| ᠬᠦᠯᠢᠶᠡᠨ ᠰᠢᠢᠳᠪᠤᠷᠢᠯᠡᠬᠦ ᠨᠥᠬᠦᠴᠡᠯ | ᠤᠷᠤᠭ ᠤᠨ ᠦᠨᠡᠮᠯᠡᠯ᠂ ᠤᠷᠤᠭ ᠰᠠᠯᠤᠭᠰᠠᠨ ᠦᠨᠡᠮᠯᠡᠯ ᠢᠶᠠᠨ ᠭᠡᠭᠡᠭᠰᠡᠨ ᠪᠤᠶᠤ ᠡᠪᠳᠡᠵᠦ ᠰᠦᠢᠳᠬᠡᠭᠰᠡᠨ | ᠪᠠᠶᠢᠪᠠᠯ᠂ ᠲᠤᠬᠠᠶ ᠶᠢᠨ ᠬᠥᠮᠦᠨ ᠨᠢ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠢᠶᠠᠨ ᠠᠪᠴᠤ ᠤᠷᠤᠭ ᠤᠨ | ᠪᠦᠷᠢᠳᠬᠡᠯ ᠬᠢᠵᠦ ᠪᠠᠶᠢᠭᠰᠠᠨ ᠤᠤᠯ ᠤᠨ ᠪᠠᠶᠢᠭᠤᠯᠭ᠎ᠠ ᠪᠤᠶᠤ ᠨᠢᠭᠡ ᠡᠲᠡᠭᠡᠳ ᠤᠨ ᠲᠤᠬᠠᠶ ᠶᠢᠨ ᠬᠥᠮᠦᠨ ᠤ ᠪᠠᠶᠢᠩᠭᠤ | ᠰᠠᠭᠤᠭ᠎ᠠ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠤᠷᠤᠭ ᠤᠨ ᠪᠦᠷᠢᠳᠬᠡᠯ ᠤᠨ ᠪᠠᠶᠢᠭᠤᠯᠭ᠎ᠠ ᠳᠤ | ᠭᠤᠶᠤᠴᠢᠯᠠᠨ ᠨᠥᠬᠦᠵᠦ ᠠᠪᠴᠤ ᠪᠣᠯᠤᠨ᠎ᠠ᠃ ᠤᠷᠤᠬ ᠤᠨ ᠪᠦᠷᠢᠳᠬᠡᠯ ᠤᠨ ᠪᠠᠶᠢᠭᠤᠯᠭ᠎ᠠ ᠨᠢ ᠲᠤᠬᠠᠶ ᠶᠢᠨ ᠬᠥᠮᠦᠨ ᠤ | ᠤᠷᠤᠬ ᠤᠨ ᠪᠦᠷᠢᠳᠬᠡᠯ ᠤᠨ ᠲᠡᠩᠰᠠ ᠡᠪᠬᠡᠮᠡᠯ ᠢ ᠪᠠᠶᠢᠴᠠᠭᠠᠨ ᠲᠤᠳᠤᠯᠠᠭᠠᠳ ᠦᠨᠡᠨ ᠪᠣᠯᠬᠤ ᠶᠢ ᠨᠢ ᠮᠠᠭᠠᠳᠯᠠᠭᠰᠠᠨ | ᠪᠠᠶᠢᠪᠠᠯ᠂ ᠲᠤᠬᠠᠶ ᠶᠢᠨ ᠬᠥᠮᠦᠨ ᠳᠤ ᠤᠷᠤᠬ ᠤᠨ ᠦᠨᠡᠮᠯᠡᠯ᠂ ᠤᠷᠤᠬ ᠰᠠᠯᠤᠭᠰᠠᠨ ᠦᠨᠡᠮᠯᠡᠯ ᠢ ᠨᠥᠬᠦᠵᠦ ᠣᠯᠭᠤᠬᠤ | ᠬᠡᠷᠡᠭᠲᠡᠶ᠃ | ᠲᠣᠭᠲᠠᠭᠠᠬᠤ ᠦᠨᠳᠦᠰᠦᠯᠡᠯ | ︽ᠵᠠᠰᠠᠭ ᠵᠠᠬᠢᠷᠭᠠᠨ ᠤ ᠬᠠᠤᠯᠢ ᠲᠣᠭᠲᠠᠭᠠᠯ︾ ︽ᠤᠷᠤᠭ ᠤᠨ ᠪᠦᠷᠢᠳᠬᠡᠯ ᠤᠨ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 387 ᠳ᠋ᠤᠭᠠᠷ ᠲᠣᠭᠠᠲᠤ︶ ᠤᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ | ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠤᠷᠤᠭ ᠤᠨ ᠪᠦᠷᠢᠳᠬᠡᠯ ᠬᠢᠬᠦ ᠪᠠᠶᠢᠭᠤᠯᠭ᠎ᠠ ᠪᠣᠯ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠰᠤᠮᠤ ︵ | ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠪᠣᠯᠤᠨ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠷᠤᠭ ᠤᠨ ᠪᠦᠷᠢᠳᠬᠡᠯ ᠬᠢᠬᠦ ᠪᠣᠳᠠᠲᠠᠶ ᠪᠠᠶᠢᠭᠤᠯᠭ᠎ᠠ ᠶᠢ | ᠲᠣᠭᠲᠠᠭᠠᠵᠤ ᠪᠣᠯᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠭᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠨᠢᠩᠴᠧᠩ ᠰᠢᠶᠠᠨ ᠤ ᠯᠤᠤᠬ᠎ᠠ ᠶᠢᠨ ᠭᠤᠣᠯ ᠵᠡᠭᠡᠯᠢ ᠶᠢᠨ 109 ᠨᠣᠮᠧᠷ ᠤᠨ ᠨᠢᠩᠴᠧᠩ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠶᠢᠨ ᠣᠷᠤᠭ ᠤᠨ | ᠪᠦᠷᠢᠳᠬᠡᠯ ᠤᠨ ᠴᠣᠩᠬᠤ | ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11 | ᠄ 30᠂ ᠦᠳᠡ ᠶᠢᠨ ᠬᠤᠶᠢᠨᠠᠬᠢ 14᠄ 30 — 17᠄ 00 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ |