| ᠣᠶᠢᠷ᠎ᠠ ᠳᠤ᠂ ᠯᠢᠶᠣᠤ ᠤᠯᠤᠰ ᠤᠨ ᠳᠤᠮᠳᠠᠳᠤ ᠨᠡᠶᠢᠰᠯᠡᠯ ᠤᠨ ᠮᠦᠽᠧᠶ ᠶᠢᠨ ︽ᠬᠡᠷᠡᠯ ᠰᠠᠴᠤᠷᠠᠩᠭᠤᠶ ᠯᠢᠶᠣᠤ | ᠤᠯᠤᠰ ᠤᠨ ᠳᠤᠮᠳᠠᠳᠤ ᠨᠡᠶᠢᠰᠯᠡᠯ ᠤᠨ ᠦᠵᠡᠭᠦᠯᠦᠯᠭᠡ ᠶᠢᠨ ᠲᠢᠩᠬᠢᠮ︾ ᠪᠠ ︽ᠲᠠᠯ᠎ᠠ ᠨᠤᠲᠤᠭ ᠤᠨ ᠬᠦᠷᠡᠯ | ᠵᠡᠪᠰᠡᠭ ᠤᠨ ᠦᠵᠡᠭᠦᠯᠦᠯᠭᠡ ᠶᠢᠨ ᠲᠢᠩᠬᠢᠮ︾ ᠠᠮᠵᠢᠯᠲᠠ ᠲᠠᠢ ᠡᠭᠦᠳᠡ ᠪᠠᠨ ᠨᠡᠭᠡᠭᠡᠬᠦ ᠶᠣᠰᠣᠯᠠᠯ ᠶᠠᠪᠤᠭᠳᠠᠵᠤ᠂ | ᠬᠤᠶᠠᠷ ᠦᠵᠡᠭᠦᠯᠦᠯᠭᠡ ᠶᠢᠨ ᠲᠢᠩᠬᠢᠮ ᠣᠲᠣ ᠦᠶ᠎ᠡ ᠶᠢᠨ ᠦᠵᠡᠭᠦᠯᠭᠡ ᠶᠢᠨ ᠮᠡᠷᠭᠡᠵᠢᠯ ᠲᠠᠢ ᠤᠶᠠᠯᠳᠤᠭᠤᠯᠤᠨ᠂ | ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ᠂ ᠲᠤᠰᠠᠯᠠᠬᠤ ᠦᠵᠡᠭᠦᠯᠦᠯᠭᠡ ᠶᠢᠨ ᠪᠣᠳᠠᠰ ᠵᠡᠷᠭᠡ ᠶᠢ ᠳᠡᠯᠭᠡᠨ | ᠦᠵᠡᠭᠦᠯᠬᠦ ᠪᠠᠷ ᠳᠡᠮᠵᠢᠨ᠂ ᠨᠢᠩᠴᠧᠩ ᠣᠷᠣᠨ ᠤ ᠬᠡᠷᠡᠯ ᠰᠠᠴᠤᠷᠠᠩᠭᠤᠶ ᠪᠣᠯᠪᠠᠰᠤᠨ ᠢ ᠳᠡᠯᠡᠬᠡᠶ ᠳ᠋ᠠᠬᠢᠨ ᠤ ᠡᠮᠦᠨ᠎ᠡ | ᠳᠡᠯᠭᠡᠨ ᠦᠵᠡᠭᠦᠯᠵᠡᠶ᠃ | ᠡᠭᠦᠨ ᠳᠤ᠂ ︽ᠬᠡᠷᠡᠯ ᠰᠠᠴᠤᠷᠠᠩᠭᠤᠶ ᠯᠢᠶᠣᠤ ᠤᠯᠤᠰ ᠤᠨ ᠳᠤᠮᠳᠠᠳᠤ ᠨᠡᠶᠢᠰᠯᠡᠯ ᠤᠨ ᠦᠵᠡᠭᠦᠯᠦᠯᠭᠡ ᠶᠢᠨ | ᠲᠢᠩᠬᠢᠮ︾ ᠨᠢ ︽ᠳᠤᠮᠳᠠᠳᠤ ᠨᠡᠶᠢᠰᠯᠡᠯ ᠤᠨ ᠬᠡᠷᠡᠯ ᠭᠢᠯᠪᠠᠭ᠎ᠠ︾ ᠪᠠ ︽ ᠬᠤᠪᠢᠰᠬᠠᠯᠲᠦ ᠨᠢᠩᠴᠧᠩ︾ ᠭᠡᠬᠦ | ᠬᠤᠶᠠᠷ ᠬᠡᠰᠡᠭ ᠢᠶᠠᠷ ᠪᠦᠷᠢᠯᠳᠦᠵᠡᠶ᠃ ︽ᠳᠤᠮᠳᠠᠳᠤ ᠨᠡᠶᠢᠰᠯᠡᠯ ᠤᠨ ᠭᠡᠷᠡᠯ ᠭᠢᠯᠪᠠᠭ᠎ᠠ︾ ᠨᠢ ᠭᠤᠣᠯᠳᠠᠭᠤ ᠯᠢᠶᠣᠤ | ᠤᠯᠤᠰ ᠠᠴᠠ ᠨᠠᠭᠠᠰᠢᠬᠢ ︽ ᠶᠢᠨ᠂ ᠶᠤᠸᠠᠨ᠂ ᠮᠢᠩ᠂ ᠴᠢᠩ᠂ ᠢᠷᠭᠡᠨ ᠤᠯᠤᠰ︾ ᠤᠨ ᠡᠯ᠎ᠡ ᠴᠠᠭ ᠦᠶ᠎ᠡ ᠶᠢᠨ | ᠨᠢᠩᠴᠧᠩ ᠰᠢᠶᠠᠨ ᠤ ᠰᠣᠶᠣᠯ ᠤᠨ ᠴᠤᠭ ᠵᠢᠪᠬᠤᠭ᠎ᠠ ᠶᠢ ᠳᠡᠯᠭᠡᠨ ᠦᠵᠡᠭᠦᠯᠦᠭᠰᠡᠨ ᠪᠠᠶᠢᠨ᠎ᠠ᠃ ︽ᠬᠤᠪᠢᠰᠬᠠᠯᠲᠦ | ᠨᠢᠩᠴᠧᠩ︾ ᠨᠢ ᠶᠠᠫᠣᠨ ᠢ ᠡᠰᠡᠷᠭᠦᠴᠡᠭᠰᠡᠨ ᠦᠷᠡᠭᠳᠡᠭᠰᠡᠨ ᠪᠠᠭᠠᠲᠤᠷ᠂ ᠳᠤᠮᠳᠠᠳᠤ ᠤᠯᠤᠰ ᠢ ᠲᠦᠷᠢᠮᠡᠬᠡᠶᠢᠯᠡᠭᠰᠡᠨ | ᠶᠠᠯ᠎ᠠ ᠶᠢᠨ ᠭᠡᠷᠡᠴᠢ᠂ ᠠᠷᠠᠳ ᠤᠨ ᠵᠠᠰᠠᠭ ᠤᠨ ᠣᠷᠳᠣᠨ ᠪᠠᠶᠢᠭᠤᠯᠤᠭᠳᠠᠬᠰᠠᠨ ᠭᠤᠷᠪᠠᠨ ᠦᠵᠡᠭᠦᠯᠦᠯᠭᠡ ᠶᠢᠨ | ᠲᠣᠭᠤᠷᠢᠭ ᠪᠠᠶᠢᠭᠤᠯᠵᠤ᠂ ᠥᠰᠥᠭ ᠪᠢᠴᠢᠭ᠂ ᠪᠣᠳᠠᠲᠤ ᠪᠣᠳᠠᠰ᠂ ᠵᠢᠷᠤᠭ ᠵᠡᠷᠭᠡ ᠣᠯᠠᠨ ᠵᠤᠶᠢᠯ ᠤᠨ ᠠᠷᠭ᠎ᠠ | ᠪᠠᠷᠢᠯ ᠢᠶᠠᠷ ᠶᠠᠫᠣᠨ ᠢ ᠡᠰᠡᠷᠭᠦᠴᠡᠬᠦ ᠲᠡᠶᠢᠨ ᠤ ᠦᠶ᠎ᠡ ᠳᠤ ᠭᠤᠤ ᠴᠢᠶᠣᠤ ᠪᠠᠷ ᠲᠥᠯᠥᠭᠡᠯᠡᠭᠦᠯᠦᠭᠰᠡᠨ ᠬᠤᠪᠢᠰᠬᠠᠯ ᠤᠨ | ᠦᠷᠡᠭᠳᠡᠭᠰᠡᠨ ᠪᠠᠭᠠᠲᠤᠷ ᠨᠢᠩᠴᠧᠩ ᠤᠨ ᠠᠷᠠᠳ ᠲᠦᠮᠡᠨ ᠢ ᠳᠠᠭᠠᠭᠤᠯᠤᠨ ᠴᠢᠰᠤ ᠤᠷᠤᠰᠬᠠᠨ ᠲᠡᠮᠡᠴᠡᠭᠰᠡᠨ | ᠪᠠᠭᠠᠲᠤᠷᠯᠢᠭ ᠦᠢᠯᠡ ᠠᠵᠢᠯᠯᠠᠭ᠎ᠠ ᠶᠢ ᠢᠯᠡᠷᠡᠭᠦᠯᠪᠡ᠃ |