| ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠶᠢᠨ ᠲᠥᠯᠥᠭᠡ᠂ | ᠨᠢᠩᠴᠧᠩ ᠰᠢᠶᠠᠨ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠥᠯᠲᠡ ᠲᠠᠢ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠬᠦᠴᠢᠷᠳᠡᠯᠲᠡᠶ ᠣᠯᠠᠨ ᠲᠦᠮᠡᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠬᠠᠮᠢᠶ᠎ᠠ ᠪᠥᠬᠦᠶ ᠠᠵᠢᠯ ᠢ | ᠯᠠᠪᠳᠠᠭᠤᠨ ᠪᠠᠲᠤᠲᠠᠶ ᠳᠥᠯᠭᠢᠨ ᠠᠬᠢᠭᠤᠯᠪᠠ᠃ | ᠨᠢᠭᠡ ᠳᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠦᠴᠦ ᠪᠠᠨ ᠬᠠᠮᠲᠤᠳᠬᠠᠨ ᠠᠬᠢᠭᠤᠯᠪᠠ᠃ | ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠱᠠᠲᠤᠨ ᠤ ᠪᠠᠷᠠᠭᠠᠨ ᠤ ᠦᠨ᠎ᠡ ᠶᠢᠨ ᠥᠰᠥᠯᠲᠡ ᠶᠢᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠷᠠᠯ ᠬᠤᠷᠠᠯᠳᠤᠭᠤᠯᠬᠤ | ᠵᠢᠴᠢ ᠪᠢᠴᠢᠭ ᠮᠠᠲ᠋ᠧᠷᠢᠶᠠᠯ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ | ᠬᠦᠴᠢᠷᠳᠡᠯᠲᠡᠶ ᠣᠯᠠᠨ ᠲᠦᠮᠡᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠬᠥᠮᠦᠰ᠂ | ᠬᠥᠮᠦᠨ ᠤ ᠲᠤᠭ᠎ᠠ ᠪᠠ ᠵᠣᠭᠤᠰ ᠤᠨ ᠲᠤᠭ᠎ᠠ ᠶᠢ ᠴᠢᠩᠭ᠎ᠠ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠣᠨᠣᠪᠴᠢᠲᠠᠶ | ᠪᠠᠶᠢᠬᠤ᠂ ᠴᠠᠭ ᠲᠤᠬᠠᠶ ᠳᠤᠨᠢ ᠣᠯᠭᠤᠬᠤ ᠶᠢ ᠦᠨᠡᠨᠬᠦ ᠪᠠᠲᠤᠯᠠᠪᠠ᠃ | ᠬᠤᠶᠠᠷ ᠲᠤ᠂ ᠢᠳᠡᠪᠬᠢᠲᠡᠢ ᠪᠡᠯᠡᠳᠬᠡᠵᠦ᠂ ᠣᠨᠣᠪᠴᠢᠲᠠᠢ ᠲᠠᠷᠬᠠᠭᠠᠪᠠ᠃ ᠪᠡᠯᠡ ᠮᠥᠩᠭᠦ ᠶᠢ ᠢᠳᠡᠪᠬᠢᠲᠡᠶ | ᠴᠤᠭᠯᠠᠭᠤᠯᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠲᠤᠭ᠎ᠠ ᠶᠣᠰᠣᠭᠠᠷ ᠭᠦᠢᠴᠡᠳ ᠣᠯᠭᠤᠬᠤ ᠶᠢ | ᠦᠨᠡᠨᠬᠦ ᠪᠠᠲᠤᠯᠠᠪᠠ᠃ ᠣᠳᠣᠬᠠᠨ ᠪᠣᠯᠲᠠᠯ᠎ᠠ᠂ ᠬᠥᠳᠡᠭᠡ ᠲᠣᠰᠬᠤᠨ᠂ ᠬᠤᠲᠠ᠂ ᠣᠨᠴᠠ ᠬᠦᠴᠢᠷᠳᠡᠯᠲᠡᠶ ᠪᠠ | ᠬᠡᠤᠬᠡᠳ ᠲᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ 1257.42 ᠲᠦᠮᠡᠨ ᠲᠥᠭᠦᠷᠢᠭ ᠲᠠᠷᠬᠠᠭᠠᠵᠤ | ᠂ 55955 ᠬᠥᠮᠦᠨ ᠳᠤ ᠠᠰᠢᠭ ᠬᠦᠷᠲᠡᠭᠡᠪᠡ᠃ | ᠭᠤᠷᠪᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠠᠮᠤᠷ ᠲᠦᠪᠰᠢᠨ ᠪᠥᠭᠡᠳ | ᠥᠨᠳᠥᠷ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠪᠠ᠃ ᠨᠥᠬᠦᠪᠥᠷᠢ ᠪᠡᠯᠡ ᠮᠥᠩᠭᠦ ᠣᠯᠭᠤᠬᠤ ᠶᠢ ᠬᠢᠨᠠᠨ | ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠮᠥᠩᠭᠦ ᠣᠯᠭᠤᠬᠤ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ ᠪᠠᠷᠠᠭᠠᠨ ᠤ ᠦᠨ᠎ᠡ ᠶᠢᠨ | ᠥᠰᠥᠯᠲᠡ ᠶᠢᠨ ᠬᠡᠮᠵᠢᠶ᠎ᠡ ᠶᠢ ᠦᠨᠳᠦᠰᠦᠯᠡᠨ᠂ ᠨᠥᠬᠦᠪᠥᠷᠢ ᠶᠢᠨ ᠵᠣᠭᠤᠰ ᠤᠨ ᠲᠤᠭ᠎ᠠ ᠶᠢ ᠴᠠᠭ ᠲᠤᠬᠠᠶ ᠳᠤᠨᠢ | ᠰᠢᠨᠡᠳᠬᠡᠨ ᠲᠤᠬᠢᠷᠠᠭᠤᠯᠪᠠ᠃ ᠬᠦᠴᠢᠷᠳᠡᠯᠲᠡᠶ ᠣᠯᠠᠨ ᠲᠦᠮᠡᠨ ᠤ ᠪᠠᠲᠤᠯᠠᠭ᠎ᠠ ᠶᠢᠨ ᠪᠠᠯᠠ ᠮᠥᠩᠭᠦ ᠶᠢ ᠬᠠᠭᠤᠷᠮᠠᠭᠯᠠᠨ | ᠠᠪᠬᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ᠂ ᠴᠠᠭ ᠲᠤᠬᠠᠶ ᠳᠤᠨᠢ ᠣᠯᠭᠤᠭᠰᠠᠨ ᠥᠬᠡᠶ ᠵᠡᠷᠭᠡ ᠦᠢᠯᠡ | ᠠᠵᠢᠯᠯᠠᠭ᠎ᠠ ᠶᠢ ᠡᠷᠡᠰ ᠬᠤᠷᠢᠭᠯᠠᠵᠤ᠂ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠦᠨᠳᠦᠰᠦᠨ | ᠪᠠᠲᠤᠯᠠᠭ᠎ᠠ ᠶᠢᠨ ᠡᠷᠬᠡ ᠠᠰᠢᠭ ᠢ ᠦᠨᠡᠨᠬᠦ ᠬᠠᠮᠠᠭᠠᠯᠠᠪᠠ᠃ |