ᠨᠢᠩᠴᠧᠩ ᠰᠢᠶᠠᠨ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠯᠠᠩ ᠤᠨ ᠮᠠᠰᠢᠨ ᠢ ᠡᠪᠦᠯ ᠤᠨ ᠤᠯᠠᠷᠢᠯ ᠳᠤ ᠪᠠᠶᠢᠴᠠᠭᠠᠨ ᠵᠠᠰᠠᠬᠤ ᠠᠵᠢᠯ ᠢ ᠰᠠᠶᠢᠲᠤᠷ ᠬᠢᠪᠠ
ᠨᠡᠶᠢᠲᠡᠯᠡᠭᠰᠡᠨ ᠴᠠᠭ᠄
2021/1/20
 ᠡᠪᠦᠯ ᠤᠨ ᠤᠯᠠᠷᠢᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠳᠠ᠂ ᠨᠢᠩᠴᠧᠩ ᠰᠢᠶᠠᠨ ᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠰᠠᠯᠠᠭ᠎ᠠ ᠮᠥᠴᠢᠷ ᠤᠳ ᠡᠷᠲᠡ ᠲᠣᠬᠢᠷᠠᠭᠤᠯᠤᠨ᠂ ᠡᠷᠲᠡ ᠬᠥᠳᠡᠯᠦᠯᠴᠡᠵᠦ᠂ ᠬᠠᠮᠢᠶ᠎ᠠ ᠪᠦᠬᠦᠢ ᠠᠵᠢᠯ ᠲᠠᠢ ᠤᠶᠠᠯᠳᠤᠭᠤᠯᠤᠨ᠂ ᠲᠠᠷᠢᠶᠠᠯᠠᠩ ᠤᠨ ᠮᠠᠰᠢᠨ ᠤ ᠬᠤᠷᠰᠢᠶ᠎ᠠ ᠪᠣᠯᠤᠨ ᠲᠠᠷᠢᠶᠠᠯᠠᠩ ᠤᠨ ᠮᠠᠰᠢᠨ ᠤ ᠡᠷᠦᠬᠡ ᠶᠢ ᠵᠢᠯᠣᠭᠤᠳᠤᠨ ᠡᠪᠦᠯ ᠤᠨ ᠤᠯᠠᠷᠢᠯ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠮᠠᠰᠢᠨ ᠤ ᠠᠶᠤᠯ ᠦᠭᠡᠶ ᠦᠢᠯᠡᠳᠪᠦᠷᠢᠯᠡᠯ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠦ ᠪᠠᠶᠢᠨ᠎ᠠ᠃ ᠨᠢᠭᠡ ᠳᠤ ᠲᠠᠷᠢᠶᠠᠯᠠᠩ ᠤᠨ ᠮᠠᠰᠢᠨ ᠤ ᠣᠨ ᠤ ᠪᠠᠶᠢᠴᠠᠭᠠᠯᠲᠠ ᠬᠢᠨᠠᠯᠲᠠ ᠲᠠᠢ ᠤᠶᠠᠯᠳᠤᠭᠤᠯᠪᠠ᠃ ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭᠲᠠᠶ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ ᠬᠢᠭᠡᠳ ᠭᠤᠣᠯ ᠪᠣᠯᠬᠤ ᠲᠠᠷᠢᠶᠠᠯᠠᠩ ᠤᠨ ᠮᠠᠰᠢᠨ ᠪᠠᠭᠠᠵᠢ ᠳᠤ ᠣᠨ ᠤ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ ᠣᠨ ᠤ ᠰᠢᠯᠭᠠᠨ ᠪᠠᠶᠢᠴᠠᠭᠠᠯᠲᠠ ᠪᠠᠷ ᠭᠠᠷᠳᠠᠯ ᠪᠣᠯᠭᠠᠵᠤ᠂ ᠲᠠᠷᠢᠶᠠᠯᠠᠩ ᠤᠨ ᠮᠠᠰᠢᠨ ᠤ ᠡᠪᠦᠯ ᠤᠨ ᠤᠯᠠᠷᠢᠯ ᠤᠨ ᠰᠢᠯᠭᠠᠨ ᠪᠠᠶᠢᠴᠠᠭᠠᠬᠤ᠂ ᠰᠡᠯᠪᠢᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠠᠮᠤᠷ ᠲᠦᠪᠰᠢᠨ ᠪᠤᠰᠤ ᠳᠠᠯᠳᠠ ᠭᠡᠮ ᠢ ᠠᠷᠢᠯᠭᠠᠬᠤ ᠠᠵᠢᠯ ᠢ ᠰᠠᠶᠢᠲᠤᠷ ᠬᠢᠪᠡ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠲᠠᠢ ᠤᠶᠠᠯᠳᠤᠭᠤᠯᠪᠠ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠨᠢ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠠᠵᠢᠯᠲᠠᠨ ᠪᠠ ᠰᠡᠯᠪᠢᠨ ᠵᠠᠰᠠᠬᠤ ᠴᠢᠳᠠᠪᠤᠷᠢ ᠪᠠᠷ ᠴᠢᠩᠭ᠎ᠠ᠂ ᠬᠠᠷᠢᠭᠤᠴᠠᠯᠭᠠᠲᠤ ᠰᠡᠳᠬᠢᠯᠭᠡ ᠲᠠᠢ ᠲᠠᠷᠢᠶᠠᠯᠠᠩ ᠤᠨ ᠮᠠᠰᠢᠨ ᠤ ᠬᠠᠩᠭᠠᠯᠭ᠎ᠠ ᠪᠠ ᠰᠡᠯᠪᠢᠨ ᠵᠠᠰᠠᠬᠤ ᠠᠵᠤ ᠠᠬᠤᠶᠢᠯᠠᠯ ᠤᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠲᠠᠷᠢᠶᠠᠯᠠᠩ ᠤᠨ ᠮᠠᠰᠢᠨ ᠤ ᠡᠯ᠎ᠡ ᠬᠤᠷᠰᠢᠶ᠎ᠠ᠂ ᠲᠠᠷᠢᠶᠠᠯᠠᠩ ᠤᠨ ᠮᠠᠰᠢᠨ ᠤ ᠲᠣᠮᠣ ᠡᠷᠦᠬᠡ᠂ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ ᠲᠠᠷᠢᠶᠠᠯᠠᠩ ᠤᠨ ᠮᠠᠰᠢᠨ ᠤ ᠡᠷᠦᠬᠡ ᠳᠤ ᠪᠠᠶᠢᠴᠠᠭᠠᠨ ᠵᠠᠰᠠᠬᠤ᠂ ᠲᠤᠷᠰᠢᠨ ᠥᠭᠴᠦ᠂ ᠪᠠᠶᠢᠴᠠᠭᠠᠨ ᠵᠠᠰᠠᠬᠤ ᠳᠤᠮᠳᠠ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠨ ᠥᠭᠴᠦ᠂ ᠲᠤᠬᠠᠶ ᠶᠢᠨ ᠲᠠᠯᠠᠪᠠᠶ ᠳᠤ ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ ᠪᠤᠰᠤᠳ ᠲᠠᠷᠢᠶᠠᠯᠠᠩ ᠤᠨ ᠮᠠᠰᠢᠨ ᠤ ᠡᠷᠦᠬᠡ ᠶᠢ ᠵᠢᠱᠢᠶ᠎ᠡ ᠦᠵᠡᠭᠦᠯᠦᠨ ᠳᠠᠶᠢᠴᠢᠯᠠᠵᠤ ᠪᠠᠶᠢᠭᠠᠳ ᠪᠠᠶᠢᠴᠠᠭᠠᠨ ᠵᠠᠰᠠᠬᠤ ᠠᠵᠢᠯ ᠢ ᠢᠳᠡᠪᠬᠢᠲᠡᠶ ᠦᠷᠨᠢᠭᠦᠯᠪᠡ᠃ ᠲᠠᠷᠢᠶᠠᠯᠠᠩ ᠤᠨ ᠮᠠᠰᠢᠨ ᠤ ᠦᠢᠯᠡᠳᠪᠤᠷᠢᠯᠡᠯ ᠳᠤ ᠮᠡᠷᠭᠡᠵᠢᠯ ᠤᠨ ᠦᠢᠯᠡᠴᠢᠯᠡᠭᠡᠨ ᠤ ᠰᠠᠭᠤᠷᠢ ᠲᠠᠯᠪᠢᠵᠤ᠂ ᠮᠠᠯᠴᠢᠨ ᠲᠠᠷᠢᠶᠠᠴᠢᠨ ᠤ ᠬᠦᠷᠢᠶᠡᠯᠡᠯ ᠢ ᠣᠯᠪᠠ᠃ ᠭᠤᠷᠪᠠ ᠳᠤ ᠰᠡᠯᠪᠢᠨ ᠵᠠᠰᠠᠬᠤ ᠲᠣᠤᠷ ᠴᠡᠭ ᠤᠨ ᠪᠠᠶᠢᠴᠠᠭᠠᠯᠲᠠ ᠲᠠᠢ ᠤᠶᠠᠯᠳᠤᠭᠤᠯᠪᠠ᠃ ᠪᠦᠬᠦ ᠰᠢᠶᠠᠨ ᠤ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠲᠣᠣᠷ ᠴᠢᠭ ᠲᠤ ᠨᠡᠶᠢᠳᠡᠮ ᠤᠨ ᠪᠠᠶᠢᠴᠠᠭᠠᠯᠲᠠ ᠬᠢᠵᠦ᠂ ᠰᠡᠯᠪᠢᠨ ᠵᠠᠰᠠᠬᠤ ᠠᠵᠢᠯᠲᠠᠨ᠂ ᠰᠡᠯᠪᠢᠨ ᠵᠠᠰᠠᠬᠤ ᠲᠥᠬᠦᠭᠡᠷᠦᠮᠵᠢ᠂ ᠲᠠᠯᠠᠪᠤᠷ ᠪᠠ ᠰᠡᠯᠪᠢᠭ ᠲᠣᠨᠤᠭ ᠤᠨ ᠶᠠᠰᠤ ᠴᠢᠨᠠᠷ ᠵᠢᠴᠢ ᠬᠠᠮᠢᠶᠠᠷᠤᠯᠲᠠ ᠶᠢᠨ ᠳᠦᠷᠢᠮ ᠲᠣᠭᠲᠠᠭᠠᠯ ᠵᠡᠷᠭᠡ ᠨᠢ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠮᠠᠰᠢᠨ ᠪᠠᠭᠠᠵᠢ ᠶᠢᠨ ᠡᠪᠦᠯ ᠤᠨ ᠤᠯᠠᠷᠢᠯ ᠤᠨ ᠰᠡᠯᠪᠢᠨ ᠵᠠᠰᠠᠯᠲᠠ ᠳᠤ ᠬᠠᠮᠵᠢᠯᠴᠠᠬᠤ ᠳᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠠᠶᠤᠯ ᠦᠭᠡᠶ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠪᠠ᠃ ᠳᠥᠷᠪᠡ ᠳᠤ ᠲᠠᠷᠢᠶᠠᠯᠠᠩ ᠤᠨ ᠮᠠᠰᠢᠨ ᠤ ᠰᠡᠯᠪᠢᠭ ᠲᠣᠨᠤᠭ ᠤᠨ ᠬᠠᠩᠭᠠᠯᠭ᠎ᠠ ᠲᠠᠢ ᠤᠶᠠᠯᠳᠤᠭᠤᠯᠪᠠ᠃ ᠪᠥᠬᠦ ᠰᠢᠶᠠᠨ ᠤ ᠡᠯ᠎ᠡ ᠲᠠᠷᠢᠶᠠᠯᠠᠩ ᠤᠨ ᠮᠠᠰᠢᠨ ᠤ ᠡᠵᠡᠩᠨᠡᠨ ᠪᠣᠷᠣᠯᠠᠭᠤᠯᠬᠤ ᠲᠣᠤᠷ ᠴᠡᠭ ᠲᠤ ᠭᠦᠨᠵᠡᠭᠡᠶᠢᠷᠡᠵᠦ᠂ ᠨᠡᠪᠲᠡᠷᠡᠯᠴᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠰᠡᠯᠪᠢᠭ ᠲᠣᠨᠤᠭ ᠤᠨ ᠬᠠᠩᠭᠠᠯᠭ᠎ᠠ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠪᠠᠲᠤᠯᠠᠵᠤ᠂ ᠲᠠᠷᠢᠶᠠᠯᠠᠩ ᠤᠨ ᠮᠠᠰᠢᠨ ᠤ ᠡᠪᠦᠯ ᠤᠨ ᠤᠯᠠᠷᠢᠯ ᠤᠨ ᠪᠠᠶᠢᠴᠠᠭᠠᠨ ᠵᠠᠰᠠᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号