ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠣᠯᠠᠨ ᠲᠦᠮᠡᠨ ᠳᠤ ᠰᠦᠢᠳᠭᠡᠯ ᠬᠤᠷᠢᠶᠠᠬᠤ  ᠥᠬᠡᠶ ᠪᠠᠷ ᠳᠠᠷᠢᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/10/25
        ᠣᠯᠠᠨ ᠲᠦᠮᠡᠨ ᠤ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠵᠤ᠂ ᠪᠥᠬᠦ ᠰᠢᠶᠠᠨ ᠤ ᠰᠠᠭᠤᠭᠠᠯᠢ ᠠᠷᠠᠳ ᠤᠨ  ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠳᠡᠭᠡᠳᠦ ᠱᠠᠲᠤᠨ ᠤ ᠬᠤᠯᠪᠣᠭᠳᠠᠯ ᠪᠥᠬᠦᠶ  ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠡᠳᠦᠷ ᠠᠴᠠ ᠡᠬᠢᠯᠡᠨ᠂ ᠮᠠᠨ ᠤ ᠰᠢᠶᠠᠨ ᠰᠢᠨ᠎ᠡ ᠲᠢᠳᠢᠮᠯᠢᠭ ᠠᠭᠤᠰᠬᠢᠨ  ᠦᠷᠪᠢᠰᠦᠯ ᠤᠨ ᠸᠠᠺᠼᠢᠨ ᠢ ᠰᠦᠢᠳᠭᠡᠯ ᠬᠤᠷᠢᠶᠠᠬᠤ ᠥᠬᠡᠶ ᠪᠠᠷ ᠳᠠᠷᠢᠬᠤ ᠠᠵᠢᠯ ᠢ ᠵᠣᠬᠢᠶᠠᠨ ᠪᠠᠶᠢᠭᠤᠯᠤᠨ  ᠥᠷᠨᠢᠭᠦᠯᠦᠨ᠎ᠡ᠂ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠲᠠᠷᠢᠯᠭ᠎ᠠ ᠬᠢᠬᠦ ᠡᠲᠡᠭᠡᠳ     ᠣᠳᠣᠬᠢ ᠱᠠᠲᠤᠨ ᠳᠤ 18 — 59 ᠪᠦᠬᠦᠯᠢ ᠨᠠᠰᠤᠨ ᠤ ᠮᠠᠨ ᠤ ᠰᠢᠶᠠᠨ ᠳᠤ ᠪᠠᠶᠢᠩᠭᠤ ᠰᠠᠭᠤᠭ᠎ᠠ  ᠰᠠᠭᠤᠭᠠᠯᠢ ᠠᠷᠠᠳ ︵ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ᠂ ᠣᠷᠣᠰᠢᠨ ᠰᠠᠭᠤᠭ᠎ᠠ ᠭᠠᠵᠠᠷ ᠪᠤᠶᠤ  ᠠᠵᠢᠯᠯᠠᠵᠤ ᠪᠠᠶᠢᠭ᠎ᠠ ᠭᠠᠵᠠᠷ  ᠨᠢ ᠨᠢᠩᠴᠧᠩ ᠰᠢᠶᠠᠨ ᠤ ᠰᠠᠭᠤᠭᠠᠯᠢ ᠠᠷᠠᠳ︶᠃     ᠬᠤᠶᠠᠷ᠂ ᠲᠠᠷᠢᠯᠭ᠎ᠠ ᠶᠢᠨ ᠲᠣᠬᠢᠷᠠᠭᠤᠯᠤᠯᠲᠠ     ᠮᠠᠨ ᠤ ᠰᠢᠶᠠᠨ ᠤ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠬᠠᠷᠢᠶ᠎ᠠ ᠣᠷᠣᠨ ᠤ ᠪᠠᠨ ᠪᠠᠶᠢᠳᠠᠯ ᠢ  ᠣᠶᠢᠯᠠᠭᠠᠵᠤ ᠳᠠᠩᠰᠠᠯᠠᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠪᠠᠶᠢᠭᠤᠯᠭ᠎ᠠ ᠨᠢᠭᠡᠴᠢ ᠶᠢᠨ ᠠᠵᠢᠯᠳᠠᠨ  ᠪᠠᠶᠢᠭᠤᠯᠭ᠎ᠠ ᠨᠢᠭᠡᠴᠢ ᠪᠠᠷ ᠢᠶᠠᠨ ᠳᠠᠮᠵᠢᠨ ᠨᠢᠭᠡᠳᠦᠯᠲᠡᠶ ᠪᠣᠯᠵᠣᠵᠤ ᠲᠠᠷᠢᠯᠭ᠎ᠠ ᠬᠢᠯᠭᠡᠬᠦ ᠬᠡᠷᠡᠭᠲᠡᠶ᠃ ᠣᠳᠣᠬᠠᠨ ᠤ  ᠸᠠᠺᠼᠢᠨ ᠤ ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠨᠠᠮᠳᠠᠭᠤᠯᠬᠤ ᠶᠢᠨ ᠲᠥᠯᠥᠭᠡ᠂ 3 ᠰᠠᠷ᠎ᠠ ᠶᠢᠨ 30 ᠤ  ᠡᠳᠦᠷ ᠤᠨ 16 ᠴᠠᠭ ᠠᠴᠠ ᠡᠮᠦᠨ᠎ᠡ᠂ ᠰᠠᠭᠤᠭᠠᠯᠢ ᠠᠷᠠᠳ ᠥᠪᠡᠰᠦᠪᠡᠨ ᠵᠢᠭᠠᠨ ᠲᠣᠭᠲᠠᠭᠠᠭᠰᠠᠨ ᠲᠠᠷᠢᠯᠭ᠎ᠠ ᠶᠢᠨ  ᠡᠮᠨᠡᠯᠭᠡ ᠶᠢᠨ ᠬᠤᠷᠢᠶ᠎ᠠ ᠪᠤᠶᠤ ᠲᠠᠷᠢᠯᠭ᠎ᠠ ᠶᠢᠨ ᠴᠡᠭ ᠲᠤ ᠬᠦᠷᠴᠦ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ  ᠸᠠᠺᠼᠢᠨ ᠤ ᠲᠠᠷᠢᠯᠭ᠎ᠠ ᠬᠢᠵᠦ ᠪᠣᠯᠤᠨ᠎ᠠ ᠃ 3 ᠰᠠᠷ᠎ᠠ ᠶᠢᠨ 31 ᠤ ᠡᠳᠦᠷ ᠠᠴᠠ ᠡᠬᠢᠯᠡᠨ᠂ ᠤᠷᠢᠳᠴᠢᠯᠠᠨ ᠪᠣᠯᠵᠣᠵᠤ  ᠳᠠᠷᠢᠬᠤ ᠲᠦᠷᠢᠮ ᠢ ᠬᠡᠷᠡᠭᠵᠢᠭᠦᠯᠵᠦ᠂ ᠲᠣᠰ ᠬᠥᠮᠦᠨ ᠨᠢ ᠲᠠᠷᠢᠯᠭ᠎ᠠ ᠶᠢᠨ ᠡᠮᠨᠡᠯᠭᠡ ᠶᠢᠨ ᠬᠤᠷᠢᠶ᠎ᠠ ᠪᠤᠶᠤ  ᠲᠠᠷᠢᠯᠭ᠎ᠠ ᠶᠢᠨ ᠴᠡᠭ ᠲᠤ ᠤᠷᠢᠳᠴᠢᠯᠠᠨ ᠬᠦᠷᠴᠦ ᠪᠦᠷᠢᠳᠬᠡᠨ ᠳᠠᠩᠰᠠᠯᠠᠭᠤᠯᠵᠤ᠂ ᠲᠠᠷᠢᠯᠭ᠎ᠠ ᠶᠢᠨ ᠮᠡᠳᠡᠭᠳᠡᠯ ᠢ  ᠬᠦᠯᠢᠶᠡᠬᠦ ᠬᠡᠷᠡᠭᠲᠡᠶ᠃     ᠭᠤᠷᠪᠠ᠂ ᠸᠠᠺᠼᠢᠨ ᠤ ᠦᠢᠯᠡᠳᠦᠯ     ᠮᠠᠨ ᠤ ᠰᠢᠶᠠᠨ ᠤ ᠬᠡᠷᠡᠭᠯᠡᠵᠦ ᠪᠠᠶᠢᠭ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠪᠣᠯ ᠴᠥᠮ  ᠵᠠᠬ᠎ᠠ ᠳᠡᠯᠭᠡᠭᠦᠷ ᠲᠤ ᠭᠠᠷᠭᠠᠬᠤ ᠪᠠᠷ ᠵᠥᠪᠰᠢᠶᠡᠷᠡᠭᠳᠡᠭᠰᠡᠨ ᠤᠯᠤᠰ ᠲᠠᠭᠠᠨ ᠦᠢᠯᠡᠳᠪᠤᠷᠢᠯᠡᠭᠰᠡᠨ ᠬᠢᠷᠢ ᠲᠡᠩᠴᠡᠭᠰᠡᠨ  ᠸᠠᠺᠼᠢᠨ ᠮᠥᠨ᠂ ᠠᠮᠤᠷ ᠲᠦᠪᠰᠢᠨ ᠴᠢᠨᠠᠷ ᠪᠠ ᠪᠦᠲᠦᠮᠵᠢᠲᠦ ᠴᠢᠨᠠᠷ ᠨᠢ ᠳᠡᠯᠡᠬᠡᠶ ᠳᠡᠭᠡᠷ᠎ᠡ ᠲᠡᠷᠢᠭᠦᠯᠡᠵᠦ ᠪᠠᠶᠢᠨ᠎ᠠ᠃  ᠤᠯᠤᠰ ᠤᠨ ᠨᠡᠶᠢᠲᠡᠯᠡᠭᠰᠡᠨ ᠡᠮᠦᠨᠡᠬᠢ ᠬᠤᠭᠤᠴᠠᠭᠠᠨ ᠤ ᠢᠳᠡᠪᠬᠢ ᠥᠬᠡᠶᠢᠳᠡᠭᠦᠯᠬᠦ ᠸᠠᠺᠼᠢᠨ ᠤ ᠡᠮᠴᠢᠯᠡᠭᠡᠨ ᠤ  ᠲᠤᠷᠰᠢᠯᠲᠠ ᠶᠢᠨ ᠰᠤᠳᠤᠯᠭᠠᠨ ᠢ ᠦᠨᠳᠦᠰᠦᠯᠡᠪᠡᠯ᠂ ᠬᠤᠶᠠᠳᠠᠬᠢ ᠤᠳᠠᠭ᠎ᠠ ᠢᠳᠡᠪᠬᠢ ᠥᠬᠡᠶᠢᠳᠡᠭᠦᠯᠬᠦ ᠸᠠᠺᠼᠢᠨ ᠢ  ᠳᠠᠷᠢᠭᠰᠠᠨ ᠤ 2 ᠭᠠᠷᠠᠭ ᠤᠨ ᠳᠠᠷᠠᠭ᠎ᠠ᠂ ᠲᠠᠷᠢᠯᠭ᠎ᠠ ᠲᠠᠷᠢᠭᠤᠯᠤᠬᠰᠠᠨ ᠬᠥᠮᠦᠰ ᠨᠡᠯᠢᠶᠡᠳ ᠰᠠᠶᠢᠨ ᠡᠭᠡᠯᠢᠯᠡᠭᠡ ᠶᠢᠨ  ᠦᠷ᠎ᠡ ᠳ᠋ᠦᠩ ᠲᠠᠢ ᠪᠣᠯᠤᠨ᠎ᠠ᠃ ᠲᠣᠰ ᠤᠳᠠᠭᠠᠨ ᠤ ᠲᠠᠷᠢᠯᠭ᠎ᠠ ᠶᠢᠨ ᠵᠠᠷᠤᠳᠠᠯ ᠢ ᠴᠥᠮ ᠵᠠᠰᠠᠭ ᠤᠨ ᠣᠷᠳᠣᠨ  ᠡᠭᠦᠷᠭᠡᠯᠡᠨ᠎ᠡ᠃     ᠳᠥᠷᠪᠡ᠂ ᠲᠠᠷᠢᠯᠭ᠎ᠠ ᠶᠢᠨ ᠶᠠᠪᠤᠴᠠ   1. ᠲᠠᠷᠢᠯᠭ᠎ᠠ ᠬᠢᠬᠦ ᠠᠴᠠ ᠡᠮᠦᠨ᠎ᠡ᠄ ᠰᠢᠨ᠎ᠡ ᠲᠢᠳᠢᠮᠯᠢᠭ ᠤᠨ ᠡᠪᠡᠳᠴᠢᠨ᠂ ᠰᠢᠨ᠎ᠡ ᠲᠢᠳᠢᠮᠯᠢᠭ ᠤᠨ ᠸᠢᠷᠦ᠋ᠰ ᠤᠨ  ᠸᠠᠺᠼᠢᠨ ᠤ ᠬᠠᠮᠢᠶ᠎ᠠ ᠪᠥᠬᠦᠶ ᠮᠡᠳᠡᠯᠭᠡ ᠵᠢᠴᠢ ᠲᠠᠷᠢᠯᠭ᠎ᠠ ᠶᠢᠨ ᠶᠠᠪᠤᠴᠠ ᠶᠢ ᠤᠷᠢᠳᠴᠢᠯᠠᠨ ᠣᠶᠢᠯᠠᠭᠠᠬᠤ ᠬᠡᠷᠡᠭᠲᠡᠶ᠃  2. ᠲᠠᠷᠢᠯᠭ᠎ᠠ ᠬᠢᠬᠦ ᠳᠡᠭᠡᠨ ᠬᠠᠮᠢᠶ᠎ᠠ ᠪᠥᠬᠦᠶ ᠦᠨᠡᠮᠯᠡᠯ ︵ᠪᠡᠶ᠎ᠡ ᠶᠢᠨ ᠦᠨᠡᠮᠯᠡᠯ᠂ ᠫᠠᠰᠫᠣᠷᠲ ᠵᠡᠷᠭᠡ︶ ᠢᠶᠠᠨ  ᠪᠡᠯᠡᠳᠭᠡᠬᠦ ᠶᠢᠨ ᠬᠠᠮᠲᠦ ᠠᠮᠠᠪᠴᠢ ᠵᠡᠭᠦᠵᠦ᠂ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠲᠤᠬᠠᠶ ᠶᠢᠨ  ᠲᠠᠯᠠᠪᠤᠷ ᠤᠨ ᠰᠡᠷᠭᠡᠶᠢᠯᠡᠬᠦ ᠲᠠᠷᠢᠯᠭ᠎ᠠ ᠶᠢᠨ ᠠᠵᠢᠯᠲᠠᠨ ᠤ ᠯᠠᠪᠯᠠᠨ ᠠᠰᠠᠭᠤᠬᠤ ᠳᠤ ᠬᠠᠮᠵᠢᠯᠴᠠᠨ᠂ ᠲᠣᠰ ᠬᠥᠮᠦᠨ ᠤ  ᠡᠷᠡᠭᠦᠯ ᠮᠡᠨᠳᠦ ᠶᠢᠨ ᠪᠠᠶᠢᠳᠠᠯ ᠪᠠ ᠲᠠᠷᠢᠯᠭ᠎ᠠ ᠶᠢᠨ ᠴᠡᠭᠡᠷ ᠲᠠᠢ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠬᠠᠩᠭᠠᠬᠤ  ᠬᠡᠷᠡᠭᠲᠡᠶ᠃  3. ᠲᠠᠷᠢᠯᠭ᠎ᠠ ᠬᠢᠭᠰᠡᠨ ᠤ ᠳᠠᠷᠠᠭ᠎ᠠ᠄ 30 ᠮᠢᠨᠦ᠋ᠲ ᠠᠵᠢᠭᠯᠠᠯᠲᠠ ᠬᠢᠨ᠎ᠡ᠂ ᠡᠮᠴᠢ ᠶᠢᠨ ᠵᠢᠭᠠᠪᠤᠷᠢ ᠶᠢ ᠵᠢᠷᠤᠮᠯᠠᠬᠤ  ᠬᠡᠷᠡᠭᠲᠡᠶ︔ ᠬᠡᠷᠪᠡ ᠬᠡᠪ ᠤᠨ ᠪᠤᠰᠦ ᠢᠯᠡᠷᠡᠯ ᠲᠠᠢ ᠪᠣᠯ ᠲᠠᠷᠢᠯᠭ᠎ᠠ ᠶᠢᠨ ᠨᠢᠭᠡᠴᠢ ᠳᠤ ᠮᠡᠳᠡᠭᠦᠯᠵᠦ᠂ ᠴᠢᠬᠤᠯᠠ ᠲᠠᠢ  ᠦᠶ᠎ᠡ ᠳᠤ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃     ᠲᠠᠪᠤ᠂ ᠲᠠᠷᠢᠯᠭ᠎ᠠ ᠬᠢᠬᠦ ᠭᠠᠵᠠᠷ  1.ᠨᠢᠩᠴᠧᠩ ᠰᠢᠶᠠᠨ ᠤ ᠲᠥᠪ ᠡᠮᠨᠡᠯᠭᠡ ᠶᠢᠨ ᠬᠤᠷᠢᠶ᠎ᠠ  2.ᠨᠢᠩᠴᠧᠩ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ  3. ᠨᠢᠩᠴᠧᠩ ᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠪᠡᠶ᠎ᠡ ᠶᠢᠨ ᠲᠠᠮᠢᠷ ᠤᠨ ᠲᠠᠯᠠᠪᠠᠶ ︵ᠣᠯᠠᠨ  ᠤᠯᠤᠰ ᠤᠨ ᠪᠠᠭᠤᠳᠠᠯ ᠤᠨ ᠡᠰᠡᠷᠭᠦ ᠲᠠᠯ᠎ᠠ︶  4. ᠤᠤᠯ ᠤᠨ ᠵᠧᠩ ᠵᠢᠶ ᠬᠠᠶ ᠢ ᠪᠠᠭᠤᠳᠠᠯ ︵ᠨᠢᠩ ᠴᠧᠩ ᠪᠠᠭᠤᠳᠠᠯ ᠤᠨ ᠡᠰᠡᠷᠭᠦ ᠲᠠᠯ᠎ᠠ︶         ᠯᠠᠪᠯᠠᠬᠤ ᠤᠲᠠᠰᠤ᠄ 0476 — 4237980         ᠨᠢᠩᠴᠧᠩ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ        2021 ᠣᠨ ᠤ 3 ᠰᠠᠷ᠎ᠠ ᠶᠢᠨ 28 ᠤ  ᠡᠳᠤᠷ           ᠢᠷᠡᠯᠲᠡ᠄   ᠨᠢᠩᠴᠧᠩ ᠰᠢᠶᠠᠨ ᠤ ᠵᠠᠰᠠᠭ ᠤᠨ ᠤᠷᠳᠤᠨ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号