| ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ | ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ | ᠂ ᠡᠮ ᠡᠮᠨᠡᠯᠭᠡ ᠶᠢᠨ ᠳᠠᠭᠠᠳᠬᠠᠯ ᠤᠨ ᠡᠪᠡᠳᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ | ᠲᠤᠰᠠᠳᠠ᠂ ᠰᠢᠨ᠎ᠡ ᠵᠢᠯ ᠤᠨ ᠡᠬᠢᠨ ᠳᠤ ᠨᠢᠩᠴᠧᠩ ᠰᠢᠶᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ | ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠵᠡᠶ᠃ | ᠲᠤᠰᠬᠠᠶ ᠪᠠᠶᠢᠴᠠᠭᠠᠬᠤ ᠳᠤᠭᠤᠶᠢᠯᠠᠩ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠡᠨᠡᠳᠲᠡ ᠶᠢᠨ | ᠪᠠᠶᠢᠴᠠᠭᠠᠯᠲᠠ ᠬᠢᠵᠦ᠂ ᠡᠮᠨᠡᠯᠭᠡ ᠶᠢᠨ ᠬᠤᠷᠢᠶ᠎ᠠ ᠳᠤ ᠢᠯᠡᠷᠡᠭᠰᠡᠨ ︽ᠬᠥᠮᠦᠨ ᠤ ᠨᠡᠷ᠎ᠡ ᠪᠠᠷ ᠡᠮᠨᠡᠯᠭᠡ ᠳᠤ ᠰᠠᠭᠤᠬᠤ︾᠂ | ︽ᠬᠤᠳᠠᠯ ᠬᠠᠭᠤᠷᠮᠠᠭ ᠢᠶᠠᠷ ᠡᠮᠨᠡᠯᠭᠡ ᠳᠤ ᠰᠠᠭᠤᠬᠤ︾ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠰᠠᠯᠠᠭ᠎ᠠ ᠲᠠᠰᠤᠭ ᠤᠨ ᠡᠪᠡᠳᠴᠢᠲᠡᠨ ᠤ ᠥᠷᠥᠭᠡ ᠳᠤ ᠭᠦᠨᠵᠡᠭᠡᠶᠢᠷᠡᠬᠦ ᠪᠠᠷ | ᠳᠠᠮᠵᠢᠭᠤᠯᠤᠨ᠂ ᠡᠮᠨᠡᠯᠭᠡ ᠳᠤ ᠰᠠᠭᠤᠵᠤ ᠪᠠᠶᠢᠭ᠎ᠠ ᠪᠠᠶᠢᠳᠠᠯ᠂ ᠬᠢᠨᠠᠨ ᠪᠠᠶᠢᠴᠠᠭᠠᠬᠤ ᠰᠢᠰᠲ᠋ᠧᠮ ᠤᠨ ᠳᠣᠲᠣᠷᠠᠬᠢ | ᠲᠤᠭ᠎ᠠ ᠪᠠᠷᠢᠮᠲᠠ᠂ ᠡᠪᠡᠳᠴᠢᠲᠡᠨ ᠤ ᠡᠪᠡᠳᠴᠢᠨ ᠤ ᠲᠠᠩᠰᠠ ᠵᠡᠷᠭᠡ ᠮᠡᠳᠡᠭᠡ ᠵᠠᠩᠭᠢ ᠶᠢ ᠣᠶᠢᠯᠠᠭᠠᠵᠤ᠂ | ᠡᠪᠡᠳᠴᠢᠲᠡᠨ ᠤ ᠡᠮᠨᠡᠯᠭᠡ ᠳᠤ ᠰᠠᠭᠤᠵᠤ ᠪᠠᠶᠢᠭ᠎ᠠ ᠪᠠᠶᠢᠳᠠᠯ᠂ ᠡᠮᠨᠡᠯᠭᠡ ᠳᠤ ᠣᠷᠣᠬᠤ ᠵᠢᠭᠠᠯᠲᠠ ᠲᠡᠮᠳᠡᠭ᠂ ᠣᠨᠣᠰᠢᠯᠠᠨ | ᠡᠮᠨᠡᠬᠦ ᠠᠵᠢᠯᠯᠠᠭ᠎ᠠ ᠶᠢᠨ ᠦᠨᠡᠨ ᠪᠣᠳᠠᠲᠤ ᠴᠢᠨᠠᠷ᠂ ᠡᠮ ᠬᠡᠷᠡᠭᠯᠡᠬᠦ ᠪᠠᠶᠢᠴᠠᠭᠠᠯᠲᠠ ᠶᠢᠨ ᠵᠦᠶ ᠵᠣᠬᠢᠰᠲᠤ ᠴᠢᠨᠠᠷ | ᠵᠡᠷᠭᠡ ᠶᠢ ᠪᠥᠬᠦ ᠲᠠᠯ᠎ᠠ ᠪᠠᠷ ᠡᠵᠡᠮᠳᠡᠪᠡ᠃ | ᠡᠭᠦᠨ ᠤ ᠵᠡᠷᠭᠡ ᠪᠠᠷ᠂ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠳᠠᠭᠠᠳᠬᠠᠯ ᠢ ᠮᠡᠬᠡᠯᠡᠨ ᠠᠪᠬᠤ ᠦᠢᠯᠡ | ᠠᠵᠢᠯᠯᠠᠭ᠎ᠠ ᠶᠢᠨ ᠬᠦᠨᠳᠦ ᠨᠣᠴᠢᠲᠠᠶ ᠦᠷ᠎ᠡ ᠳ᠋ᠦᠩ ᠢ ᠤᠬᠠᠭᠤᠯᠬᠤ ᠶᠢᠨ ᠲᠥᠯᠥᠭᠡ᠂ ᠰᠢᠶᠠᠨ ᠤ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠪᠢᠴᠢᠭᠡᠰᠦ | ᠡᠯᠭᠦᠬᠦ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ LED ᠳᠡᠯᠭᠡᠴᠡ ᠪᠠᠷ ᠤᠬᠠᠭᠤᠯᠭ᠎ᠠ ᠶᠢᠨ | ᠤᠷᠢᠶ᠎ᠠ ᠯᠣᠽᠦ᠋ᠩ ᠨᠡᠪᠲᠡᠷᠡᠭᠦᠯᠬᠦ ᠵᠡᠷᠭᠡ ᠣᠯᠠᠨ ᠵᠤᠶᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠶᠢᠨ | ᠠᠵᠢᠯ ᠢ ᠥᠷᠭᠡᠨ ᠢᠶᠠᠷ ᠥᠷᠨᠢᠭᠦᠯᠵᠦ᠂ ᠪᠥᠬᠦ ᠠᠷᠠᠳ ᠢᠶᠠᠷ ᠢᠶᠠᠨ ᠡᠮ ᠡᠮᠨᠡᠯᠭᠡ ᠶᠢᠨ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠲᠣᠰ ᠤᠳᠠᠭᠠᠨ ᠤ ᠠᠵᠢᠯᠯᠠᠭ᠎ᠠ ᠨᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ | ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠵᠤ᠂ ᠬᠠᠤᠯᠢ ᠲᠣᠭᠲᠠᠭᠠᠯ ᠢ ᠤᠬᠠᠭᠤᠯᠬᠤ᠂ ᠣᠷᠴᠢᠨ ᠠᠬᠤᠶ ᠶᠢ | ᠴᠡᠪᠡᠷᠰᠢᠭᠦᠯᠬᠦ᠂ ᠶᠠᠯᠠᠲᠤ ᠠᠵᠢᠯᠯᠠᠭ᠎ᠠ ᠶᠢ ᠰᠦᠷᠳᠡᠭᠦᠯᠬᠦ ᠵᠣᠷᠢᠯᠭ᠎ᠠ ᠳᠤ ᠬᠥᠷᠪᠡ᠃ ᠲᠠᠷᠠᠭᠠᠴᠢ ᠶᠢᠨ ᠠᠯᠬᠤᠮ ᠳᠤ᠂ | ᠨᠢᠩᠴᠧᠩ ᠰᠢᠶᠠᠨ ᠪᠠᠶᠢᠴᠠᠭᠠᠯᠲᠠ ᠶᠢᠨ ᠡᠷᠴᠢᠮ ᠢᠶᠠᠨ ᠪᠠᠭᠤᠷᠠᠭᠤᠯᠬᠤ ᠥᠬᠡᠶ᠂ ᠥᠨᠳᠥᠷ ᠳᠠᠷᠤᠯᠲᠠᠲᠤ ᠪᠠᠶᠢᠳᠠᠯ ᠢᠶᠠᠨ | ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ︽ᠲᠣᠭᠲᠠᠮᠠᠯ ᠪᠤᠰᠤ ᠴᠠᠭ᠂ ᠲᠣᠭᠲᠠᠮᠠᠯ ᠪᠤᠰᠤ ᠬᠤᠭᠤᠴᠠᠭ᠎ᠠ᠂ | ᠲᠣᠭᠲᠠᠮᠠᠯ ᠪᠤᠰᠤ ᠤᠳᠠᠭ᠎ᠠ︾ ᠶᠢᠨ ᠠᠵᠢᠯ ᠤᠨ ᠠᠷᠭ᠎ᠠ ᠮᠠᠶ᠋ᠢᠭ ᠢ ᠠᠪᠴᠤ᠂ ᠡᠬᠢ ᠡᠭᠦᠰᠦᠯ ᠠᠴᠠ ᠨᠢ ᠵᠠᠰᠠᠬᠤ ᠶᠢ | ᠴᠢᠩᠭᠠᠳᠬᠠᠨ᠂ ᠨᠡᠶᠢᠳᠡᠮ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠬᠤ ᠶᠢ | ᠪᠠᠷᠢᠮᠲᠠᠯᠠᠨ᠂ ᠦᠷᠭᠦᠯᠵᠢᠯᠡᠨ ᠴᠢᠩᠭ᠎ᠠ ᠠᠷᠭ᠎ᠠ ᠬᠡᠮᠵᠢᠶ᠎ᠡ ᠠᠪᠴᠤ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠣᠯᠠᠨ ᠲᠦᠮᠡᠨ ᠤ ︽ᠠᠮᠢ ᠠᠪᠤᠷᠬᠠᠤ ᠵᠣᠭᠤᠰ︾ ᠢ | ᠰᠠᠶᠢᠲᠤᠷ ᠬᠠᠮᠠᠭᠠᠯᠠᠬᠤ ᠪᠣᠯᠤᠨ᠎ᠠ᠃ |