| | ᠪᠦᠬᠦ ᠰᠢᠶᠠᠨ ᠤ ᠥᠷᠭᠡᠨ ᠤᠯᠠᠨ ᠲᠦᠮᠡᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠲᠤ᠄ | | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ ᠴᠡᠩᠬᠡᠭ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ ᠮᠦᠨ︾ ᠭᠡᠬᠦ | ᠣᠨᠣᠯᠵᠢᠬᠤᠨ ᠢ ᠪᠠᠲᠤᠳᠬᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠲᠡᠨ ᠬᠠᠤᠯᠢ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2021 ᠣᠨ ᠳᠤ | ᠪᠥᠬᠦ ᠣᠷᠣᠨ ᠤ ᠬᠡᠪᠴᠢᠶᠡᠨ ᠳᠤ ᠨᠤᠲᠤᠭ ᠪᠡᠯᠴᠢᠭᠡᠷ ᠣᠶᠢᠲᠤ ᠭᠠᠵᠠᠷ ᠢ ᠡᠪᠲᠡᠨ ᠬᠠᠤᠯᠢ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ | ᠰᠢᠭᠤᠶ ᠶᠢᠨ ᠬᠠᠤᠯᠢ ᠶᠢ ᠬᠡᠷᠡᠭᠵᠢᠭᠦᠯᠬᠦ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ ᠶᠢ | ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠶᠢᠷ᠎ᠠ ᠶᠢᠨ ᠵᠢᠯ ᠤᠳ ᠲᠤ | ᠨᠤᠲᠤᠭ ᠪᠡᠯᠴᠢᠭᠡᠷ ᠣᠶᠢᠲᠤ ᠭᠠᠵᠠᠷ ᠢ ᠡᠪᠲᠡᠨ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠮᠠᠨ ᠤ ᠰᠢᠶᠠᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠤᠷᠭᠤᠮᠠᠯ ᠤᠨ ᠬᠤᠴᠢᠯᠭ᠎ᠠ ᠶᠢ ᠰᠠᠨᠠᠭᠠᠴᠢᠯᠠᠭ᠎ᠠ ᠠᠴᠠ ᠪᠠᠨ ᠨᠢᠭᠡᠨᠲᠡ ᠰᠡᠷᠭᠦᠭᠡᠨ ᠴᠡᠭᠴᠡᠯᠡᠨ ᠵᠠᠰᠠᠵᠤ᠂ | ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠭᠰᠠᠨ ᠪᠠᠶᠢᠪᠠᠯ᠂ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠤᠷᠢᠯᠡᠬᠦ | ᠥᠬᠡᠶ ᠪᠠᠶᠢᠵᠤ ᠪᠣᠯᠤᠨ᠎ᠠ ᠃ ᠲᠤᠬᠠᠶ ᠶᠢᠨ ᠭᠠᠵᠠᠷ ᠤᠨ ᠠᠮᠢ ᠠᠬᠤᠶ ᠶᠢ ᠬᠦᠨᠳᠦ ᠨᠣᠴᠢᠲᠠᠶ ᠡᠪᠲᠡᠵᠦ᠂ ᠣᠯᠠᠨ ᠲᠦᠮᠡᠨ ᠤ | ᠲᠤᠰᠬᠠᠯ ᠢᠶᠠᠷ ᠴᠢᠩᠭ᠎ᠠ ᠪᠤᠶᠤ 2021 ᠣᠨ ᠤ 1 ᠰᠠᠷ᠎ᠠ ᠶᠢᠨ 1 ᠤ ᠡᠳᠦᠷ ᠠᠴᠠ ᠰᠡᠭᠦᠯᠡᠷ ᠡᠭᠦᠰᠦᠭᠰᠡᠨ ᠨᠤᠲᠤᠭ | ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ᠂ ᠨᠤᠲᠤᠭ ᠪᠡᠯᠴᠢᠭᠡᠷ ᠣᠶᠢᠲᠤ ᠭᠠᠵᠠᠷ ᠢ ᠬᠠᠭᠠᠯᠪᠤᠷᠢᠯᠠᠬᠤ᠂ | ᠵᠥᠪᠰᠢᠶᠡᠷᠡᠯ ᠥᠬᠡᠶ ᠪᠠᠷ ᠨᠤᠲᠤᠭ ᠪᠡᠯᠴᠢᠭᠡᠷ ᠣᠶᠢᠲᠤ ᠭᠠᠵᠠᠷ ᠢ ᠡᠵᠡᠯᠡᠨ ᠬᠡᠷᠡᠭᠯᠡᠭᠰᠡᠨ᠂ ᠨᠤᠲᠤᠭ ᠪᠡᠯᠴᠢᠭᠡᠷ ᠣᠶᠢᠲᠤ | ᠭᠠᠵᠠᠷ ᠢ ᠪᠣᠬᠢᠷᠲᠤᠭᠤᠯᠤᠭᠰᠠᠨ ᠵᠡᠷᠭᠡ ᠠᠵᠢᠯᠯᠠᠭ᠎ᠠ ᠶᠢ ᠪᠠᠭᠳᠠᠭᠠᠨ᠎ᠠ᠂ 2021 ᠣᠨ ᠤ 10 ᠰᠠᠷ᠎ᠠ ᠶᠢᠨ 20 ᠤ | ᠡᠳᠦᠷ ᠠᠴᠠ ᠡᠮᠦᠨ᠎ᠡ ᠮᠥᠨ ᠬᠦ ᠤᠷᠭᠤᠮᠠᠯ ᠤᠨ ᠬᠤᠴᠢᠯᠭ᠎ᠠ ᠶᠢ ᠰᠡᠷᠭᠦᠭᠡᠳᠦᠶ ᠨᠤᠲᠤᠭ ᠪᠡᠯᠴᠢᠭᠡᠷ ᠣᠶᠢᠲᠤ ᠭᠠᠵᠠᠷ ᠲᠤ | ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠲᠤ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠪᠠᠷ ᠴᠣᠬᠢᠯᠲᠠ | ᠥᠭᠴᠦ᠂ ᠶᠠᠭᠠᠬᠢᠭᠰᠠᠨ ᠴᠤ ᠢᠯᠳᠠᠷ ᠬᠠᠶᠠᠬᠤ ᠥᠬᠡᠶ᠃ ᠰᠢᠳᠬᠡᠨ ᠲᠣᠷᠭᠠᠭᠰᠠᠨ ᠪᠤᠶᠤ ᠰᠢᠭᠦᠨ ᠲᠠᠰᠤᠯᠤᠭᠰᠠᠨ ᠤ ᠳᠠᠷᠠᠭ᠎ᠠ | ᠮᠥᠨ ᠯᠡ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠲᠡᠪᠴᠢᠭᠰᠡᠨ ᠪᠠᠶᠢᠪᠠᠯ᠂ ᠬᠠᠷᠢᠶ᠎ᠠ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠠᠴᠠ ᠠᠯᠪᠠᠳᠠᠯᠭ᠎ᠠ ᠪᠠᠷ | ᠰᠡᠷᠭᠦᠭᠡᠵᠦ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠬᠥᠮᠦᠨ ᠡᠭᠦᠷᠭᠡᠯᠡᠨ᠎ᠡ᠂ ᠳᠠᠬᠢᠨᠲᠠ ᠡᠪᠳᠡᠪᠡᠯ ᠬᠠᠤᠯᠢ ᠶᠢᠨ | ᠬᠠᠷᠢᠭᠤᠴᠠᠯᠭ᠎ᠠ ᠶᠢ ᠲᠡᠬᠢᠨᠲᠡ ᠡᠭᠦᠷᠭᠡᠯᠡᠭᠦᠯᠵᠦ᠂ ᠬᠠᠤᠯᠢ ᠶᠢ ᠵᠥᠷᠢᠴᠡᠭᠰᠡᠨ ᠪᠠᠶᠢᠳᠠᠯ ᠳᠤ ᠬᠦᠷᠲᠡᠯ᠎ᠡ ᠬᠤᠷᠢᠭᠯᠠᠨ᠎ᠠ᠃ | ᠬᠤᠶᠠᠷ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠠᠶᠢᠭᠤᠯᠤᠭᠰᠠᠨ ᠲᠥᠷ ᠴᠠᠭ ᠬᠡᠷᠡᠭᠯᠡᠬᠦ | ᠭᠠᠵᠠᠷ ᠤᠨ ᠲᠥᠷᠥᠯ ᠵᠦᠢᠯ ᠨᠢ ᠬᠤᠭᠤᠴᠠᠭ᠎ᠠ ᠠᠴᠠ ᠪᠠᠨ ᠬᠡᠳᠤᠷᠡᠭᠰᠡᠨ ᠪᠤᠶᠤ ᠨᠤᠲᠤᠭ ᠪᠡᠯᠴᠢᠭᠡᠷ ᠣᠶᠢᠲᠤ ᠭᠠᠵᠠᠷ ᠢ | ᠡᠵᠡᠯᠡᠨ ᠬᠡᠷᠡᠭᠯᠡᠭᠰᠡᠨ ᠪᠣᠯ ᠲᠡᠷᠤᠢ ᠳᠤᠨᠢ ᠨᠤᠷᠠᠭᠠᠬᠤ ᠶᠢᠨ ᠬᠠᠮᠲᠤ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠵᠦ᠂ ᠬᠠᠤᠯᠢ | ᠶᠣᠰᠣᠭᠠᠷ ᠬᠥᠡᠭᠭᠡᠨ ᠢᠶᠠᠷ ᠰᠢᠳᠬᠡᠨ ᠲᠣᠷᠭᠠᠬᠤ ᠪᠤᠶᠤ ᠰᠢᠳᠬᠡᠨ ᠲᠣᠷᠭᠠᠬᠤ ᠠᠴᠠ ᠬᠡᠯᠲᠦᠷᠢᠭᠦᠯᠵᠦ ᠪᠣᠯᠤᠨ᠎ᠠ᠃ ᠬᠤᠯᠪᠣᠭᠳᠠᠯ | ᠪᠥᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠪᠠᠶᠢᠭᠤᠯᠤᠭᠰᠠᠨ ᠲᠥᠷᠢᠮ ᠠᠴᠠ ᠵᠥᠷᠢᠴᠡᠭᠰᠡᠨ ᠪᠠᠷᠢᠯᠭ᠎ᠠ | ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠪᠣᠯ ᠲᠡᠷᠤᠢ ᠳᠤᠨᠢ ᠨᠤᠷᠠᠭᠠᠬᠤ ᠶᠢᠨ | ᠬᠠᠮᠲᠤ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠵᠦ᠂ ᠬᠠᠤᠯᠢ ᠶᠣᠰᠣᠭᠠᠷ ᠬᠦᠡᠭᠭᠡᠨ ᠢᠶᠠᠷ ᠰᠢᠳᠬᠡᠨ ᠲᠣᠷᠭᠠᠵᠤ ᠪᠣᠯᠤᠨ᠎ᠠ | ᠃ | ᠭᠤᠷᠪᠠ᠂ ᠬᠥᠳᠡᠭᠡ ᠲᠣᠰᠬᠤᠨ ᠤ ᠭᠠᠵᠠᠷ ᠣᠷᠣᠨ ᠤ ︽ᠨᠢᠭᠡ ᠡᠷᠤᠭᠡ ᠳᠤ ᠨᠢᠭᠡ ᠣᠷᠣᠨ ᠰᠠᠭᠤᠴᠠ ᠲᠠᠢ ᠪᠠᠶᠢᠬᠤ︾ | ᠲᠣᠭᠲᠠᠭᠠᠯ ᠳᠤ ᠨᠡᠶᠢᠴᠡᠬᠦ ᠲᠠᠷᠢᠶᠠᠴᠢᠳ ᠤᠨ ᠨᠢᠭᠡᠨᠲᠡ ᠪᠠᠷᠢᠭᠰᠠᠨ ᠥᠪᠡᠷ ᠢᠶᠠᠨ ᠬᠡᠷᠡᠭᠯᠡᠬᠦ ᠭᠡᠷ ᠪᠠᠶᠢᠰᠢᠩ ᠵᠢᠴᠢ ᠴᠢᠬᠤᠯᠠ | ᠪᠦᠬᠦᠢ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠠᠴᠠ ᠪᠠᠷᠢᠭᠰᠠᠨ ᠬᠦᠭᠡ ᠵᠣᠭᠤᠷᠢ᠂ ᠫᠧᠩ ᠰᠠᠷᠠᠪᠴᠢ᠂ ᠡᠪᠡᠰᠦ | ᠬᠠᠳᠠᠭᠠᠯᠠᠬᠤ ᠫᠧᠩ ᠵᠡᠷᠭᠡ ᠲᠦᠷ ᠴᠠᠭ ᠤᠨ ᠪᠠᠷᠢᠯᠭ᠎ᠠ ᠨᠢ ᠨᠤᠲᠤᠭ ᠪᠡᠯᠴᠢᠭᠡᠷ ᠣᠶᠢᠲᠤ ᠪᠤᠰᠦ ᠭᠠᠵᠠᠷ ᠢ ᠡᠵᠡᠯᠡᠨ | ᠬᠡᠷᠡᠭᠯᠡᠭᠰᠡᠨ ᠪᠠᠶᠢᠪᠠᠯ᠂ ᠰᠢᠳᠬᠡᠯ ᠠᠴᠠ ᠬᠡᠯᠲᠦᠷᠢᠭᠦᠯᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠭᠠᠷ | ᠭᠦᠢᠴᠡᠳᠬᠡᠯ ᠢ ᠨᠥᠬᠦᠪᠥᠷᠢᠯᠡᠨ ᠬᠢᠵᠦ ᠪᠣᠯᠤᠨ᠎ᠠ᠃ ᠮᠠᠯᠴᠢᠨ ᠲᠠᠷᠢᠶᠠᠴᠢᠨ ᠤ ᠥᠪᠡᠷ ᠤᠨ ᠳᠡᠭᠡᠳᠦᠰ ᠤᠨ ᠤᠩᠭᠤᠨ ︵ | ᠬᠡᠭᠡᠨᠴᠢᠷ ᠪᠤᠰᠤ ᠤᠩᠭᠤᠨ ᠤ ᠭᠠᠵᠠᠷ︶ ᠨᠢ ᠨᠤᠲᠤᠭ ᠪᠡᠯᠴᠢᠭᠡᠷ ᠣᠶᠢᠲᠤ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ | ᠰᠢᠢᠳᠪᠤᠷᠢᠯᠡᠬᠦ ᠠᠴᠠ ᠭᠡᠯᠳᠦᠷᠢᠭᠦᠯᠵᠦ ᠪᠣᠯᠤᠨ᠎ᠠ᠃ | ᠳᠥᠷᠪᠡ᠂ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ ᠨᠢᠭᠡᠨᠲᠡ ᠤᠷᠭᠤᠮᠠᠯ ᠤᠨ | ᠬᠤᠴᠢᠯᠭ᠎ᠠ ᠶᠢ ᠰᠡᠷᠭᠦᠭᠡᠭᠰᠡᠨ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠭᠰᠠᠨ ᠪᠠᠶᠢᠪᠠᠯ᠂ ᠨᠤᠲᠤᠭ ᠪᠡᠯᠴᠢᠭᠡᠷ | ᠣᠶᠢᠲᠤ ᠭᠠᠵᠠᠷ ᠢ ᠡᠵᠡᠯᠡᠨ ᠬᠡᠷᠡᠭᠯᠡᠬᠦ ᠭᠠᠷᠳᠠᠮ ᠢ ᠳᠠᠭᠢᠵᠤ ᠭᠦᠢᠴᠳᠭᠡᠯᠭᠡᠬᠦ ᠥᠬᠡᠶ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ | ᠨᠤᠲᠤᠭ ᠪᠡᠯᠴᠢᠭᠡᠷ ᠣᠶᠢᠲᠤ ᠭᠠᠵᠠᠷ ᠢ ᠲᠠᠲᠠᠪᠤᠷᠢᠯᠠᠨ ᠬᠡᠷᠡᠭᠯᠡᠬᠦ ᠭᠠᠷᠳᠠᠮ ᠢ ᠦᠨᠡᠨᠬᠦ ᠨᠥᠬᠦᠵᠦ ᠭᠦᠢᠴᠡᠳᠭᠡᠬᠦ ᠴᠢᠬᠤᠯᠠᠲᠠᠶ | ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠡᠭᠦᠤ ᠶᠢᠨ ᠬᠡᠷᠡᠭ ᠢᠶᠠᠷ | ᠬᠡᠷᠡᠭ ᠪᠣᠯᠭᠠᠨ ᠳᠠᠩᠰᠠᠯᠠᠬᠤ ᠪᠤᠶᠤ ᠬᠡᠷᠡᠭ ᠪᠣᠯᠭᠠᠨ ᠥᠯᠥ ᠳᠠᠩᠰᠠᠯᠠᠬᠤ ᠲᠣᠭᠲᠠᠭᠠᠯ ᠭᠠᠷᠭᠠᠬᠤ ᠶᠢᠨ ᠬᠠᠮᠲᠤ ᠵᠠᠰᠠᠭ | ᠵᠠᠬᠢᠷᠭᠠᠨ ᠤ ᠰᠢᠳᠬᠡᠯ ᠥᠭᠭᠦᠭᠰᠡᠨ ᠤ ᠳᠠᠷᠠᠭ᠎ᠠ᠂ ᠣᠶ ᠰᠢᠭᠤᠶ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠳᠠᠷᠤᠶ ᠬᠠᠤᠯᠢ | ᠶᠣᠰᠣᠭᠠᠷ ᠭᠠᠷᠳᠠᠮ ᠢ ᠭᠦᠢᠴᠳᠭᠡᠨ᠎ᠡ᠃ | ᠲᠠᠪᠤ᠂ ᠤᠢ ᠰᠢᠭᠤᠶ ᠡᠪᠡᠰᠦ ᠪᠡᠯᠴᠢᠭᠡᠷ ᠤᠨ ᠬᠤᠴᠢᠯᠭ᠎ᠠ ᠶᠢ ᠰᠡᠷᠭᠦᠭᠡᠬᠦ ᠴᠢᠬᠤᠯᠠᠲᠠᠶ ᠪᠠᠶᠢᠪᠠᠯ᠂ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠲᠥᠰᠦᠯ ᠲᠣᠭᠲᠠᠭᠠᠵᠤ᠂ ᠰᠢᠶᠠᠨ ᠤ ᠤᠢ ᠰᠢᠭᠤᠶ ᠨᠤᠳᠤᠭ ᠪᠡᠯᠴᠢᠭᠡᠷ ᠤᠨ ᠰᠠᠯᠠᠭ᠎ᠠ | ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠲᠥᠰᠦᠯ ᠤᠨ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ | ᠬᠡᠷᠡᠭᠲᠡᠶ᠃ ᠣᠶᠢᠲᠤ ᠭᠠᠵᠠᠷ ᠢ ᠡᠪᠳᠡᠭᠰᠡᠨ ᠬᠡᠷᠡᠭ ᠲᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠴᠢᠬᠤᠯᠠᠲᠠᠶ ᠪᠠᠶᠢᠪᠠᠯ᠂ ︽ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠣᠶ ᠰᠢᠭᠤᠶ ᠶᠢᠨ ᠦᠢᠯᠡᠳᠪᠤᠷᠢᠯᠡᠯ ᠤᠨ ᠨᠥᠬᠦᠴᠡᠯ᠂ ᠣᠶ ᠮᠣᠳᠣ ᠶᠢ | ᠨᠥᠬᠦᠵᠦ ᠳᠠᠷᠢᠬᠤ ᠪᠠᠷᠢᠮᠵᠢᠶ᠎ᠠ ᠶᠢ ᠲᠣᠭᠲᠠᠭᠠᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠵᠢᠯᠣᠭᠤᠳᠬᠤ ᠰᠠᠨᠠᠯ︾ ︵ᠣᠶ ᠰᠢᠭᠤᠶ ᠠᠯᠪᠠᠨ ᠲᠠᠷᠬᠠᠭᠠᠭᠰᠠᠨ ︹ 2020 ︺ 94 ᠳ᠋ᠤᠭᠡᠷ ᠲᠣᠭᠠᠲᠤ | ︶ ᠤᠨ ᠶᠣᠰᠣᠭᠠᠷ ᠬᠡᠷᠡᠭᠵᠢᠭᠦᠯᠬᠦ ᠬᠡᠷᠡᠭᠲᠡᠶ᠃ ᠤᠷᠭᠤᠮᠠᠯ ᠤᠨ ᠬᠤᠴᠢᠯᠭ᠎ᠠ ᠶᠢ ᠣᠷᠣᠯᠠᠨ ᠰᠡᠷᠭᠦᠭᠡᠬᠦ ᠴᠢᠬᠤᠯᠠᠲᠠᠶ ᠪᠠᠶᠢᠪᠠᠯ᠂ | ᠬᠡᠷᠡᠭᠰᠡᠬᠦ ᠵᠠᠷᠤᠳᠠᠯ ᠢ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠪᠠ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠤᠷᠢᠶᠠᠨ᠎ᠠ᠃ | ᠵᠢᠷᠭᠤᠭ᠎ᠠ᠂ ᠲᠣᠰ ᠤᠳᠠᠭᠠᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠴᠡᠭᠴᠡᠯᠡᠨ ᠵᠠᠰᠠᠬᠤ ᠡᠲᠡᠭᠡᠳ ᠨᠢ ᠴᠥᠮ | ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠩᠯᠡᠪᠡ᠂ ᠥᠪᠡᠷᠲᠡᠭᠡᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠠᠭᠤᠴᠢᠯᠠᠨ ᠰᠢᠳᠬᠡᠬᠦ᠂ ᠪᠠᠶᠢᠴᠠᠭᠠᠭᠳᠠᠨ ᠰᠢᠢᠳᠪᠤᠷᠢᠯᠡᠭᠳᠡᠬᠦ ᠶᠢ ᠴᠢᠩᠭ᠎ᠠ ᠰᠢᠳᠬᠡᠬᠦ ᠱᠠᠭᠠᠷᠳᠠᠯᠭ᠎ᠠ ᠪᠠᠷ᠂ | ᠪᠠᠶᠢᠴᠠᠭᠠᠨ ᠰᠢᠢᠳᠪᠤᠷᠢᠯᠡᠭᠰᠡᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠬᠠᠤᠯᠢ ᠶᠢ ᠵᠥᠷᠢᠴᠡᠭᠰᠡᠨ | ᠪᠡᠶᠡᠴᠢ ᠴᠣᠭᠴᠠ ᠵᠢᠴᠢ ᠵᠦᠶ ᠵᠣᠬᠢᠰ ᠥᠬᠡᠶ ᠴᠢᠨᠠᠭᠰᠢᠯᠠᠪᠠᠯ ᠬᠠᠤᠯᠢ ᠶᠢ ᠵᠥᠷᠢᠴᠡᠭᠰᠡᠨ ᠭᠤᠮᠣᠳᠠᠯ ᠲᠣᠭᠠᠴᠠᠬᠤ ᠶᠢᠨ | ᠲᠥᠯᠥᠭᠡ ᠵᠢᠭᠤᠷᠠᠯᠳᠤᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠬᠤᠪᠢ | ᠬᠥᠮᠦᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠨᠢ ᠦᠷ᠎ᠡ ᠬᠡᠤᠬᠡᠳ ᠵᠡᠷᠭᠡ ᠰᠢᠭᠤᠳ ᠴᠢᠰᠤᠨ ᠲᠥᠷᠥᠯ ᠤᠨ | ᠰᠤᠷᠭᠠᠭᠤᠯᠢ ᠳᠤ ᠣᠷᠣᠬᠤ᠂ ᠨᠠᠮ ᠳᠤ ᠣᠷᠣᠬᠤ᠂ ᠴᠡᠷᠢᠭ ᠲᠤ ᠡᠯᠰᠡᠭᠳᠡᠬᠦ᠂ ᠠᠯᠪᠠᠲᠠᠨ ᠤ ᠰᠢᠯᠭᠠᠯᠲᠠ ᠳᠤ ᠨᠡᠷ᠎ᠡ ᠮᠡᠳᠡᠭᠦᠯᠬᠦ | ᠂ ᠠᠵᠢᠯ ᠤᠯᠬᠤ ᠵᠡᠷᠭᠡ ᠶᠢ ᠨᠥᠯᠥᠭᠡᠯᠡᠳᠡᠭ᠃ | ᠳᠣᠯᠤᠭ᠎ᠠ᠂ ᠨᠠᠮ ᠤᠨ ᠭᠡᠰᠢᠭᠦᠨ ᠺᠠᠳ᠋ᠷᠴᠤᠳ ᠡᠨᠡ ᠤᠳᠠᠭᠠᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ ᠠᠵᠢᠯ | ᠬᠢᠬᠦ ᠦᠭᠡᠶ᠂ ᠳᠤᠷ᠎ᠠ ᠪᠠᠷ ᠢᠶᠠᠨ ᠬᠢᠬᠦ᠂ ᠬᠠᠷᠢᠭᠤᠴᠠᠯᠭ᠎ᠠ ᠠᠯᠳᠠᠵᠤ ᠲᠤᠰᠢᠶᠠᠯ ᠳᠠᠭᠠᠨ ᠣᠰᠣᠯᠳᠠᠬᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠳᠤᠷ᠎ᠠ ᠪᠠᠷ ᠨᠢ ᠲᠠᠯᠪᠢᠨ ᠥᠮᠥᠭᠯᠡᠬᠦ ᠵᠢᠴᠢ | ᠠᠯᠪᠠᠨ ᠲᠤᠰᠢᠶᠠᠯᠲᠠᠨ ᠪᠣᠯᠤᠨ ᠦᠢᠯᠡᠳᠪᠤᠷᠢ ᠬᠤᠳᠠᠯᠳᠤᠭᠠᠨ ᠤ ᠬᠥᠷᠥᠩᠭᠡ ᠶᠢᠨ ᠳᠣᠲᠣᠷ᠎ᠠ ᠭᠠᠳᠠᠨᠠᠬᠢ ᠲᠠᠢ ᠰᠥᠯᠪᠡᠭᠡᠯᠳᠦᠬᠦ | ᠂ ᠠᠰᠢᠭ ᠲᠤᠰᠠ ᠶᠢᠨ ᠰᠣᠯᠢᠯᠴᠠᠭ᠎ᠠ ᠬᠢᠬᠦ᠂ ᠬᠤᠪᠢ ᠶᠢᠨ ᠠᠰᠢᠭ ᠤᠯᠬᠤ ᠵᠡᠷᠭᠡ ᠢᠯᠵᠠᠷᠠᠯ ᠤᠨ ᠠᠰᠠᠭᠤᠳᠠᠯ ᠢ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ | ᠰᠢᠢᠳᠪᠤᠷᠢᠯᠡᠵᠦ᠂ ᠨᠢᠭᠡ ᠶᠢ ᠢᠯᠡᠴᠢᠯᠡᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠰᠠᠮᠠᠭᠤᠨ ᠦᠵᠡᠭᠳᠡᠯ ᠢ ᠡᠷᠡᠰ | ᠬᠤᠷᠢᠭᠯᠠᠨ᠎ᠠ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠩᠴᠧᠩ ᠰᠢᠶᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ | ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠨᠢᠩᠴᠧᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ | ᠨᠢᠩᠴᠧᠩ ᠰᠢᠶᠠᠨ ᠤ ᠠᠷᠠᠳ ᠤᠨ ᠰᠢᠭᠦᠬᠦ ᠬᠤᠷᠢᠶ᠎ᠠ | ᠨᠢᠩᠴᠧᠩ ᠰᠢᠶᠠᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠨᠢᠩᠴᠧᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 2021 ᠣᠨ ᠤ 10 ᠰᠠᠷ᠎ᠠ ᠶᠢᠨ 11 | | |