ᠡᠩ ᠤᠨ ᠫᠠᠰᠫᠣᠷᠲ ᠢ ᠨᠥᠬᠦᠪᠥᠷᠢᠯᠡᠨ ᠣᠯᠭᠤᠬᠤ
ᠨᠡᠶᠢᠲᠡᠯᠡᠭᠰᠡᠨ ᠴᠠᠭ᠄
2021/11/22
ᠬᠦᠯᠢᠶᠡᠨ ᠰᠢᠢᠳᠪᠤᠷᠢᠯᠡᠬᠦ ᠨᠥᠬᠦᠴᠡᠯ    ᠪᠡᠶ᠎ᠡ ᠶᠢᠨ ᠦᠨᠡᠮᠯᠡᠯ ᠲᠣᠭᠲᠠᠭᠠᠬᠤ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠠᠰᠫᠣᠷᠲ ᠤᠨ ᠬᠠᠤᠯᠢ︾ ︵2006 ᠣᠨ ᠤ 4 ᠰᠠᠷ᠎ᠠ ᠶᠢᠨ 29 ᠤ ᠡᠳᠦᠷ ᠤᠨ ᠲᠡᠷᠢᠭᠦᠯᠡᠭᠴᠢ ᠶᠢᠨ ᠵᠠᠷᠯᠢᠭ ᠤᠨ 50 ᠳ᠋ᠤᠭᠠᠷ ᠲᠣᠭᠠᠲᠤ︶ ᠶᠢᠨ ᠳᠥᠷᠪᠡᠳᠦᠭᠡᠷ ᠵᠦᠢᠯ᠄ ᠡᠩ ᠤᠨ ᠫᠠᠰᠫᠣᠷᠲ ᠢ ᠳᠣᠲᠣᠭᠠᠳᠤ ᠶᠢ ᠬᠠᠮᠠᠭᠠᠯᠠᠬᠤ ᠶᠠᠮᠤᠨ ᠤ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠶᠢᠳᠠᠭᠰᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ ᠺᠤᠨᠰᠦ᠋ᠯ ᠤᠨ ᠭᠠᠵᠠᠷ ᠪᠠ ᠭᠠᠳᠠᠭᠠᠳᠤ ᠶᠠᠪᠤᠳᠠᠯ ᠤᠨ ᠶᠠᠮᠤᠨ ᠤ ᠨᠠᠶᠢᠳᠠᠭᠰᠠᠨ ᠲᠠᠪᠤᠳᠤᠭᠠᠷ ᠵᠦᠢᠯ᠄ ᠠᠷᠠᠳ ᠢᠷᠭᠡᠨ ᠭᠠᠳᠠᠭᠠᠳᠤ ᠳᠤ ᠣᠴᠢᠵᠤ ᠰᠠᠭᠤᠷᠢᠰᠢᠬᠤ᠂ ᠲᠦᠷᠦᠯ ᠰᠠᠳᠤᠨ ᠢᠶᠠᠨ ᠡᠷᠭᠢᠵᠦ ᠦᠵᠡᠬᠦ᠂ ᠰᠤᠷᠤᠯᠴᠠᠬᠤ᠂ ᠠᠵᠢᠯ ᠤᠯᠬᠤ᠂ ᠵᠢᠭᠤᠯᠴᠢᠯᠠᠬᠤ᠂ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠬᠢᠬᠦ ᠵᠡᠷᠭᠡ ᠠᠯᠪᠠᠨ ᠶᠠᠪᠤᠳᠠᠯ ᠤᠨ ᠪᠤᠰᠤ ᠰᠢᠯᠲᠠᠭᠠᠨ ᠢᠶᠠᠷ ᠭᠠᠳᠠᠭᠠᠳᠤ ᠳᠤ ᠭᠠᠷᠬᠤ ᠳᠤ ᠬᠦᠷᠪᠡᠯ᠂ ᠲᠤᠰ ᠬᠥᠮᠦᠨ ᠨᠢ ᠡᠷᠦᠭᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡ᠊ᠩ ᠤᠨ ᠫᠠᠰᠫᠣᠷᠲ ᠭᠤᠶᠤᠴᠢᠯᠠᠨ᠎ᠠ᠃ ᠠᠷᠪᠠᠳᠤᠭᠠᠷ ᠵᠤᠶᠢᠯ᠄ ᠫᠠᠰᠫᠣᠷᠲ ᠤᠨ ᠡᠵᠡᠮᠰᠢᠭᠴᠢ ᠶᠢᠨ ᠫᠠᠰᠫᠣᠷᠲ ᠤᠨ ᠳᠠᠩᠰᠠᠯᠠᠭᠤᠯᠤᠭᠰᠠᠨ ᠵᠤᠶᠢᠯ ᠳᠤ ᠬᠤᠪᠢᠷᠠᠯᠲᠠ ᠭᠠᠷᠬᠤ ᠦᠶ᠎ᠡ ᠳᠤ ᠬᠤᠯᠪᠣᠭᠳᠠᠯ ᠪᠥᠬᠦᠶ ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠫᠠᠰᠫᠣᠷᠲ ᠲᠤ ᠭᠠᠷ ᠤᠨ ᠥᠰᠥᠭ ᠵᠢᠷᠤᠵᠤ ᠣᠯᠭᠤᠭᠰᠠᠨ ᠪᠠᠶᠢᠭᠤᠯᠭ᠎ᠠ ᠳᠤ ᠫᠠᠰᠫᠣᠷᠲ ᠤᠨ ᠬᠤᠪᠢᠷᠠᠭᠤᠯᠤᠯᠲᠠ ᠳᠤ ᠲᠣᠳᠣᠷᠬᠠᠶᠢᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ ᠠᠷᠪᠠᠨ ᠨᠢᠭᠡᠳᠦᠭᠡᠷ ᠵᠦᠢᠯ᠄ ᠫᠠᠰᠫᠣᠷᠲ ᠤᠨ ᠡᠵᠡᠨ ᠠᠴᠠ ᠡ᠊ᠩ ᠤᠨ ᠫᠠᠰᠫᠣᠷᠲ ᠢ ᠰᠣᠯᠢᠬᠤ ᠪᠤᠶᠤ ᠨᠥᠬᠦᠪᠥᠷᠢᠯᠡᠨ ᠣᠯᠭᠤᠬᠤ ᠪᠠᠷ ᠭᠤᠶᠤᠴᠢᠯᠠᠬᠤ ᠳᠠᠭᠠᠨ ᠲᠤᠰ ᠬᠥᠮᠦᠨ ᠨᠢ ᠤᠯᠤᠰ ᠤᠨ ᠳᠣᠲᠣᠭᠠᠳᠤ ᠳᠤ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠭᠠᠷᠬᠤ ᠣᠷᠣᠬᠤ ᠶᠢ ᠬᠠᠮᠢᠶᠠᠷᠬᠤ ᠪᠠᠶᠢᠭᠤᠯᠤᠮᠵᠢ ᠳᠤ ᠳᠤᠷᠠᠳᠤᠨ ᠭᠠᠷᠭᠠᠨ᠎ᠠ᠃    ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ    ᠰᠦᠢᠳᠬᠡᠯ ᠬᠤᠷᠢᠶᠠᠬᠤ ᠪᠠᠷᠢᠮᠵᠢᠶ᠎ᠠ᠄ 120 ᠲᠥᠭᠦᠷᠢᠭ / ᠳᠡᠪᠲᠡᠷ    ᠰᠦᠢᠳᠬᠡᠯ ᠬᠤᠷᠢᠶᠠᠬᠤ ᠦᠨᠳᠦᠰᠦᠯᠡᠯ᠄ ᠥᠪᠥᠷ ᠬᠥᠭᠵᠢᠭᠦᠯᠦᠯᠲᠡ ᠥᠭᠡᠷᠡᠴᠢᠯᠡᠯᠲᠡ ᠶᠢᠨ ᠰᠦᠢᠳᠬᠡᠯ ᠥᠰᠥᠭ ︽2019︾ 526 ᠳ᠋ᠤᠭᠠᠷ ᠲᠣᠭᠠᠲᠤ᠂ ᠤᠯᠤᠰ ᠤᠨ ᠨᠡᠭᠦᠳᠡᠯ ᠠᠷᠠᠳ ᠤᠨ ᠤᠯᠠᠮᠵᠢᠯᠠᠨ ᠲᠠᠷᠬᠠᠭᠠᠭᠰᠠᠨ ︽2021︾ 709  ᠲᠣᠭᠠᠲᠤ ᠭᠦᠢᠴᠡᠳᠭᠡᠬᠦ ᠭᠠᠵᠠᠷ᠄  ᠨᠢᠩᠴᠧᠩ ᠰᠢᠶᠠᠨ ᠤ ᠴᠠᠩ ᠴᠢᠩ ᠵᠠᠮ ᠤᠨ 103 ᠳ᠋ᠤᠭᠠᠷ ᠨᠣᠮᠧᠷ ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 00 — 11 ᠄ 30᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2  ᠂ 7 ᠳ᠋ᠤᠭᠠᠷ ᠵᠠᠮ ᠤᠨ ᠨᠡᠶᠢᠲᠠ ᠶᠢᠨ ᠮᠠᠰᠢᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号