ᠨᠢᠩᠴᠧᠩ ᠰᠢᠶᠠᠨ ᠨᠢᠭᠡᠳᠤᠭᠡᠷ ᠪᠦᠯᠦᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/8
  ᠣᠶᠢᠷ᠎ᠠ ᠳᠤ᠂ ᠨᠢᠩᠴᠧᠩ ᠰᠢᠶᠠᠨ ᠤ ᠨᠢᠭᠡᠳᠤᠭᠡᠷ ᠪᠦᠯᠦᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠬᠦᠢᠲᠡᠨ ᠬᠡᠯᠬᠢᠶᠡᠵᠢᠯ ᠢᠳᠡᠭᠡᠨ ᠤ ᠠᠵᠢᠯᠲᠠᠨ᠂ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠢᠭᠡᠳᠦᠭᠡᠷ ᠹᠷᠣᠨᠲ ᠤᠨ ᠠᠵᠢᠯᠲᠠᠨ ᠨᠡᠶᠢᠲᠡ 900 ᠬᠥᠮᠦᠨ ᠳᠤ ᠲᠡᠷᠢᠯᠭ᠎ᠠ ᠬᠢᠵᠦ᠂ ᠲᠠᠷᠢᠯᠭ᠎ᠠ ᠬᠢᠬᠦ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠬᠥᠮᠦᠰ ᠢ ᠵᠣᠬᠢᠶᠠᠨ ᠪᠠᠶᠢᠭᠤᠯᠬᠤ᠂ ᠠᠰᠠᠭᠤᠨ ᠯᠠᠪᠯᠠᠬᠤ ᠪᠠ ᠮᠡᠳᠡᠭᠳᠡᠬᠦ᠂ ᠳᠠᠩᠰᠠᠯᠠᠬᠤ᠂ ᠲᠠᠷᠢᠯᠭ᠎ᠠ ᠬᠢᠬᠦ᠂ ᠦᠯᠡᠳᠡᠭᠡᠨ ᠠᠵᠢᠭᠯᠠᠬᠤ ᠪᠠ ᠬᠦᠨᠳᠦ ᠨᠣᠴᠢᠲᠠᠶ ᠬᠡᠨᠡᠤᠨᠲᠡ ᠶᠢᠨ ᠲᠤᠰᠬᠠᠯ ᠢ ᠰᠢᠢᠳᠪᠤᠷᠢᠯᠡᠬᠦ ᠵᠡᠷᠭᠡ ᠡᠯ᠎ᠡ ᠭᠤᠭᠴᠤᠭ᠎ᠠ ᠳᠤ ᠴᠥᠮ ᠨᠠᠷᠢᠨ ᠨᠢᠭᠲᠠ ᠪᠠᠶᠢᠷᠢᠯᠠᠭᠤᠯᠤᠯᠲᠠ ᠬᠢᠵᠦ᠂ ᠲᠠᠷᠢᠯᠭ᠎ᠠ ᠬᠢᠬᠦ ᠠᠵᠢᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃   ᠲᠣᠰ ᠤᠳᠠᠭ᠎ᠠ ᠶᠢᠨ ᠲᠠᠷᠢᠯᠭ᠎ᠠ ᠨᠢ᠂ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠡᠬᠡᠲᠡᠶ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠠᠶᠤᠯ ᠲᠦᠭᠰᠢᠭᠦᠷᠢ ᠶᠢ ᠪᠠᠭᠠᠰᠬᠠᠵᠤ᠂ ᠪᠥᠬᠦ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠴᠦ ᠳᠡᠯᠭᠡᠷᠡᠬᠦ ᠵᠢᠴᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠭᠦᠯᠦᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号