ᠨᠢᠩᠴᠧᠩ ᠰᠢᠶᠠᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢᠯᠡᠳᠲᠡ ᠳᠡᠭᠡᠭᠰᠢᠯᠡᠪᠡ
ᠨᠡᠶᠢᠲᠡᠯᠡᠭᠰᠡᠨ ᠴᠠᠭ᠄
2021/1/4
 ᠲᠡᠨᠦᠭᠦᠯ ᠭᠤᠶᠤᠯᠭᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠲᠡᠭᠦᠨ ᠤ ᠪᠡᠶ᠎ᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠨᠢᠩᠴᠧᠩ ᠰᠢᠶᠠᠨ ᠬᠥᠮᠦᠨ ᠢᠶᠠᠷ ᠦᠨᠳᠦᠰᠦ ᠪᠣᠯᠭᠠᠬᠤ᠂ ᠵᠠᠰᠠᠭ ᠤᠨ ᠣᠷᠳᠣᠨ ᠬᠠᠷᠢᠭᠤᠴᠠᠬᠤ᠂ ᠴᠢᠩᠭ᠎ᠠ ᠬᠢᠨᠠᠨ ᠬᠠᠮᠢᠶᠠᠷᠬᠤ᠂ ᠬᠠᠮᠵᠢᠯᠴᠠᠨ ᠬᠠᠮᠵᠢᠯᠴᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡ ᠪᠠᠷ ᠵᠠᠰᠠᠬᠤ ᠠᠵᠢᠯ ᠤᠨ ᠵᠠᠷᠴᠢᠮ ᠢ ᠪᠠᠷᠢᠮᠲᠠᠯᠠᠵᠤ᠂ ᠠᠮᠢᠳᠤᠷᠠᠬᠤ ᠠᠷᠭ᠎ᠠ ᠦᠭᠡᠢ ᠲᠡᠨᠦᠭᠦᠯ ᠭᠤᠶᠤᠯᠭᠠᠴᠢᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠰᠠᠶᠢᠵᠢᠷᠠᠭᠤᠯᠤᠨ ᠳᠡᠭᠡᠭᠰᠢᠯᠡᠭᠦᠯᠬᠦ ᠶᠢ ᠪᠡᠶᠡᠯᠡᠭᠦᠯᠪᠡ᠃ ᠨᠢᠭᠡ ᠳᠤ ᠬᠠᠷᠠᠭᠠᠯᠵᠠᠵᠤ ᠦᠢᠯᠡᠴᠢᠯᠡᠬᠦ ᠶᠢᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠭᠦᠯᠪᠡ᠃ ᠠᠮᠤᠷ ᠲᠦᠪᠰᠢᠨ ᠤ ᠬᠡᠮ ᠰᠣᠭᠤᠭ ᠤᠨ ᠶᠡᠭᠡ ᠵᠢᠭᠰᠠᠭᠠᠨ ᠪᠠᠶᠢᠴᠠᠭᠠᠯᠲᠠ ᠶᠢ ᠢᠳᠡᠪᠬᠢᠲᠡᠶ ᠥᠷᠨᠢᠭᠦᠯᠵᠦ᠂ ᠠᠪᠤᠷᠠᠨ ᠲᠤᠰᠠᠯᠠᠵᠤ ᠬᠠᠮᠢᠶᠠᠷᠬᠤ ᠥᠷᠲᠡᠭᠡ ᠶᠢᠨ ᠳᠣᠲᠣᠭᠠᠳᠤ ᠶᠢᠨ ᠬᠠᠮᠢᠶᠠᠷᠤᠯᠲᠠ᠂ ᠠᠮᠢᠳᠤᠷᠠᠯ ᠤᠨ ᠬᠠᠷᠠᠭᠠᠯᠵᠠᠯ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠡᠮ ᠤᠨ ᠵᠤᠶᠢᠯ ᠤᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠥᠷᠲᠡᠭᠡ ᠠᠴᠠ ᠰᠠᠯᠵᠤ ᠨᠤᠲᠤᠭ ᠲᠠᠭᠠᠨ ᠪᠤᠴᠠᠬᠤ ᠵᠡᠷᠭᠡ ᠠᠵᠢᠯ ᠳᠤ ᠪᠠᠶᠢᠴᠠᠭᠠᠯᠲᠠ ᠬᠢᠵᠦ᠂ ᠠᠰᠠᠭᠤᠳᠠᠯ ᠤᠨ ᠨᠠᠷᠢᠨ ᠬᠠᠭᠤᠳᠠᠰᠤ ᠶᠢ ᠵᠢᠭᠰᠠᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠪᠠ᠃ 150 ᠬᠥᠮᠦᠨ ᠢ ᠠᠪᠤᠷᠠᠨ ᠲᠤᠰᠠᠯᠠᠵᠤ᠂ 18 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠵᠢᠴᠢ ᠡᠳ᠋ ᠪᠣᠳᠠᠰ ᠲᠠᠷᠬᠠᠭᠠᠵᠤ᠂ 418 ᠬᠥᠮᠦᠨ ᠢ ᠠᠪᠤᠷᠠᠨ ᠲᠤᠰᠠᠯᠠᠵᠤ᠂ 107 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ ᠬᠤᠶᠠᠷ ᠲᠤ ᠲᠥᠷᠥᠯ ᠰᠠᠳᠤᠨ ᠢᠶᠠᠨ ᠡᠷᠢᠬᠦ ᠳᠤ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠦᠷᠨᠢᠭᠦᠯᠪᠡ᠃ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠶᠢᠨ ᠦᠯᠡᠳᠡᠵᠦ ᠬᠤᠴᠣᠷᠤᠭᠰᠠᠨ ᠬᠥᠮᠦᠰ ᠢ ᠢᠯᠭᠠᠨ ᠳᠣᠲᠣᠯᠠᠵᠤ ᠲᠥᠷᠥᠯ ᠰᠠᠳᠤᠨ ᠢ ᠨᠢ ᠡᠷᠢᠵᠦ᠂ ᠵᠢᠰᠦ ᠶᠢ ᠨᠢ ᠢᠯᠭᠠᠨ ᠲᠠᠨᠢᠬᠤ ᠮᠡᠷᠭᠡᠵᠢᠯ᠂ DNA ᠶᠢᠨ ᠬᠠᠷᠢᠴᠠᠭᠤᠯᠤᠯ᠂ ︽ᠲᠡᠷᠢᠭᠦᠨ ᠵᠤᠷᠪᠤᠰ ᠢᠶᠠᠷ ᠬᠥᠮᠦᠨ ᠡᠷᠢᠬᠦ︾᠂ ᠸᠢᠴᠠᠲ ᠤᠨ ᠣᠯᠠᠨ ᠨᠡᠶᠢᠲᠡ ᠶᠢᠨ ᠨᠣᠮᠧᠷ᠂ ᠠᠪᠤᠷᠠᠨ ᠲᠤᠰᠠᠯᠠᠵᠤ ᠲᠥᠷᠥᠯ ᠰᠠᠳᠤᠨ ᠢᠶᠠᠨ ᠡᠷᠢᠬᠦ ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠢᠯᠭᠠᠨ ᠳᠣᠲᠣᠯᠠᠵᠤ ᠪᠠᠶᠢᠴᠠᠭᠠᠨ ᠯᠠᠪᠯᠠᠬᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ ᠥᠪᠥᠷ ᠮᠣᠩᠭᠤᠯ ᠤᠨ ᠪᠠᠶᠠᠨᠨᠠᠭᠤᠷ ᠬᠤᠲᠠ ᠪᠣᠯᠤᠨ ᠵᠢᠶᠠᠩᠰᠦ ᠮᠤᠵᠢ ᠳᠤ ᠦᠯᠡᠳᠡᠭᠰᠡᠨ 2 ᠬᠥᠮᠦᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠢᠯᠭᠠᠨ ᠳᠣᠲᠣᠯᠠᠬᠤ ᠶᠢ ᠪᠡᠶᠡᠯᠡᠭᠦᠯᠦᠭᠰᠡᠨ ᠪᠥᠭᠡᠳ ᠲᠤᠰᠬᠠᠶ ᠬᠥᠮᠦᠨ ᠲᠣᠬᠢᠷᠠᠭᠤᠯᠤᠨ 2 ᠬᠥᠮᠦᠨ ᠢ ᠨᠤᠲᠤᠭ ᠲᠤᠨᠢ ᠬᠦᠷᠭᠡᠯᠭᠡᠪᠡ᠃ ᠭᠤᠷᠪᠠ ᠳᠤ ᠵᠡᠭᠡᠯᠢ ᠪᠠᠷ ᠲᠣᠭᠤᠷᠢᠨ ᠪᠠᠶᠢᠴᠠᠭᠠᠬᠤ ᠶᠢ ᠢᠳᠡᠪᠬᠢᠲᠡᠶ ᠥᠷᠨᠢᠭᠦᠯᠪᠡ᠃ ︽ᠬᠠᠬᠢᠷ ᠡᠪᠦᠯ ᠳᠤ ᠬᠠᠶᠢᠷ᠎ᠠ ᠬᠠᠯᠠᠮᠵᠢ ᠬᠦᠷᠭᠡᠬᠦ︾᠂ ︽ᠵᠣᠨ ᠤ ᠤᠯᠠᠷᠢᠯ ᠳᠤ ᠰᠡᠷᠢᠭᠦᠨ ᠬᠦᠷᠭᠡᠬᠦ︾ ᠵᠡᠷᠭᠡ ᠲᠤᠰᠬᠠᠶ  ᠵᠤᠶᠢᠯ ᠤᠨ ᠠᠪᠤᠷᠠᠨ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠡᠷᠲᠡ ᠢᠯᠡᠷᠡᠭᠦᠯᠬᠦ᠂ ᠡᠷᠲᠡ ᠠᠪᠤᠷᠠᠨ ᠲᠤᠰᠠᠯᠠᠬᠤ᠂ ᠡᠷᠲᠡ ᠰᠢᠢᠳᠪᠤᠷᠢᠯᠡᠬᠦ ᠶᠢ ᠪᠠᠶᠠᠯᠠᠭᠦᠯᠪᠡ᠃ ᠡᠭᠦᠨ ᠤ ᠬᠠᠮᠲᠤ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠪᠠᠶᠢᠡᠭᠭᠤᠵᠢᠬᠰᠠᠨ ᠲᠦᠷᠢᠮ ᠢ ᠪᠠᠶᠢᠭᠤᠯᠵᠤ᠂ ᠵᠡᠭᠡᠯᠢ ᠳᠡᠭᠡᠷᠡᠬᠢ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠵᠡᠭᠡᠯᠢ ᠳᠡᠭᠡᠷᠡᠬᠢ ᠠᠪᠤᠷᠠᠨ ᠲᠤᠰᠠᠯᠠᠬᠤ ᠵᠢᠷᠤᠮ ᠢ ᠲᠡᠭᠦᠯᠳᠡᠷᠵᠢᠭᠦᠯᠵᠦ᠂ ︽ᠠᠯᠪᠠᠳᠠᠯᠭ᠎ᠠ ᠪᠠᠷ ᠭᠤᠶᠤᠵᠦ ᠠᠪᠬᠤ︾᠂ ︽ᠠᠵᠢᠯ ᠮᠡᠷᠭᠡᠵᠢᠯ ᠤᠨ ᠭᠤᠶᠢᠷᠠᠨᠴᠢᠯᠠᠬᠤ︾ ᠵᠡᠷᠭᠡ ᠪᠣᠯᠪᠠᠰᠤᠨ ᠪᠤᠰᠤ ᠦᠵᠡᠭᠳᠡᠯ ᠢ ᠪᠦᠲᠦᠮᠵᠢᠲᠡᠢ ᠪᠠᠭᠠᠰᠬᠠᠪᠠ᠃ ᠲᠦᠷᠪᠡ ᠳᠤ᠂ ᠡᠬᠢ ᠡᠭᠦᠰᠦᠯ ᠠᠴᠠ ᠨᠢ ᠵᠠᠰᠠᠬᠤ ᠠᠵᠢᠯᠯᠠᠭ᠎ᠠ ᠶᠢ ᠠᠬᠢᠭᠤᠯᠪᠠ᠃ ᠨᠤᠲᠤᠭ ᠲᠠᠭᠠᠨ ᠪᠤᠴᠠᠭᠰᠠᠳ ᠤᠨ ᠮᠡᠳᠡᠭᠡ ᠵᠠᠩᠭᠢ ᠶᠢᠨ ᠡᠬᠡ ᠳᠠᠩᠰᠠ ᠶᠢ ᠪᠠᠶᠢᠭᠤᠯᠵᠤ᠂ ᠨᠤᠲᠤᠭ ᠲᠠᠭᠠᠨ ᠪᠤᠴᠠᠭᠰᠠᠳ ᠤᠨ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠶᠢ ᠴᠢᠩᠭᠠᠷᠠᠭᠤᠯᠤᠨ᠂ ᠨᠥᠬᠦᠴᠡᠯ ᠳᠤ ᠨᠡᠶᠢᠴᠡᠬᠦ ᠨᠤᠲᠤᠭ ᠲᠠᠭᠠᠨ ᠪᠤᠴᠠᠭᠰᠠᠳ ᠲᠤ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠪᠠ᠃ ᠲᠤᠰᠠᠯᠠᠮᠵᠢ ᠭᠥᠷᠳᠡᠬᠦ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠢ ᠴᠠᠭ ᠲᠤᠬᠠᠶ ᠳᠤᠨᠢ ᠰᠢᠶᠠᠩ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠬᠡᠷ ᠪᠦᠯᠢ ᠶᠢᠨ ᠬᠢᠨ ᠤ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠢᠯᠣᠭᠤᠳᠴᠤ᠂ ᠲᠡᠳᠡᠨ ᠤ ᠳᠠᠬᠢᠨᠲᠠ ᠭᠠᠳᠠᠭᠰᠢ ᠭᠠᠷᠴᠤ ᠲᠡᠨᠦᠭᠦᠴᠢᠯᠡᠬᠦ ᠶᠢ  ᠰᠡᠷᠭᠡᠶᠢᠯᠡᠪᠡ᠃ ᠲᠠᠪᠤ ᠳᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠺᠠᠳ᠋ᠷ ᠤᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠪᠡ᠃ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠰᠤᠷᠤᠯᠴᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠵᠡᠷᠭᠡ ᠬᠡᠯᠪᠡᠷᠢ ᠶᠢ ᠠᠪᠴᠤ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠪᠤᠷᠠᠨ ᠲᠤᠰᠠᠯᠠᠬᠤ ᠺᠠᠳ᠋ᠷ ᠤᠨ ᠠᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ︽ᠠᠪᠤᠷᠠᠨ ᠲᠤᠰᠠᠯᠠᠬᠤ ᠥᠷᠲᠡᠭᠡ ᠶᠢᠨ ᠢᠯᠡ ᠪᠣᠯᠭᠠᠬᠤ ᠡᠳᠦᠷ︾ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠠᠭᠤᠷᠠᠶ ᠶᠢ ᠲᠡᠳᠬᠦᠨ ᠬᠦᠴᠢᠷᠳᠡᠯᠲᠡᠶ ᠶᠢ ᠲᠤᠰᠠᠯᠠᠬᠤ᠂ ᠬᠠᠷᠢᠯᠴᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠰᠠᠨᠠᠭᠠᠴᠢᠯᠠᠵᠤ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠨᠡᠶᠢᠭᠡᠮ ᠤᠨ ᠬᠦᠴᠦᠨ ᠢ ᠳᠠᠶᠢᠴᠢᠯᠠᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ᠵᠠᠰᠠᠭ ᠤᠨ ᠣᠷᠳᠣᠨ᠂ ᠨᠡᠶᠢᠭᠡᠮ᠂ ᠬᠡᠷ ᠪᠦᠯᠢ ᠶᠢᠨ ᠬᠢᠨ ᠬᠠᠮᠲᠤ ᠪᠠᠷ ᠡᠭᠦᠷᠭᠡᠯᠡᠬᠦ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号