ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠠᠯᠪᠠᠨ ᠵᠠᠷ
ᠨᠡᠶᠢᠲᠡᠯᠡᠭᠰᠡᠨ ᠴᠠᠭ᠄
2021/1/7
 ᠨᠢᠩᠴᠧᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2003 ᠣᠨ ᠤ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ ᠲᠤ ᠨᠡᠷ᠎ᠡ ᠮᠡᠳᠡᠭᠦᠯᠵᠦ ᠳᠠᠩᠰᠠᠯᠠᠭᠤᠯᠬᠤ ᠠᠵᠢᠯ ᠥᠷᠨᠢᠭᠦᠯᠵᠦ᠂ ᠬᠢᠷᠢ ᠬᠡᠮ ᠢ ᠨᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠬᠥᠮᠦᠰ ᠲᠤ ᠨᠢᠩᠴᠧᠩ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠢᠯᠡ ᠪᠠᠷ ᠪᠠᠭᠰᠢ ᠡᠯᠰᠡᠬᠦ ᠰᠢᠯᠭᠠᠯᠲᠠ ᠳᠤ ᠣᠷᠣᠯᠴᠠᠭᠤᠯᠬᠤ ᠪᠤᠶᠤ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠤᠰᠬᠠᠶ ᠠᠵᠢᠯ ᠤᠨ ᠪᠠᠶᠢᠷᠢ ᠬᠠᠩᠭᠠᠬᠤ ᠪᠣᠯᠤᠨ᠎ᠠ᠃ ᠤᠳᠤ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ ᠮᠡᠲᠦ ᠵᠠᠷᠯᠠᠰᠤᠭᠠᠢ᠄ ᠨᠢᠭᠡ᠂ ᠨᠡᠷ᠎ᠡ ᠮᠡᠳᠡᠭᠦᠯᠦᠨ ᠳᠠᠩᠰᠠᠯᠠᠭᠤᠯᠤᠭᠰᠠᠳ ᠤᠨ ᠬᠡᠪᠴᠢᠶ᠎ᠡ   ︵ᠨᠢᠭᠡ︶ 2003 ᠣᠨ ᠳᠤ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠨ ᠰᠣᠷᠣᠭᠴᠢ᠂ ᠨᠢᠩᠴᠧᠩ ᠰᠢᠶᠠᠨ ᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ ᠶᠢᠨ ᠬᠠᠮᠲᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠡᠷᠦᠬᠡ ᠠᠮᠠ ᠶᠢᠨ ᠲᠠᠩᠰᠠ ᠨᠢ ᠨᠢᠩᠴᠧᠩ ᠰᠢᠶᠠᠨ ᠤ ᠬᠥᠮᠦᠨ ᠪᠠᠶᠢᠪᠠ᠃︵ᠬᠤᠶᠠᠷ︶ 2003 ᠣᠨ ᠳᠤ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ᠂ ᠲᠡᠭᠦᠰᠬᠦ ᠦᠶ᠎ᠡ ᠳᠤ ᠨᠢᠩᠴᠧᠩ ᠰᠢᠶᠠᠨ ᠳᠤ ᠲᠣᠮᠢᠯᠠᠭᠰᠠᠨ ᠬᠥᠮᠦᠰ ︵ᠨᠡᠷ᠎ᠡ ᠮᠡᠳᠡᠭᠦᠯᠬᠦ ᠦᠨᠡᠮᠯᠡᠯ᠂ ᠲᠣᠮᠢᠯᠠᠬᠤ ᠦᠨᠡᠮᠯᠡᠯ ᠢᠶᠠᠷ ᠪᠠᠷᠢᠮᠵᠢᠶ᠎ᠠ ᠪᠣᠯᠭᠠᠨ᠎ᠠ ︶᠃ ᠬᠤᠶᠠᠷ᠂ ᠨᠡᠷ᠎ᠡ ᠮᠡᠳᠡᠭᠦᠯᠦᠨ ᠳᠠᠩᠰᠠᠯᠠᠭᠤᠯᠬᠤ ᠴᠠᠭ᠂ ᠭᠠᠵᠠᠷ ᠵᠢᠴᠢ ᠬᠠᠮᠢᠶ᠎ᠠ ᠪᠦᠬᠦᠢ ᠱᠠᠭᠠᠷᠳᠠᠯᠭ᠎ᠠ ︵ᠨᠢᠭᠡ︶ ᠨᠡᠷ᠎ᠡ ᠮᠡᠳᠡᠭᠦᠯᠵᠦ ᠳᠠᠩᠰᠠᠯᠠᠭᠤᠯᠬᠤ ᠴᠠᠭ 2021 ᠣᠨ ᠤ 1 ᠳ᠋ᠤᠭᠡᠷ ᠰᠠᠷ᠎ᠠ ᠶᠢᠨ 7 ᠤ ᠡᠳᠦᠷ ᠠᠴᠠ 13 ᠤ ᠡᠳᠦᠷ ᠪᠣᠯᠲᠠᠯ᠎ᠠ᠂ ᠦᠳᠡ ᠶᠢᠨ ᠡᠮᠦᠨᠡᠬᠢ 8᠄ 00—11᠄ 30᠂ ᠦᠳᠡ ᠶᠢᠨ ᠬᠤᠶᠢᠨᠠᠬᠢ 14᠄ 00—17᠄ 00᠃ ᠭᠠᠷᠠᠭ ᠤᠨ ᠵᠢᠷᠭᠤᠭᠠᠨ᠂ ᠡᠳᠦᠷ ᠲᠡᠭᠡᠨ ᠬᠡᠪ ᠤᠨ ᠶᠣᠰᠣᠭᠠᠷ ᠨᠡᠷ᠎ᠡ ᠮᠡᠳᠡᠭᠦᠯᠦᠨ᠎ᠡ᠂ ᠬᠤᠭᠤᠴᠠᠭ᠎ᠠ ᠬᠡᠲᠦᠷᠡᠲᠡᠯ᠎ᠡ ᠨᠡᠷ᠎ᠡ ᠮᠡᠳᠡᠭᠦᠯᠵᠦ ᠪᠦᠷᠢᠳᠬᠡᠭᠦᠯᠦᠭᠰᠡᠨ ᠥᠬᠡᠶ ᠪᠣᠯ ᠠᠶᠠᠨᠳᠠᠭᠠᠨ ᠪᠤᠯᠢᠭᠰᠠᠨ ᠢᠶᠠᠷ ᠦᠵᠡᠵᠦ᠂ ᠳᠠᠭᠢᠵᠤ ᠭᠥᠯᠢᠶᠡᠨ ᠠᠪᠴᠤ ᠰᠢᠢᠳᠪᠤᠷᠢᠯᠡᠬᠦ ᠥᠬᠡᠶ᠃ ︵ᠬᠤᠶᠠᠷ︶ ᠨᠡᠷ᠎ᠡ ᠮᠡᠳᠡᠭᠦᠯᠵᠦ ᠳᠠᠩᠰᠠᠯᠠᠭᠤᠯᠬᠤ ᠭᠠᠵᠠᠷ ᠨᠢᠩᠴᠧᠩ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠲᠤᠷᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠤᠨ ᠨᠢᠭᠡᠳᠦᠭᠡᠷ ᠳᠠᠪᠬᠤᠷᠭ᠎ᠠ᠃ ︵ᠭᠤᠷᠪᠠ︶ ᠨᠡᠷ᠎ᠡ ᠮᠡᠳᠡᠭᠦᠯᠬᠦ ᠦᠶ᠎ᠡ ᠳᠤ ᠬᠠᠩᠭᠠᠬᠤ ᠴᠢᠬᠤᠯᠠᠲᠠᠶ ᠭᠡᠷᠡᠴᠢᠯᠡᠬᠦ ᠮᠠᠲ᠋ᠧᠷᠢᠶᠠᠯ 1 . ︽ᠨᠡᠷ᠎ᠡ ᠮᠡᠳᠡᠭᠦᠯᠦᠨ ᠳᠠᠩᠰᠠᠯᠠᠭᠤᠯᠬᠤ ᠮᠡᠳᠡᠭᠡ ᠵᠠᠩᠭᠢ ᠶᠢᠨ ᠬᠦᠰᠦᠨᠦᠭᠲᠦ︾  2 . ᠬᠤᠪᠢ ᠬᠥᠮᠦᠨ ᠤ ᠬᠦᠴᠦᠨ ᠪᠥᠬᠦᠶ ᠬᠤᠭᠤᠴᠠᠭᠠᠨ ᠳᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠪᠤᠶᠤ ᠲᠦᠷ ᠴᠠᠭ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠦᠨᠡᠮᠯᠡᠯ᠂ ᠪᠠᠭᠰᠢ ᠶᠢᠨ ᠬᠢᠷᠢ ᠬᠡᠮ ᠤᠨ ᠦᠨᠡᠮᠯᠡᠯ᠂ ᠲᠣᠮᠢᠯᠠᠭᠰᠠᠨ ᠦᠨᠡᠮᠯᠡᠯ ᠪᠤᠶᠤ ᠨᠡᠷ᠎ᠡ ᠮᠡᠳᠡᠭᠦᠯᠦᠭᠰᠡᠨ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ 2 ᠬᠤᠪᠢ  3 . ᠬᠤᠪᠢ ᠬᠥᠮᠦᠨ ᠤ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ ᠬᠥᠬᠡ ᠲᠡᠪᠢᠰᠭᠡᠷᠲᠦ 1 ᠢᠮᠠᠬᠤ ᠶᠢᠨ ᠰᠡᠭᠦᠳᠡᠷ 2 ᠬᠤᠪᠢ᠂ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠡᠷ ᠤᠨ ᠲᠠᠩᠰᠠ ᠡᠪᠬᠡᠮᠡᠯ᠃ ᠱᠠᠭᠠᠷᠳᠠᠯᠭ᠎ᠠ ᠶᠣᠰᠣᠭᠠᠷ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠦᠭᠡᠢ ᠪᠣᠯ ᠬᠢᠨᠠᠨ ᠬᠠᠷᠭᠤᠭᠤᠯᠬᠤ ᠦᠭᠡᠢ᠃ ︵ᠳᠥᠷᠪᠡ︶ ᠨᠡᠷ᠎ᠡ ᠮᠡᠳᠡᠭᠦᠯᠵᠦ ᠳᠠᠩᠰᠠᠯᠠᠭᠤᠯᠬᠤ ᠱᠠᠭᠠᠷᠳᠠᠯᠭ᠎ᠠ ᠲᠤᠬᠠᠶ ᠶᠢᠨ ᠲᠠᠯᠠᠪᠠᠶ ᠳᠤ ᠨᠡᠷ᠎ᠡ ᠮᠡᠳᠡᠭᠦᠯᠬᠦ ᠬᠥᠮᠦᠰ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠺᠣᠳ᠋ ᠢᠶᠠᠨ ᠦᠵᠡᠭᠦᠯᠬᠦ ᠬᠡᠷᠡᠭᠲᠡᠶ᠃ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠤ ᠨᠡᠷ᠎ᠡ ᠮᠡᠳᠡᠭᠦᠯᠦᠭᠰᠡᠨ ᠬᠥᠮᠦᠰ ᠲᠤᠬᠠᠢ ᠶᠢᠨ ᠭᠠᠵᠠᠷ ᠲᠤ ᠣᠷᠣᠰᠢᠨ ᠰᠠᠭᠤᠬᠤ ᠭᠡᠷᠡᠴᠢ ᠪᠤᠶᠤ ᠰᠠᠭᠠᠲᠠᠬᠤ ᠭᠡᠷᠡᠴᠢ ᠬᠠᠩᠭᠠᠬᠤ ᠴᠢᠬᠤᠯᠠᠲᠠᠢ᠂ ᠤᠲᠠᠰᠤ ᠪᠠᠷ ᠪᠣᠯᠵᠣᠬᠤ ᠬᠡᠯᠪᠡᠷᠢ ᠪᠠᠷ ᠨᠡᠷ᠎ᠡ ᠮᠡᠳᠡᠭᠦᠯᠵᠦ ᠪᠣᠯᠤᠨ᠎ᠠ᠃ ᠲᠣᠰ ᠤᠳᠠᠭᠠᠨ ᠤ ᠨᠡᠷ᠎ᠡ ᠮᠡᠳᠡᠭᠦᠯᠵᠦ ᠳᠠᠩᠰᠠᠯᠠᠭᠤᠯᠬᠤ ᠠᠵᠢᠯ ᠤᠨ ᠴᠠᠭ ᠪᠠᠴᠢᠮ᠂ ᠬᠠᠷᠢᠯᠴᠠᠨ ᠳᠠᠮᠵᠢᠭᠤᠯᠬᠤ ᠶᠢ ᠬᠦᠰᠡᠵᠦ ᠪᠠᠶᠢᠨ᠎ᠠ᠃ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠤᠰᠬᠠᠶ ᠠᠵᠢᠯ ᠤᠨ ᠪᠠᠶᠢᠷᠢ ᠶᠢ ᠭᠤᠶᠤᠴᠢᠯᠠᠬᠤ ᠬᠦᠰᠡᠯ ᠡᠷᠡᠮᠡᠯᠵᠡᠯ ᠲᠠᠢ ᠬᠥᠮᠦᠰ ᠢ ᠨᠡᠷ᠎ᠡ ᠮᠡᠳᠡᠭᠦᠯᠬᠦ ᠳᠡᠰ ᠳᠠᠷᠠᠭᠠᠯᠠᠯ ᠢᠶᠠᠷ ᠤᠷᠢᠳᠠᠪᠠᠷ ᠲᠥᠪᠬᠢᠨᠡᠭᠦᠯᠦᠨ᠎ᠡ᠃ ᠬᠠᠷᠢᠯᠴᠠᠬᠤ ᠬᠥᠮᠦᠨ᠄ ᠵᠠᠩ ᠱᠧᠤ ᠴᠢᠤᠸᠠᠨ᠂ ᠬᠠᠷᠢᠯᠴᠠᠬᠤ ᠤᠲᠠᠰᠤ᠄ 0476—4230070᠂ 0476—561596᠃               ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ                     2021 ᠣᠨ ᠤ 1 ᠰᠠᠷ᠎ᠠ ᠶᠢᠨ 6 ᠤ ᠡᠳᠦᠷ
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号