ | ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠠᠮᠢᠶ᠎ᠠ ᠪᠥᠬᠦᠶ ᠪᠠᠶᠢᠳᠠᠯ ᠢᠶᠠᠨ ᠲᠡᠷᠡ ᠳᠠᠷᠤᠶ ᠳᠤᠨᠢ ᠮᠡᠳᠡᠭᠦᠯᠦᠨ | ᠳᠠᠩᠰᠠᠯᠠᠭᠤᠯᠬᠤ ᠶᠢᠨ ᠬᠠᠮᠲᠤ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ | ᠮᠥᠴᠢᠷ ᠤᠨ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ | ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠ᠂ ᠬᠢᠯᠢ ᠶᠢᠨ ᠭᠠᠳᠠᠨ᠎ᠠ ᠠᠴᠠ ᠤᠯᠤᠰ ᠲᠠᠭᠠᠨ ᠪᠤᠴᠠᠵᠤ ᠢᠷᠡᠭᠰᠡᠨ ᠬᠥᠮᠦᠰ ᠢ ᠬᠢᠯᠢ ᠶᠢᠨ ᠲᠤᠳᠤᠷ᠎ᠠ | ᠤᠷᠤᠵᠦ ᠢᠷᠡᠭᠰᠡᠨ ᠭᠠᠵᠠᠷ ᠲᠤ ᠨᠢ 14 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ ᠲᠤ ᠨᠢ 14 | ᠡᠳᠦᠷ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ︵ᠪᠤᠶᠤ | ᠬᠢᠯᠢ ᠳᠤ ᠣᠷᠣᠵᠤ ᠢᠷᠡᠭᠰᠡᠨ ᠭᠠᠵᠠᠷ ᠲᠤ 7 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ ᠲᠤ 21 | ᠡᠳᠦᠷ ᠲᠥᠪᠯᠡᠷᠡᠭᠦᠯᠦᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︶ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠩᠳᠡᠢ᠃ ᠠᠶᠤᠯ ᠲᠦᠭᠰᠢᠭᠦᠷᠢ ᠶᠡᠬᠡᠲᠡᠶ ᠭᠠᠵᠠᠷ | ᠣᠷᠣᠨ ᠠᠴᠠ ᠨᠢᠩᠴᠧᠩ ᠳᠤ ᠢᠷᠡᠭᠰᠡᠨ ᠪᠤᠶᠤ ᠨᠢᠩᠴᠧᠩ ᠳᠤ ᠪᠤᠴᠠᠵᠦ ᠢᠷᠡᠭᠰᠡᠨ ᠬᠥᠮᠦᠰ ᠢ ᠬᠠᠷᠢᠶ᠎ᠠ | ᠭᠠᠵᠠᠷ ᠤᠨ ᠬᠢᠨ 14 ᠡᠳᠦᠷ ᠲᠥᠪᠯᠡᠷᠡᠭᠦᠯᠦᠨ ᠲᠤᠰᠠᠭᠠᠷᠯᠠᠬᠤ + 14 ᠡᠳᠦᠷ ᠬᠡᠷ ᠲᠡᠭᠡᠨ ᠲᠤᠰᠠᠭᠠᠷᠯᠠᠬᠤ + 3 | ᠤᠳᠠᠭ᠎ᠠ ᠪᠥᠭᠡᠮ ᠬᠦᠴᠢᠯ ᠢ ᠰᠢᠯᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠩᠳᠡᠢ᠃ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠠᠴᠠ ᠨᠢᠩᠴᠧᠩ ᠳᠤ | ᠢᠷᠡᠭᠰᠡᠨ ᠪᠤᠶᠤ ᠨᠢᠩᠴᠧᠩ ᠳᠤ ᠪᠤᠴᠠᠵᠦ ᠢᠷᠡᠭᠰᠡᠨ ᠬᠥᠮᠦᠰ ᠢ ᠬᠠᠷᠢᠶ᠎ᠠ ᠭᠠᠵᠠᠷ ᠤᠨ ᠬᠢᠨ 14 ᠡᠳᠦᠷ ᠬᠡᠷ ᠲᠡᠭᠡᠨ | ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ + 14 ᠡᠳᠦᠷ ᠤᠨ ᠡᠷᠡᠭᠦᠯ | ᠮᠡᠨᠳᠦ ᠶᠢ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠩᠳᠡᠢ᠃ | ᠳᠥᠷᠪᠡ᠂ KTV᠂ ᠠᠷᠢᠬᠢᠨ ᠪᠠᠭᠠᠷ᠂ ᠰᠦᠯᠵᠢᠶᠡᠨ ᠤ ᠪᠠᠭᠠᠷ᠂ ᠲᠣᠭᠯᠠᠭᠠᠮ ᠤᠨ ᠲᠢᠩᠬᠢᠮ ᠵᠡᠷᠭᠡ ᠰᠣᠶᠣᠯ | ᠴᠡᠩᠭᠡᠯ ᠤᠨ ᠲᠠᠯᠠᠪᠤᠷ ᠵᠢᠴᠢ ᠺᠢᠨᠣ᠋ ᠲᠢᠶᠠᠲᠷ᠂ ᠨᠣᠮ ᠤᠨ ᠰᠠᠩ᠂ ᠮᠦᠽᠧᠶ᠂ ᠪᠡᠶ᠎ᠡ ᠴᠢᠭᠢᠷᠠᠭᠵᠢᠭᠤᠯᠬᠤ ᠲᠠᠯᠠᠪᠤᠷ | ᠣᠷᠳᠣᠨ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ᠂ ᠬᠡᠤᠬᠡᠳ ᠰᠠᠭᠠᠲᠠᠭᠤᠯᠬᠤ ᠪᠠᠶᠢᠭᠤᠯᠤᠮᠵᠢ | ᠵᠡᠷᠭᠡ ᠲᠠᠯᠠᠪᠤᠷ ᠭᠠᠵᠠᠷ ᠨᠢ ᠬᠢᠵᠢᠭ ᠢ ᠰᠡᠷᠭᠡᠶᠢᠯᠡᠨ ᠬᠤᠷᠢᠭᠯᠠᠬᠤ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠭᠥᠯᠢᠶᠡᠨ ᠠᠪᠬᠤ ᠬᠥᠮᠦᠨ ᠨᠢ ᠬᠢᠨᠠᠨ ᠲᠣᠭᠲᠠᠭᠠᠭᠰᠠᠨ ᠬᠥᠮᠦᠨ ᠤ | ᠲᠤᠭ᠎ᠠ ᠶᠢᠨ 75 % ᠠᠴᠠ ᠬᠡᠲᠦᠷᠡᠵᠦ ᠪᠣᠯᠬᠤ ᠥᠬᠡᠶ᠃ | ᠲᠠᠪᠤ᠂ ᠵᠣᠴᠢᠳ ᠤᠨ ᠪᠠᠭᠤᠳᠠᠯ ᠵᠡᠷᠭᠡ ᠡᠯ᠎ᠡ ᠲᠥᠷᠥᠯ ᠤᠨ ᠢᠳᠡᠭᠡᠨ ᠤᠮᠳᠠᠭᠠᠨ᠂ ᠬᠤᠨᠣᠭᠯᠠᠬᠤ ᠭᠠᠵᠠᠷ ᠨᠢ | ᠣᠷᠣᠵᠤ ᠰᠠᠭᠤᠬᠤ ᠬᠥᠮᠦᠰ ᠤᠨ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠬᠦ ᠶᠢ ᠰᠠᠶᠢᠲᠤᠷ ᠬᠢᠵᠦ᠂ ᠪᠡᠶ᠎ᠡ ᠶᠢᠨ | ᠲᠤᠯᠠᠭᠠᠨ ᠵᠢᠴᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠨᠢ ᠪᠠᠶᠢᠴᠠᠭᠠᠨ ᠰᠢᠯᠭᠠᠵᠤ᠂ ᠳᠤᠮᠳᠠ ᠥᠨᠳᠥᠷ | ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠪᠣᠯᠤᠨ ᠪᠡᠶ᠎ᠡ ᠶᠢᠨ ᠲᠤᠯᠠᠭᠠᠨ ᠨᠢ 37.3 | ᠭᠷᠡᠳᠦ᠋ᠰ ᠢ ᠳᠠᠪᠠᠭᠰᠠᠨ ᠬᠥᠮᠦᠰ ᠢ ᠣᠯᠵᠤ ᠮᠡᠳᠡᠪᠡᠯ᠂ ᠬᠠᠷᠢᠶ᠎ᠠ ᠭᠠᠵᠠᠷ ᠤᠨ ᠪᠠᠯᠭᠠᠰᠤ ᠰᠢᠶᠠᠩ ᠵᠡᠭᠡᠯᠢ ᠭᠤᠳᠤᠮᠵᠢ | ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ | ᠲᠠᠯᠠᠪᠤᠷ ᠭᠠᠵᠠᠷ ᠲᠤ ᠰᠠᠯᠬᠢ ᠨᠡᠪᠲᠡᠷᠡᠭᠦᠯᠬᠦ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢ | ᠴᠡᠪᠡᠷᠯᠡᠨ ᠠᠷᠢᠭᠤᠳᠬᠠᠬᠤ ᠵᠡᠷᠭᠡ ᠠᠵᠢᠯ ᠢ ᠵᠢᠷᠤᠮᠵᠢᠯ ᠶᠣᠰᠣᠭᠠᠷ ᠬᠢᠬᠦ ᠶᠢᠨ ᠬᠠᠮᠲᠤ ᠰᠠᠶᠢᠲᠤᠷ ᠲᠡᠮᠳᠡᠭᠯᠡᠯ ᠬᠢᠬᠦ | ᠬᠡᠷᠡᠭᠲᠡᠶ᠃ | ᠵᠢᠷᠭᠤᠭ᠎ᠠ᠂ ᠡᠮ ᠤᠨ ᠳᠡᠯᠭᠡᠭᠦᠷ ᠨᠢ ᠬᠠᠯᠠᠭᠤᠨ ᠢ ᠪᠠᠭᠤᠷᠠᠭᠤᠯᠵᠤ ᠬᠠᠨᠢᠶᠠᠳᠤ ᠶᠢ ᠵᠣᠭᠰᠣᠭᠠᠬᠤ ᠡᠮ ᠤᠨ | ᠵᠤᠶᠢᠯ ᠢ ᠬᠤᠳᠠᠯᠳᠤᠨ ᠠᠪᠤᠬᠰᠠᠳ ᠢ ᠦᠨᠡᠨ ᠨᠡᠷ᠎ᠡ ᠪᠠᠷ ᠳᠠᠩᠰᠠᠯᠠᠬᠤ ᠪᠠ ᠪᠡᠶ᠎ᠡ ᠶᠢᠨ ᠲᠤᠯᠠᠭᠠᠨ ᠢ ᠨᠢ ᠬᠡᠮᠵᠢᠵᠦ᠂ | ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠰᠬᠤᠨ ︵ᠨᠡᠶᠢᠭᠡᠮ ᠲᠣᠭᠤᠷᠢᠭ︶ ᠤ ᠰᠡᠷᠭᠡᠶᠢᠯᠡᠨ ᠡᠵᠡᠮᠳᠡᠬᠦ ᠠᠵᠢᠯ ᠳᠤ | ᠣᠷᠣᠭᠤᠯᠬᠤ ᠬᠡᠷᠡᠭᠲᠡᠶ᠃ | ᠳᠣᠯᠤᠭ᠎ᠠ᠂ ᠲᠡᠮᠦᠷ ᠵᠠᠮ᠂ ᠵᠠᠰᠠᠮᠠᠯ ᠵᠠᠮ᠂ ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠨᠢᠭᠡᠴᠢ ᠨᠦᠭᠦᠳ | ᠠᠶᠠᠨᠴᠢᠳ ᠤᠨ ᠮᠡᠳᠡᠭᠡ ᠵᠠᠩᠭᠢ ᠶᠢ ᠬᠢᠨᠠᠮᠠᠭᠠᠶ ᠪᠠᠶᠢᠴᠠᠭᠠᠨ ᠰᠢᠯᠭᠠᠵᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ | ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠷᠢᠭᠤᠳᠬᠠᠬᠤ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠪᠠ ᠰᠡᠵᠢᠭᠯᠡᠯᠲᠡᠶ | ᠡᠪᠡᠳᠴᠢᠲᠡᠳ ᠢ ᠤᠯᠵᠦ ᠮᠡᠳᠡᠪᠡᠯ ᠵᠢᠷᠤᠮᠵᠢᠭᠤᠯᠤᠨ ᠰᠢᠢᠳᠪᠤᠷᠢᠯᠡᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠵᠢᠯᠣᠭᠤᠴᠢ ᠨᠠᠷ ᠠᠮᠠᠪᠴᠢ ᠵᠡᠭᠦᠬᠦ᠂ ᠠᠷᠢᠭᠤᠳᠬᠠᠨ | ᠠᠷᠢᠯᠭᠠᠬᠤ᠂ ᠰᠠᠯᠬᠢ ᠨᠡᠪᠲᠡᠷᠡᠭᠦᠯᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠡᠯᠧᠺᠲᠷᠣᠨ ᠢᠶᠠᠷ | ᠲᠣᠭᠠᠴᠠᠭ᠎ᠠ ᠬᠢᠬᠦ ᠶᠢ ᠵᠣᠷᠢᠭᠵᠢᠭᠤᠯᠬᠤ ᠬᠡᠷᠡᠭᠲᠡᠶ᠃ ᠠᠶᠠᠨᠴᠢᠳ ᠠᠷᠠᠳ ᠢᠷᠭᠡᠳ ᠤᠨ ᠬᠠᠷᠢᠭᠤᠴᠠᠯᠭ᠎ᠠ ᠪᠣᠯᠤᠨ | ᠡᠭᠦᠷᠭᠡ ᠪᠠᠨ ᠭᠦᠢᠴᠡᠳᠬᠡᠵᠦ᠂ ᠠᠵᠢᠯᠲᠠᠳ ᠲᠠᠢ ᠪᠠᠨ ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠶ᠃ | ᠨᠠᠢᠮᠠ᠂ ᠨᠠᠰᠤᠵᠢᠯ ᠤᠨ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ᠂ ᠬᠤᠷᠢᠭᠤᠯ ᠤᠨ ᠭᠠᠵᠠᠷ ᠵᠡᠷᠭᠡ ᠤᠨᠴᠠᠭᠠᠢ | ᠭᠠᠵᠠᠷ ᠲᠠᠯᠠᠪᠤᠷ ᠲᠤ ᠪᠢᠳᠡᠭᠦᠮᠵᠢᠯᠡᠭᠰᠡᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠪᠣᠯᠭᠤᠭᠠᠨ ᠦᠵᠡᠬᠦ ᠳᠦᠷᠢᠮ ᠢ | ᠴᠢᠩᠳᠠᠯᠠᠬᠤ ᠬᠡᠷᠡᠭᠲᠡᠶ᠃ | ᠶᠢᠰᠦ᠂ ᠬᠤᠳᠠᠯᠳᠤᠭᠠᠨ ᠤ ᠲᠠᠯᠠᠪᠠᠶ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ᠂ ᠺᠣᠳ᠋ ᠰᠢᠷᠪᠢᠵᠦ | ᠪᠡᠶ᠎ᠡ ᠶᠢᠨ ᠳᠤᠯᠠᠭᠠᠨ ᠢ ᠬᠡᠮᠵᠢᠬᠦ᠂ ︽ᠨᠢᠭᠡ ᠮᠧᠲᠷ ᠤᠨ ᠵᠠᠢ︾᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ ᠲᠤᠰᠬᠠᠶ ᠬᠥᠮᠦᠨ ᠳᠣᠭᠢᠷᠠᠭᠤᠯᠤᠨ ᠬᠠᠮᠢᠶ᠎ᠠ ᠪᠥᠬᠦᠶ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠭᠤᠯᠬᠤ | ᠬᠡᠷᠩᠲᠡᠢ᠃ ᠭᠱᠠᠨ ᠵᠠᠭᠤᠷ᠎ᠠ ᠶᠢᠨ ᠠᠶᠠᠨᠴᠢᠳ ᠤᠨ ᠲᠤᠭ᠎ᠠ ᠶᠢ ᠬᠢᠵᠠᠭᠠᠷᠯᠠᠵᠤ᠂ ᠡᠯᠧᠺᠲᠷᠣᠨ ᠢᠶᠠᠷ ᠲᠤᠭᠠᠴᠠᠭ᠎ᠠ ᠬᠢᠬᠦ | ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠤᠨ᠂ ᠮᠥᠷᠯᠡᠵᠦ ᠬᠦᠯᠢᠶᠡᠬᠦ ᠴᠠᠭ ᠢ ᠪᠣᠭᠤᠨᠢᠰᠬᠠᠬᠤ ᠬᠡᠷᠡᠭᠲᠡᠶ᠃ | ᠠᠷᠪᠠ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ᠂ ᠲᠤᠰ ᠠᠵᠢᠯ ᠲᠥᠷᠥᠯ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠬᠢᠨᠠᠨ ᠵᠢᠯᠣᠭᠤᠳᠴᠤ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ ᠲᠠᠯᠠᠪᠤᠷ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠶ ᠶᠢ ᠨᠢ ᠠᠵᠢᠯ ᠢ ᠨᠢ ᠵᠣᠭᠰᠣᠭᠠᠨ ᠴᠡᠭᠴᠡᠯᠡᠬᠦ | ᠬᠡᠷᠡᠭᠲᠡᠶ᠃ | ᠠᠷᠪᠠᠨ ᠨᠢᠭᠡ᠂ ᠭᠠᠳᠠᠭᠠᠳᠤ ᠠᠴᠠ ᠤᠷᠤᠭᠤᠯᠤᠬᠰᠠᠨ ᠡᠳ᠋ ᠪᠠᠷᠠᠭ᠎ᠠ ᠶᠢᠨ ᠠᠵᠢᠯ ᠡᠷᠬᠢᠯᠡᠭᠰᠡᠳ ᠠᠵᠢᠯᠯᠠᠬᠤ | ᠬᠤᠭᠤᠴᠠᠭᠠᠨ ᠳᠤ ᠡᠷᠬᠡᠪᠰᠢ ᠠᠮᠠᠪᠴᠢ᠂ ᠬᠠᠮᠠᠭᠠᠯᠠᠯᠲᠠ ᠶᠢᠨ ᠪᠡᠭᠡᠯᠡᠶ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠭᠦᠵᠦ᠂ | ᠠᠵᠢᠯᠯᠠᠬᠤ ᠶᠢᠨ ᠡᠮᠦᠨ᠎ᠡ ᠬᠤᠶᠢᠨ᠎ᠠ ᠨᠢ ᠠᠷᠢᠭᠤᠳᠬᠠᠬᠤ ᠪᠤᠶᠤ ᠭᠠᠷ ᠢᠶᠠᠨ ᠤᠬᠢᠶᠠᠬᠤ ᠬᠡᠷᠡᠭᠲᠡᠶ᠂ ᠲᠡᠭᠡᠭᠡᠪᠦᠷᠢᠯᠡᠬᠦ | ᠶᠠᠪᠤᠴᠠ ᠳᠤ ᠳᠤᠷ᠎ᠠ ᠪᠠᠷ ᠢᠶᠠᠨ ᠬᠠᠶᠢᠷᠴᠠᠭ ᠢ ᠨᠡᠭᠡᠭᠡᠵᠦ ᠪᠣᠯᠬᠤ ᠦᠭᠡᠶ᠂ ᠪᠠᠷᠠᠭ᠎ᠠ ᠶᠢᠨ ᠪᠣᠭᠤᠳᠠᠯ ᠢ ᠳᠤᠷ᠎ᠠ ᠪᠠᠷ ᠢᠶᠠᠨ | ᠨᠡᠭᠡᠭᠡᠵᠦ ᠦᠢᠯᠡᠳᠬᠦᠨ ᠲᠠᠢ ᠰᠢᠭᠤᠳ ᠬᠦᠷᠦᠯᠴᠡᠵᠦ ᠪᠣᠯᠬᠤ ᠦᠭᠡᠶ᠃ | ᠠᠷᠪᠠᠨ ᠬᠤᠶᠠᠷ᠂ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠳᠠᠭᠠᠭᠠᠴᠢᠯᠠᠨ ᠲᠡᠭᠡᠭᠡᠪᠦᠷᠢᠯᠡᠭᠴᠢ ᠭᠠᠳᠠᠭᠠᠳᠤ ᠠᠴᠠ | ᠤᠷᠤᠭᠤᠯᠤᠬᠰᠠᠨ ᠪᠠᠷᠠᠭ᠎ᠠ ᠲᠡᠭᠡᠭᠡᠪᠦᠷᠢᠯᠡᠭᠰᠡᠨ ᠲᠡᠷᠭᠡ ᠬᠥᠰᠬᠡ ᠶᠢ ᠲᠦᠢᠯᠪᠤᠷᠢᠲᠠᠶ ᠠᠷᠢᠭᠤᠳᠬᠠᠬᠤ ᠶᠢᠨ ᠬᠠᠮᠲᠤ᠂ | ᠳᠠᠭᠠᠭᠠᠴᠢᠯᠠᠨ ᠲᠡᠭᠡᠭᠡᠪᠦᠷᠢᠯᠡᠬᠦ ᠪᠠᠷᠠᠭ᠎ᠠ ᠶᠢᠨ ᠭᠦᠢᠯᠭᠡᠭᠡᠨ ᠤ ᠴᠢᠭᠯᠡᠯ ᠤᠨ ᠪᠦᠬᠦ ᠶᠠᠪᠤᠴᠠ ᠶᠢ ᠨᠠᠷᠢᠨ ᠲᠡᠮᠳᠡᠭᠯᠡᠵᠦ᠂ | ᠳᠠᠭᠠᠭᠠᠴᠢᠯᠠᠨ ᠲᠡᠭᠡᠭᠡᠪᠦᠷᠢᠯᠡᠬᠦ ᠪᠠᠷᠠᠭ᠎ᠠ ᠶᠢᠨ ᠢᠷᠡᠯᠲᠡ᠂ ᠪᠠᠷᠠᠭ᠎ᠠ ᠠᠴᠢᠶᠠᠯᠠᠵᠤ ᠪᠠᠭᠤᠯᠭᠠᠭᠰᠠᠨ ᠴᠠᠭ᠂ | ᠳᠠᠭᠠᠭᠠᠴᠢᠯᠠᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠫᠠᠶᠢᠰᠠ ᠦᠨᠡᠮᠯᠡᠯ ᠵᠢᠴᠢ ᠵᠢᠯᠣᠭᠤᠴᠢ᠂ ᠪᠠᠷᠠᠭ᠎ᠠ ᠢᠯᠡᠭᠡᠭᠴᠢ᠂ | ᠪᠠᠷᠠᠭ᠎ᠠ ᠬᠦᠯᠢᠶᠡᠨ ᠠᠪᠤᠬᠴᠢ ᠵᠡᠷᠭᠡ ᠮᠡᠳᠡᠭᠡ ᠵᠠᠩᠭᠢ ᠶᠢ ᠰᠠᠶᠢᠲᠤᠷ ᠲᠡᠮᠳᠡᠭᠯᠡᠵᠦ᠂ ᠪᠠᠷᠠᠭ᠎ᠠ ᠶᠢᠨ ᠢᠷᠡᠯᠲᠡ | ᠲᠤᠳᠤᠷᠬᠠᠢ ᠦᠭᠡᠢ ᠪᠠᠷᠠᠭ᠎ᠠ ᠶᠢ ᠳᠠᠭᠠᠭᠠᠴᠢᠯᠠᠨ ᠲᠡᠭᠡᠭᠡᠪᠦᠷᠢᠯᠡᠵᠦ ᠪᠣᠯᠬᠤ ᠦᠭᠡᠶ᠃ | ᠠᠷᠪᠠᠨ ᠭᠤᠷᠪᠠ᠂ ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠠᠰ ᠤᠨ | ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠪᠣᠶ ᠪᠥᠬᠦᠶ ᠪᠠᠷᠠᠭ᠎ᠠ ᠶᠢ ᠨᠢᠩᠴᠧᠩ ᠳᠤ ᠤᠷᠤᠭᠤᠯᠬᠤ ᠨᠢᠭᠡᠳᠦᠭᠡᠷ | ᠥᠷᠲᠡᠭᠡ ᠴᠡᠭ ᠲᠤ ᠭᠠᠳᠠᠷ ᠪᠣᠭᠤᠳᠠᠯ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠲᠥᠪᠯᠡᠷᠡᠭᠦᠯᠦᠨ | ᠠᠷᠢᠭᠤᠳᠬᠠᠬᠤ ᠪᠠ ᠮᠡᠳᠡᠭᠡ ᠵᠠᠩᠭᠢ ᠶᠢᠨ ᠳᠡᠩᠰᠡᠯᠡᠯᠲᠡ ᠬᠢᠵᠦ᠂ ᠢᠷᠡᠯᠲᠡ ᠶᠢ ᠨᠢ ᠪᠠᠶᠢᠴᠠᠭᠠᠵᠤ ᠲᠡᠶᠢᠯᠬᠦ᠂ ᠬᠠᠮᠢᠭ᠎ᠠ | ᠣᠴᠢᠭᠰᠠᠨ ᠢ ᠨᠢ ᠮᠥᠷᠳᠡᠵᠦ ᠲᠡᠶᠢᠯᠭᠦ ᠬᠡᠷᠩᠲᠡᠢ᠃ | ᠠᠷᠪᠠᠨ ᠳᠥᠷᠪᠡ᠂ ᠢᠳᠡᠭᠡᠨ ᠤ ᠵᠤᠶᠢᠯ ᠦᠢᠯᠡᠳᠪᠦᠷᠢᠯᠡᠬᠦ᠂ ᠡᠵᠡᠩᠨᠡᠭᠴᠢᠳ ᠠᠴᠠ ᠭᠠᠳᠠᠭᠠᠳᠤ ᠠᠴᠠ | ᠤᠷᠤᠭᠤᠯᠤᠬᠰᠠᠨ ᠬᠦᠢᠲᠡᠨ ᠬᠦᠯᠳᠡᠭᠦᠦ ᠪᠠᠷ ᠬᠠᠳᠠᠭᠠᠯᠠᠬᠤ ᠢᠳᠡᠭᠡᠨ ᠤ ᠮᠡᠳᠡᠭᠡ ᠵᠠᠩᠭᠢ ᠶᠢ ︽ᠥᠪᠥᠷ ᠮᠣᠩᠭᠤᠯ ᠤᠨ | ᠬᠦᠢᠲᠡᠨ ᠬᠦᠯᠳᠡᠭᠦᠦ ᠬᠡᠯᠬᠢᠶ᠎ᠡ︾ ᠶᠢᠨ ᠮᠦᠷᠲᠡᠬᠦ ᠰᠢᠰᠢᠲ᠋ᠧᠮ ᠳᠤ ᠦᠨᠡᠨ ᠪᠣᠳᠠᠲᠠᠶ ᠪᠠᠷ ᠣᠷᠣᠭᠤᠯᠵᠤ᠂ ᠲᠤᠰᠬᠠᠶ | ᠬᠥᠮᠥᠷᠭᠡ ᠳᠤ ᠬᠠᠳᠠᠭᠠᠯᠠᠬᠤ᠂ ᠲᠤᠰᠬᠠᠶ ᠬᠥᠮᠦᠨ ᠢᠶᠠᠷ ᠬᠠᠮᠢᠶᠠᠷᠤᠭᠤᠯᠬᠤ᠂ ᠲᠤᠰᠬᠠᠶ ᠯᠠᠩᠭᠦᠶ ᠪᠠᠷ ᠪᠣᠷᠣᠯᠠᠭᠤᠯᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠤᠳᠠᠯᠳᠤᠨ ᠠᠪᠤᠬᠰᠠᠨ ᠭᠡᠷᠡᠴᠢ ᠪᠠᠷᠢᠮᠲᠠ᠂ ᠪᠣᠭᠤᠮᠲᠠ ᠶᠢᠨ | ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠬᠤ ᠭᠡᠷᠡᠴᠢ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ᠂ | ᠠᠷᠢᠭᠤᠳᠬᠠᠭᠰᠠᠨ ᠭᠡᠷᠡᠴᠢ ᠵᠡᠷᠭᠡ ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠶ᠃ ︽ | ᠳᠥᠷᠪᠡᠨ ᠦᠨᠡᠮᠯᠡᠯ︾ ᠨᠢ ᠪᠦᠷᠢᠨ ᠪᠤᠰᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠦᠯᠳᠡᠭᠦᠦ ᠪᠠᠷ | ᠬᠠᠳᠠᠭᠠᠯᠠᠬᠤ ᠢᠳᠡᠭᠡᠨ ᠢ ᠴᠥᠮ ᠬᠥᠮᠥᠷᠭᠡ ᠳᠤ ᠬᠠᠳᠠᠭᠠᠯᠠᠬᠤ᠂ ᠪᠤᠯᠪᠠᠰᠤᠷᠠᠭᠤᠯᠤᠨ ᠡᠳ᠋ᠰᠢᠭᠦᠯᠬᠦ ᠪᠠ ᠵᠠᠬ᠎ᠠ | ᠳᠡᠯᠭᠡᠭᠦᠷ ᠲᠤ ᠭᠠᠷᠭᠠᠨ ᠪᠣᠷᠣᠯᠠᠭᠤᠯᠵᠤ ᠪᠣᠯᠬᠤ ᠥᠬᠡᠶ᠃ | ᠠᠷᠪᠠᠨ ᠲᠠᠪᠤ᠂ ︽ᠴᠢᠬᠤᠯᠠ ᠥᠬᠡᠶ ᠪᠣᠯ ᠬᠤᠲᠠ ᠠᠴᠠ ᠭᠠᠷᠬᠤ ᠦᠭᠡᠢ︾ ᠪᠠᠶᠢᠬᠤ ᠶᠢ ᠰᠠᠨᠠᠭᠠᠴᠢᠯᠠᠵᠤ᠂ ᠡᠯ᠎ᠡ | ᠱᠠᠲᠤᠨ ᠤ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠳ ᠲᠦᠷᠦᠭᠦᠯᠡᠨ | ᠤᠯᠠᠭᠠᠨᠬᠠᠲᠠ ᠳᠤ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠵᠦ᠂ ᠠᠵᠢᠯᠲᠠᠨ ᠠᠵᠢᠯᠴᠢᠳ ᠤᠨ ᠳᠤᠮᠳᠠ ᠥᠨᠳᠥᠷ | ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠢᠷᠡᠬᠦ ᠶᠢ ᠴᠢᠩᠭ᠎ᠠ ᠬᠢᠵᠠᠭᠠᠷᠯᠠᠵᠤ᠂ ᠦᠨᠡᠨᠬᠦ ᠲᠣᠰ | ᠬᠤᠲᠠ ᠠᠴᠠ ᠪᠠᠨ ᠭᠠᠷᠬᠤ ᠴᠢᠬᠤᠯᠠᠲᠠᠢ ᠪᠣᠯ ᠪᠠᠶᠢᠭᠤᠯᠭ᠎ᠠ ᠨᠢᠭᠡᠴᠢ ᠳᠡᠭᠡᠨ ᠮᠡᠳᠡᠭᠦᠯᠬᠦ ᠬᠡᠷᠡᠭᠲᠡᠶ᠃ ᠠᠵᠢᠯᠲᠠᠨ | ᠠᠵᠢᠯᠴᠢᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠳᠤ | ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ︽ᠨᠡᠶᠢᠭᠡᠮ ᠲᠣᠭᠤᠷᠢᠭ + ᠪᠠᠶᠢᠭᠤᠯᠭ᠎ᠠ ᠨᠢᠭᠡᠴᠢ︾ ᠶᠢᠨ ᠬᠤᠤᠰ | ᠮᠡᠳᠡᠭᠦᠯᠦᠯᠲᠡ᠂ ᠬᠤᠤᠰ ᠬᠠᠮᠢᠶᠠᠷᠤᠯᠲᠠ ᠶᠢᠨ ᠲᠦᠷᠢᠮ ᠢ ᠵᠢᠷᠤᠮᠯᠠᠨ ᠰᠠᠬᠢᠬᠤ ᠬᠡᠷᠡᠭᠲᠡᠶ᠃ | ᠠᠷᠪᠠᠨ ᠵᠢᠷᠭᠤᠭ᠎ᠠ᠂ ᠪᠠᠶᠢᠭᠤᠯᠭ᠎ᠠ ᠨᠢᠭᠡᠴᠢ ᠡᠭᠦᠳᠡᠨ ᠳᠤ ᠳᠤᠯᠠᠭᠠᠨ ᠢ ᠬᠡᠮᠵᠢᠬᠦ᠂ ᠺᠣᠳ᠋ ᠰᠢᠯᠭᠠᠬᠤ᠂ ᠠᠮᠠᠪᠴᠢ | ᠵᠡᠭᠦᠬᠦ ᠪᠠ ᠲᠡᠮᠳᠡᠭᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠥᠮᠦᠰ ᠤᠨ ᠲᠦᠭᠵᠢᠷᠡᠨ ᠴᠤᠭᠯᠠᠷᠠᠬᠤ ᠠᠴᠠ | ᠵᠠᠶᠢᠯᠠᠰᠬᠢᠬᠦ ᠬᠡᠷᠡᠭᠲᠡᠶ᠃ ᠴᠠᠬᠢᠯᠭᠠᠨ ᠱᠠᠲᠤ᠂ ᠡᠭᠦᠳᠡᠨ ᠲᠢᠩᠬᠢᠮ᠂ ᠠᠰᠠᠷ ᠤᠨ ᠬᠤᠩᠭᠢᠯ ᠵᠡᠷᠭᠡ ᠣᠯᠠᠨ ᠨᠡᠶᠢᠲᠡ ᠶᠢᠨ | ᠲᠠᠯᠠᠪᠤᠷ ᠤᠨ ᠬᠡᠷᠡᠭᠯᠡᠬᠦ ᠬᠤᠭᠤᠴᠠᠭᠠᠨ ᠳᠠᠬᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠢ ᠴᠢᠩᠭᠠᠳᠬᠠᠬᠤ | ᠬᠡᠷᠩᠲᠡᠢ᠃ | ᠠᠷᠪᠠᠨ ᠳᠣᠯᠤᠭ᠎ᠠ᠂ ︽ᠴᠢᠬᠤᠯᠠ ᠥᠬᠡᠶ ᠪᠣᠯ ᠡᠷᠭᠢᠯᠡᠬᠦ ᠥᠬᠡᠶ︾ ᠵᠠᠷᠴᠢᠮ ᠶᠣᠰᠣᠭᠠᠷ᠂ ᠲᠣᠮᠣ ᠬᠡᠯᠪᠡᠷᠢ ᠶᠢᠨ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠪᠠᠷ ᠴᠣᠮᠬᠠᠳᠬᠠᠬᠤ ᠪᠠ ᠪᠠᠭᠠᠰᠬᠠᠵᠤ᠂ ᠡᠷᠬᠡᠪᠰᠢ ᠡᠷᠭᠢᠯᠡᠨ ᠬᠢᠬᠦ | ᠴᠢᠬᠤᠯᠠ ᠲᠠᠢ ᠪᠣᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠰᠢᠶᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠵᠤ ᠵᠥᠪᠰᠢᠶᠡᠷᠡᠭᠦᠯᠬᠦ | ᠬᠡᠷᠡᠭᠲᠡᠶ᠃ ᠲᠣᠮᠣ ᠬᠡᠯᠪᠡᠷᠢ ᠶᠢᠨ ᠬᠤᠷᠠᠯ ᠤᠨ ᠠᠵᠢᠯᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ | ᠬᠥᠮᠦᠨ ᠤ ᠲᠤᠭ᠎ᠠ ᠪᠠ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠠᠮᠠᠪᠴᠢ ᠵᠡᠭᠦᠬᠦ᠂ ᠬᠤᠷᠠᠯ ᠤᠨ ᠲᠠᠯᠠᠪᠠᠶ ᠳᠤ ᠰᠠᠯᠬᠢ | ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠪᠠᠷᠢᠮᠲᠠᠯᠠᠵᠤ᠂ ᠬᠤᠷᠠᠯ ᠬᠢᠬᠦ ᠤᠳᠠᠭ᠎ᠠ ᠶᠢ ᠪᠠᠭᠠᠰᠬᠠᠨ᠂ ᠬᠤᠷᠠᠯ ᠤᠨ ᠴᠠᠭ ᠢ ᠪᠣᠭᠤᠨᠢᠰᠬᠠᠨ᠎ᠠ᠃ ᠡᠯ᠎ᠡ ᠪᠠᠶᠢᠭᠤᠯᠭ᠎ᠠ | ᠨᠢᠭᠡᠴᠢ ᠲᠣᠮᠣ ᠬᠡᠯᠪᠡᠷᠢ ᠶᠢᠨ ᠣᠨ ᠤ ᠬᠤᠷᠠᠯ᠂ ᠪᠣᠯᠪᠠᠰᠤᠷᠠᠭᠤᠯᠤᠯ᠂ ᠬᠠᠮᠲᠤ ᠶᠢᠨ ᠵᠣᠯᠭᠠᠯᠲᠠ᠂ ᠲᠣᠬᠤᠨᠢᠭᠤᠯᠤᠯ᠂ | ᠬᠠᠮᠲᠤᠷᠠᠭᠰᠠᠨ ᠨᠠᠶᠢᠷ᠂ ᠬᠠᠮᠲᠤ ᠶᠢᠨ ᠬᠤᠭᠤᠯᠠ ᠵᠡᠷᠭᠡ ᠠᠵᠢᠯᠯᠠᠭ᠎ᠠ ᠶᠢ ᠵᠠᠷᠴᠢᠮ ᠳᠡᠭᠡᠷ᠎ᠡ ᠪᠠᠨ ᠡᠷᠭᠢᠯᠡᠬᠦ ᠥᠬᠡᠶ᠂ | ᠭᠠᠳᠠᠷ ᠣᠷᠣᠨ ᠤ ᠡᠷᠭᠢᠯᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠣᠷᠣᠯᠴᠠᠬᠤ ᠴᠢᠬᠤᠯᠠ ᠥᠬᠡᠶ᠃ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠳᠠᠭᠠᠭᠠᠨ ᠭᠦᠢᠴᠡᠳᠭᠡᠬᠦ ᠨᠢᠭᠡᠴᠢ ᠪᠠ ᠬᠤᠪᠢ | ᠬᠥᠮᠦᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ | ᠳᠤᠷ᠎ᠠ ᠪᠠᠷ ᠢᠶᠠᠨ ᠡᠷᠭᠢᠯᠡᠭᠰᠡᠨ ᠪᠠᠶᠢᠪᠠᠯ᠂ ᠡᠷᠭᠢᠯᠡᠨ ᠬᠢᠭᠴᠢ ᠪᠠ ᠬᠠᠮᠢᠶ᠎ᠠ ᠪᠥᠬᠦᠶ ᠲᠠᠯᠠᠪᠤᠷ ᠭᠠᠵᠠᠷ ᠤᠨ | ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠥᠮᠦᠨ ᠬᠠᠷ᠎ᠠ ᠬᠤᠷᠠᠨ ᠴᠤᠭᠯᠠᠷᠠᠭᠰᠠᠨ ᠠᠴᠠ ᠪᠣᠯᠵᠣ ᠬᠢᠵᠢᠭ ᠬᠠᠯᠳᠠᠪᠤᠷᠢᠯᠠᠨ | ᠣᠷᠣᠵᠤ ᠢᠷᠡᠭᠰᠡᠨ ᠪᠠ ᠳᠡᠯᠭᠡᠷᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ | ᠰᠢᠢᠳᠪᠤᠷᠢᠯᠡᠨ᠎ᠡ᠃ | ᠠᠷᠪᠠᠨ ᠨᠠᠢᠮᠠ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠷᠢᠳᠴᠢᠯᠠᠨ | ᠪᠠᠶᠢᠴᠠᠭᠠᠵᠤ ᠬᠤᠪᠢᠶᠠᠨ ᠣᠨᠣᠰᠢᠯᠠᠬᠤ᠂ ᠬᠠᠯᠠᠭᠤᠷᠠᠯ ᠢ ᠵᠠᠰᠠᠬᠤ ᠡᠭᠦᠳᠡᠨ ᠡᠮᠨᠡᠯᠭᠡ᠂ ᠡᠮᠴᠢ ᠠᠴᠠ ᠠᠩᠬᠠᠨ ᠤ | ᠤᠨᠤᠰᠢᠯᠠᠯᠲᠠ ᠳᠤ ᠬᠠᠷᠢᠭᠤᠴᠠᠬᠤ᠂ ︽ᠨᠢᠭᠡ ᠡᠪᠡᠳᠴᠢᠲᠡᠨ ᠢ ᠨᠢᠭᠡ ᠬᠦᠮᠦᠨ ᠠᠰᠠᠷᠠᠨ ᠬᠠᠷᠠᠭᠠᠯᠵᠠᠬᠤ︾᠂ | ᠡᠪᠡᠳᠴᠢᠲᠡᠨ ᠤ ᠲᠣᠭᠤᠷᠢᠭ ᠢ ᠪᠢᠲᠡᠭᠦᠮᠵᠢᠯᠡᠬᠦ ᠮᠠᠶ᠋ᠢᠭ ᠤᠨ ᠬᠠᠮᠢᠶᠠᠷᠤᠯᠲᠠ ᠪᠠ ᠪᠤᠯᠭᠤᠭᠠᠨ ᠦᠵᠡᠬᠦ ᠶᠢ ᠴᠠᠭᠠᠵᠠᠯᠠᠬᠤ | ᠵᠡᠷᠭᠡ ᠡᠯ᠎ᠡ ᠵᠤᠶᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠠᠷᠪᠠ ᠶᠢᠰᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠨᠡᠯᠭᠡ ᠶᠢᠨ ᠭᠠᠵᠠᠷ ᠪᠣᠯᠤᠨ | ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠵᠤ ᠪᠠᠶᠢᠭ᠎ᠠ | ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠰᠢᠯᠲᠠᠭᠠᠨ ᠨᠢ ᠲᠣᠳᠣᠷᠬᠠᠶ ᠦᠭᠡᠶ ᠬᠠᠯᠠᠭᠤᠷᠠᠵᠤ | ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ᠂ ᠰᠢᠶᠠᠨ ᠤ ᠲᠥᠪ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ | ᠡᠮᠨᠡᠯᠭᠡ ᠳᠤ ᠳᠠᠷᠦ᠋ᠢᠬᠠᠨ ᠰᠢᠯᠵᠢᠭᠦᠯᠦᠨ ᠡᠮᠨᠡᠭᠦᠯᠬᠦ ᠶᠢᠨ ᠬᠠᠮᠲᠤ ᠡᠪᠡᠳᠴᠢᠲᠡᠨ ᠤ ᠮᠡᠳᠡᠭᠡ ᠵᠠᠩᠭᠢ ᠶᠢ ᠰᠠᠶᠢᠲᠤᠷ | ᠳᠠᠩᠰᠠᠯᠠᠬᠤ ᠬᠡᠷᠡᠭᠲᠡᠶ᠂ ᠳᠤᠷ᠎ᠠ ᠪᠠᠷ ᠢᠶᠠᠨ ᠦᠯᠡᠳᠡᠭᠡᠨ ᠠᠪᠴᠦ ᠡᠮᠨᠡᠬᠦ ᠪᠤᠶᠤ ᠡᠮᠨᠡᠭᠦᠯᠦᠭᠴᠢᠳ ᠢ ᠲᠡᠪᠴᠢᠵᠦ ᠪᠣᠯᠬᠤ | ᠦᠭᠡᠶ᠃ | ᠬᠤᠷᠢ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠮᠡᠳᠡᠯᠭᠡ ᠶᠢᠨ ᠬᠥᠮᠦᠵᠢᠯ ᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ | ᠮᠥᠷᠳᠡᠵᠦ᠂ ᠴᠠᠭ ᠲᠤᠬᠠᠶ ᠳᠤᠨᠢ ᠰᠡᠷᠡᠮᠵᠢᠯᠡᠭᠦᠯᠦᠨ ᠰᠠᠨᠠᠭᠤᠯᠵᠤ᠂ ᠪᠠᠭᠰᠢ ᠰᠤᠷᠤᠭᠴᠢᠳ ᠢ ᠬᠤᠪᠢ ᠬᠥᠮᠦᠨ ᠵᠢᠴᠢ | ᠬᠡᠷ ᠪᠦᠯᠢ ᠶᠢᠨ ᠬᠠᠮᠠᠭᠠᠯᠠᠯᠲᠠ ᠶᠢ ᠰᠠᠶᠢᠲᠤᠷ ᠬᠢᠬᠦ ᠶᠢ ᠴᠢᠩᠭ᠎ᠠ ᠱᠠᠭᠠᠷᠳᠠᠬᠤ ᠬᠡᠷᠡᠭᠲᠡᠶ᠃ ᠪᠠᠭᠰᠢ ᠰᠤᠷᠤᠭᠴᠢᠳ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠨᠢᠩᠴᠧᠩ ᠠᠴᠠ ᠭᠠᠷᠬᠤ ᠦᠶ᠎ᠡ ᠳᠤ | ᠮᠡᠳᠡᠭᠦᠯᠵᠦ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ ᠪᠤᠶᠤ ᠳᠤᠮᠳᠠ | ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠪᠣᠯᠬᠤ ᠥᠬᠡᠶ᠃ | ᠬᠤᠷᠢᠨ ᠨᠢᠭᠡ᠂ ᠪᠠᠭᠰᠢ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠳᠠᠭᠠᠨ | ᠦᠯᠡᠳᠡᠭᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠬᠦ ᠥᠬᠡᠶ᠂ ᠦᠨᠡᠨᠬᠦ ᠰᠤᠷᠭᠠᠭᠤᠯᠢ ᠳᠠᠭᠠᠨ ᠦᠯᠡᠳᠡᠬᠦ ᠴᠢᠬᠤᠯᠠᠲᠠᠶ | ᠪᠣᠯ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠰᠤᠷᠭᠠᠭᠤᠯᠢ ᠶᠢᠨ | ᠬᠦᠷᠢᠶᠡᠨ ᠤ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠠᠮᠠᠷᠠᠯᠲᠠ ᠶᠢᠨ ᠬᠤᠭᠤᠴᠠᠭᠠᠨ ᠳᠤ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠥᠬᠡᠶ᠂ ᠰᠤᠷᠭᠠᠭᠤᠯᠢ ᠶᠢᠨ ᠬᠦᠷᠢᠶ᠎ᠡ ᠶᠢ ᠦᠷᠭᠦᠯᠵᠢᠯᠡᠨ ᠪᠢᠲᠡᠭᠦᠮᠵᠢᠯᠡᠨ ᠬᠠᠮᠢᠶᠠᠷᠬᠤ ᠬᠡᠷᠩᠲᠡᠢ | ᠃ | ᠬᠤᠷᠢᠨ ᠬᠤᠶᠠᠷ᠂ ᠬᠤᠪᠢ ᠬᠥᠮᠦᠨ ᠤ ᠬᠠᠮᠠᠭᠠᠯᠠᠯᠲᠠ ᠶᠢ ᠴᠠᠭ ᠢᠮᠠᠭᠲᠠ ᠠᠩᠬᠠᠷᠴᠤ᠂ ᠨᠡᠶᠢᠭᠡᠮ ᠤᠨ | ᠬᠠᠷᠢᠯᠴᠠᠭᠠᠨ ᠤ ᠵᠠᠶ ᠶᠢ ᠪᠠᠲᠤᠯᠠᠵᠤ᠂ ᠠᠮᠠᠪᠴᠢ ᠵᠡᠭᠦᠬᠦ ᠶᠢ ᠵᠢᠷᠤᠮᠵᠢᠭᠤᠯᠬᠤ ᠬᠡᠷᠡᠭᠲᠡᠶ᠃ ᠨᠢᠰᠬᠡᠯ ᠤᠨ ᠪᠠᠭᠤᠳᠠᠯ᠂ | ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠬᠥᠮᠦᠨ ᠤ ᠤᠷᠤᠰᠬᠠᠯ ᠨᠡᠯᠢᠶᠡᠳ ᠠᠷᠪᠢᠨ ᠣᠯᠠᠨ | ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠳᠠᠭᠠᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠬᠠᠮᠢᠶ᠎ᠠ | ᠪᠥᠬᠦᠶ ᠠᠵᠢᠯ ᠳᠤ ᠢᠳᠡᠪᠬᠢᠲᠡᠶ ᠬᠠᠮᠵᠢᠯᠴᠠᠨ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠵᠢᠴᠢ ᠠᠶᠠᠯᠠᠯ ᠤᠨ ᠺᠣᠳ᠋᠂ | ᠡᠷᠡᠭᠦᠯ ᠮᠡᠨᠳᠦ ᠶᠢᠨ ᠺᠣᠳ᠋ ᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠠᠵᠢᠯᠲᠠᠳ ᠤᠨ ᠪᠠᠶᠢᠴᠠᠭᠠᠨ ᠰᠢᠯᠭᠠᠬᠤ ᠳᠤ | ᠲᠥᠬᠦᠮ ᠦᠵᠡᠭᠦᠯᠬᠦ ᠬᠡᠷᠡᠭᠲᠡᠶ᠃ | ᠬᠤᠷᠢᠨ ᠭᠤᠷᠪᠠ᠂ ︽ᠴᠢᠬᠤᠯᠠ ᠥᠬᠡᠶ ᠪᠣᠯ ᠭᠠᠳᠠᠭᠰᠢ ᠭᠠᠷᠬᠤ︾ ᠪᠠᠶᠢᠬᠤ ᠶᠢ ᠪᠠᠷᠢᠮᠲᠠᠯᠠᠵᠤ᠂ ᠬᠢᠯᠢ ᠶᠢᠨ | ᠭᠠᠳᠠᠨ᠎ᠠ ᠪᠤᠶᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ᠃ ᠦᠨᠡᠬᠡᠷ ᠣᠴᠢᠬᠤ | ᠴᠢᠬᠤᠯᠠᠲᠠᠢ ᠪᠠᠶᠢᠪᠠᠯ᠂ ᠠᠶᠠᠨ ᠵᠠᠮ ᠢᠶᠠᠨ ᠰᠠᠶᠢᠲᠤᠷ ᠲᠥᠯᠥᠪᠵᠢᠭᠦᠯᠵᠦ᠂ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠯᠲᠠ ᠶᠢ ᠰᠠᠶᠢᠲᠤᠷ ᠬᠢᠵᠦ᠂ ᠭᠠᠳᠠᠭᠰᠢ ᠭᠠᠷᠬᠤ ᠠᠴᠠ ᠡᠮᠦᠨ᠎ᠡ ᠪᠠ ᠪᠤᠴᠠᠬᠤ ᠠᠴᠠ ᠪᠠᠨ ᠡᠮᠦᠨ᠎ᠡ ᠬᠠᠷᠢᠶ᠎ᠠ | ᠲᠣᠰᠬᠤᠨ ︵ᠨᠡᠶᠢᠭᠡᠮ ᠲᠣᠭᠤᠷᠢᠭ︶ ᠳᠠᠭᠠᠨ ᠲᠡᠷᠡ ᠳᠠᠷᠤᠢ ᠳᠤᠨᠢ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠢᠨ ᠳᠥᠷᠪᠡ᠂ ᠪᠣᠶ ᠪᠥᠬᠦᠶ ᠨᠤᠲᠤᠭ ᠲᠠᠭᠠᠨ ᠪᠤᠴᠠᠬᠰᠠᠳ᠂ ᠨᠢᠩᠴᠧᠩ ᠳᠤ ᠢᠷᠡᠬᠦ ᠬᠦᠮᠦᠰ ᠡᠷᠬᠡᠪᠰᠢ ᠲᠡᠷᠡ | ᠳᠠᠷᠤᠶ ᠳᠤᠨᠢ ᠲᠣᠰᠬᠤᠨ ︵ᠨᠡᠶᠢᠭᠡᠮ ᠲᠣᠭᠤᠷᠢᠭ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠬᠠᠮᠢᠶ᠎ᠠ | ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠤᠬᠠᠮᠰᠠᠷ ᠠᠴᠠ ᠪᠠᠨ | ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃ | ᠬᠤᠷᠢᠨ ᠲᠠᠪᠤ᠂ ᠲᠦᠷᠦᠯ ᠰᠠᠳᠤᠨ ᠨᠠᠶᠢᠵᠠ ᠨᠥᠬᠦᠳ ᠲᠡᠭᠡᠨ ᠠᠶᠢᠯᠴᠢᠯᠠᠬᠤ ᠠᠵᠢᠯᠯᠠᠭ᠎ᠠ ᠶᠢ ᠪᠠᠭᠠᠰᠬᠠᠵᠤ᠂ | ᠴᠠᠭᠠᠨ ᠰᠠᠷ᠎ᠠ ᠶᠢᠨ ᠬᠤᠭᠤᠴᠠᠭᠠᠨ ᠳᠤ ᠠᠶᠢᠯ ᠲᠤᠭᠤᠷᠢᠨ ᠰᠢᠨ᠎ᠡ ᠶᠢᠨ ᠵᠤᠯᠭᠠᠯᠲᠠ ᠬᠢᠬᠦ ᠦᠭᠡᠢ᠂ ᠸᠧᠴᠠᠲ᠂ ᠸᠢᠳᠢᠣ᠋ | ᠂ ᠭᠠᠷ ᠤᠲᠠᠰᠤ ᠵᠡᠷᠭᠡ ᠶᠢ ᠬᠡᠷᠡᠭᠯᠡᠨ ᠰᠢᠨ᠎ᠡ ᠶᠢᠨ ᠵᠣᠯᠭᠠᠯᠲᠠ ᠬᠢᠬᠦ ᠶᠢ ᠰᠠᠨᠠᠭᠠᠴᠢᠯᠠᠵᠦ᠂ ᠬᠤᠷᠢᠮ ᠨᠠᠶᠢᠷ | ᠡᠷᠭᠢᠯᠡᠬᠦ ᠳᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ︾ ᠲᠣᠭᠲᠠᠵᠤ᠂ | ᠵᠣᠴᠢᠳ ᠤᠨ ᠲᠤᠭ᠎ᠠ ᠶᠢ ᠪᠠᠭᠠᠰᠬᠠᠨ᠂ ᠬᠤᠲᠠ ᠶᠢᠨ ᠭᠠᠳᠠᠨᠠᠬᠢ ᠬᠥᠮᠦᠰ ᠢ ᠤᠷᠢᠨ ᠣᠷᠣᠯᠴᠠᠭᠤᠯᠵᠤ ᠪᠣᠯᠬᠤ ᠥᠬᠡᠶ᠂ | ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠶᠢ ᠳᠠᠩᠰᠠᠯᠠᠬᠤ᠂ ᠪᠡᠶ᠎ᠡ ᠶᠢᠨ ᠲᠤᠯᠠᠭᠠᠨ ᠢ | ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠬᠤᠷᠢᠮ ᠨᠠᠶᠢᠷ ᠠᠴᠠ ᠭᠠᠳᠠᠨ᠎ᠠ᠂ ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ | ᠨᠠᠶᠢᠷ ᠵᠡᠷᠭᠡ ᠶᠢ 10 ᠬᠥᠮᠦᠨ ᠠᠴᠠ ᠳᠣᠷᠣᠭᠰᠢ ᠪᠠᠶᠢᠯᠭᠠᠬᠤ ᠬᠡᠷᠡᠭᠲᠡᠶ᠃ | ᠬᠤᠷᠢᠨ ᠵᠢᠷᠭᠤᠭ᠎ᠠ᠂ ︽ᠪᠣᠳᠠᠰ ᠢᠶᠠᠷ ᠬᠠᠯᠳᠠᠪᠤᠷᠢᠯᠠᠬᠤ︾ ᠶᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ | ᠬᠡᠷᠡᠭᠲᠡᠶ᠃ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠳᠠᠭᠠᠨ᠂ ᠢᠷᠡᠯᠲᠡ ᠨᠢ ᠲᠣᠳᠣᠷᠬᠠᠶ ᠦᠭᠡᠶ | ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠢᠳᠡᠭᠡᠨ ᠢ ᠬᠤᠳᠠᠯᠳᠤᠨ ᠠᠪᠬᠤ ᠦᠭᠡᠶ᠂ ᠳᠤᠮᠳᠠ ᠥᠨᠳᠥᠷ | ᠲᠦᠭᠰᠢᠭᠦᠷᠢᠲᠡᠶ ᠭᠠᠵᠠᠷ ᠣᠷᠣᠨ᠂ ᠤᠯᠤᠰ ︵ᠬᠢᠯᠢ︶ ᠤᠨ ᠭᠠᠳᠠᠨ᠎ᠠ ᠠᠴᠠ ᠰᠦᠯᠵᠢᠶ᠎ᠡ ᠪᠠᠷ ᠬᠤᠳᠠᠯᠳᠤᠨ ᠠᠪᠬᠤ | ᠦᠭᠡᠶ᠃ ᠲᠦᠷᠭᠡᠨ ᠬᠦᠷᠭᠡᠯᠲᠡ ᠶᠢᠨ ᠪᠣᠭᠤᠳᠠᠯ ᠢ ᠭᠥᠯᠢᠶᠡᠨ ᠠᠪᠬᠤ᠂ ᠬᠡᠷ ᠲᠡᠭᠡᠨ ᠬᠦᠢᠲᠡᠨ ᠬᠦᠯᠳᠡᠭᠦᠦ ᠬᠡᠯᠬᠢᠶ᠎ᠡ | ᠢᠳᠡᠭᠡᠨ ᠢ ᠤᠬᠢᠶᠠᠵᠤ ᠴᠡᠪᠡᠷᠯᠡᠬᠦ ᠳᠡᠭᠡᠨ ᠨᠢᠭᠡ ᠯᠡ ᠤᠳᠠᠭ᠎ᠠ ᠶᠢᠨ ᠴᠢᠨᠠᠷᠲᠠᠶ ᠪᠡᠭᠡᠯᠡᠶ ᠵᠡᠭᠦᠵᠦ᠂ ᠪᠠᠷᠠᠭ᠎ᠠ ᠶᠢ | ᠨᠡᠭᠡᠭᠡᠬᠦ ᠠᠴᠠ ᠡᠮᠦᠨ᠎ᠡ ᠪᠣᠭᠤᠳᠠᠯ ᠢᠶᠠᠨ 75 % ᠶᠢᠨ ᠰᠫᠢᠷᠲ ᠢᠶᠠᠷ ᠠᠷᠢᠭᠤᠳᠬᠠᠬᠤ ᠬᠡᠷᠡᠭᠲᠡᠶ᠃ | ᠬᠤᠷᠢᠨ ᠲᠤᠯᠤᠭ᠎ᠠ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠤᠢ ᠪᠣᠯᠭᠠᠬᠤ ᠬᠡᠷᠡᠭᠲᠡᠢ᠃ ᠢᠳᠡᠬᠦ᠂ | ᠰᠠᠭᠤᠬᠤ᠂ ᠶᠠᠪᠤᠬᠤ᠂ ᠵᠤᠭᠠᠴᠠᠬᠤ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ ᠤᠨ ᠡᠯ᠎ᠡ ᠭᠤᠭᠴᠤᠭ᠎ᠠ ᠶᠢᠨ | ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ︽ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ | ᠰᠠᠯᠬᠢ ᠦᠷᠭᠦᠯᠵᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠨᠢᠭᠡ ᠮᠧᠲᠷ ᠤᠨ ᠵᠠᠢ᠂ ᠨᠡᠶᠢᠲᠡ ᠶᠢᠨ ᠰᠠᠪᠬ᠎ᠠ ᠬᠡᠷᠡᠭᠯᠡᠬᠦ | ︾ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠬᠤ ᠬᠡᠷᠡᠭᠲᠡᠶ᠃ | ᠬᠤᠷᠢᠨ ᠨᠠᠢᠮᠠ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠨᠡᠶᠢᠭᠡᠮ ᠲᠣᠭᠤᠷᠢᠭ ᠤᠨ ᠵᠢᠭᠰᠠᠭᠠᠨ ᠪᠠᠶᠢᠴᠠᠭᠠᠬᠤ᠂ | ᠬᠢᠨᠠᠨ ᠬᠡᠮᠵᠢᠬᠦ ᠪᠠ ᠬᠠᠮᠢᠶᠠᠷᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠵᠦ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠭᠦᠢᠴᠡᠳᠭᠡᠬᠦ ᠶᠢ | ᠲᠡᠪᠴᠢᠭᠰᠡᠳ ᠢ ᠬᠠᠤᠯᠢ ᠶᠣᠰᠣᠭᠠᠷ ᠴᠢᠩᠭ᠎ᠠ ᠰᠢᠢᠳᠭᠡᠬᠦ ᠬᠡᠷᠡᠭᠲᠡᠶ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢ ᠶᠢᠰᠦ᠂ ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ᠂ ᠡᠷᠬᠡ ᠰᠦᠷᠲᠦ ᠰᠦᠯᠵᠢᠶ᠎ᠡ ᠵᠡᠷᠭᠡ | ᠵᠠᠭᠤᠴᠢᠯᠠᠭᠤᠷ ᠠᠴᠠ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ | ᠴᠤᠤᠷᠬᠠᠯ ᠲᠠᠷᠬᠠᠭᠠᠬᠤ ᠥᠬᠡᠶ ᠪᠠᠶᠢᠬᠤ ᠬᠡᠷᠡᠭᠲᠡᠶ᠃ ᠰᠦᠯᠵᠢᠶᠡᠨ ᠴᠤᠤᠷᠬᠠᠯ ᠵᠣᠬᠢᠶᠠᠵᠤ ᠲᠠᠷᠬᠠᠭᠠᠭᠰᠠᠨ ᠶᠠᠯᠠᠲᠤ | ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠠᠨ᠎ᠠ | ᠃ | ᠨᠢᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 1 ᠰᠠᠷ᠎ᠠ ᠶᠢᠨ 8 ᠤ ᠡᠳᠦᠷ |