ᠪᠠᠷᠢᠯᠭ᠎ᠠ ᠶᠢᠨ ᠢᠨᠵᠧᠨᠧᠷᠢᠩ ᠤᠨ ᠰᠢᠯᠭᠠᠨ ᠠᠪᠣᠯᠲᠠ
ᠨᠡᠶᠢᠲᠡᠯᠡᠭᠰᠡᠨ ᠴᠠᠭ᠄
2021/11/22
ᠬᠦᠯᠢᠶᠡᠨ ᠰᠢᠢᠳᠪᠤᠷᠢᠯᠡᠬᠦ ᠨᠥᠬᠦᠴᠡᠯ1᠂ ︵ᠨᠢᠭᠡ︶ ᠳᠣᠤᠷᠠᠬᠢ ᠪᠠᠶᠢᠳᠠᠯ ᠤᠨ ᠨᠢᠭᠡ ᠪᠣᠯᠬᠤ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ︵ᠲᠠᠯᠠᠪᠤᠷ ᠭᠠᠵᠠᠷ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ︵ᠬᠡᠷ ᠳᠣᠲᠣᠷᠠᠬᠢ ᠵᠠᠰᠠᠯ ᠴᠢᠮᠡᠭᠯᠡᠯ᠂ ᠬᠡᠷᠡᠭᠴᠡᠭᠡ ᠶᠢ ᠬᠤᠪᠢᠷᠠᠭᠤᠯᠬᠤ ᠪᠠᠭᠲᠠᠨ᠎ᠠ︶ ᠵᠡᠷᠭᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ︶᠄ 1. ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ ᠬᠤᠶᠠᠷ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠬᠤᠷᠠᠯ ᠤᠨ ᠲᠠᠩᠬᠢᠮ᠂ ᠣᠯᠠᠨ ᠨᠡᠶᠢᠲᠡ ᠶᠢᠨ ᠦᠵᠡᠰᠬᠦᠯᠡᠩ ᠤᠨ ᠣᠷᠳᠣᠨ᠂ ᠮᠦᠽᠧᠶ ᠶᠢᠨ ᠦᠵᠡᠭᠦᠯᠦᠯᠭᠡ ᠶᠢᠨ ᠲᠢᠩᠬᠢᠮ᠃ 2. ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠪᠠᠶᠢᠬᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠠᠰᠠᠷ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠲᠡᠷᠭᠡ ᠬᠦᠯᠢᠶᠡᠬᠦ ᠥᠷᠥᠭᠡ᠂ ᠠᠶᠠᠨᠴᠢᠳ ᠤᠨ ᠲᠡᠭᠡᠭᠡᠪᠦᠷᠢ ᠶᠢᠨ ᠭᠠᠷᠠᠮ ᠤᠨ ᠣᠩᠭᠤᠴᠠ ᠬᠦᠯᠢᠶᠡᠬᠦ ᠲᠢᠩᠬᠢᠮ᠃ 3. ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ ᠂ ᠵᠠᠬ᠎ᠠ ᠳᠡᠯᠭᠡᠭᠦᠷ᠃ 4.ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ ᠬᠤᠶᠠᠷ ᠮᠢᠩᠭ᠎ᠠ ᠲᠠᠪᠤᠨ ᠵᠠᠭᠤᠨ ᠲᠡᠭᠰᠢ ᠳᠥᠷᠪᠡᠯᠵᠢᠨ ᠮᠧᠲᠷ ᠠᠴᠠ ᠶᠡᠭᠡ ᠪᠠᠶᠢᠳᠠᠭ ᠺᠢᠨᠣ᠋ ᠵᠦᠴᠦᠭᠡ ᠶᠢᠨ ᠲᠢᠶᠠᠲᠷ᠂ ᠤᠯᠠᠨ ᠨᠡᠶᠢᠲᠡ ᠶᠢᠨ ᠨᠣᠮ ᠤᠨ ᠰᠠᠩ ᠤᠨ ᠤᠩᠰᠢᠯᠭ᠎ᠠ ᠶᠢᠨ ᠲᠠᠰᠤᠭ᠂ ᠡᠵᠡᠩᠨᠡᠯᠲᠡ ᠶᠢᠨ ᠴᠢᠨᠠᠷᠲᠠᠶ ᠭᠡᠷ ᠳᠣᠲᠣᠷᠠᠬᠢ ᠪᠡᠶ᠎ᠡ ᠴᠢᠭᠢᠷᠠᠭᠵᠢᠭᠤᠯᠤᠯᠲᠠ᠂ ᠰᠡᠯᠡᠭᠦᠴᠡᠯ ᠤᠨ ᠲᠠᠯᠠᠪᠤᠷ ᠣᠷᠳᠣᠨ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ᠂ ᠶᠡᠭᠡ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠨᠣᠮ ᠤᠨ ᠰᠠᠩ᠂ ᠬᠤᠭᠤᠯᠠᠨ ᠭᠡᠷ᠂ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ᠂ ᠰᠦᠮ᠎ᠡ ᠬᠡᠶᠢᠳ᠂ ᠳᠤᠭᠠᠩ᠃ 5. ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ ᠮᠢᠩᠭᠠᠨ ᠲᠡᠭᠰᠢ ᠳᠥᠷᠪᠡᠯᠵᠢᠨ ᠮᠧᠲᠷ ᠠᠴᠠ ᠶᠡᠭᠡ ᠪᠠᠶᠢᠭ᠎ᠠ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ ᠴᠡᠴᠡᠷᠯᠢᠭ ᠤᠨ ᠬᠡᠦᠬᠡᠳ ᠤᠨ ᠬᠡᠷᠡᠭᠯᠡᠭᠡᠨ ᠤ ᠭᠡᠷ᠂ ᠬᠡᠦᠬᠡᠳ ᠤᠨ ᠵᠤᠭ᠎ᠠ ᠴᠡᠩᠭᠡᠯ ᠤᠨ ᠲᠢᠩᠬᠢᠮ ᠵᠡᠷᠭᠡ ᠭᠡᠷ ᠳᠣᠲᠣᠷᠠᠬᠢ ᠬᠡᠦᠬᠡᠳ ᠤᠨ ᠠᠵᠢᠯᠯᠠᠭᠠᠨ ᠤ ᠭᠠᠵᠠᠷ᠂ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠦᠷᠢᠶᠡᠯᠡᠩ ᠤᠨ ᠡᠪᠡᠳᠴᠢᠲᠡᠨ ᠤ ᠦᠷᠦᠭᠡ ᠶᠢᠨ ᠠᠰᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠨᠣᠮ ᠤᠨ ᠰᠠᠩ᠂ ᠬᠤᠭᠤᠯᠠᠨ ᠭᠡᠷ᠂ ᠰᠤᠷᠭᠠᠭᠤᠯᠢ ᠶᠢᠨ ᠨᠡᠶᠢᠲᠡ ᠶᠢᠨ ᠪᠠᠶᠢᠷᠢ᠂ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠨᠡᠶᠢᠲᠡ ᠶᠢᠨ ᠪᠠᠶᠢᠷᠢ  ᠃ 6. ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ ᠲᠠᠪᠤᠨ ᠵᠠᠭᠤᠨ ᠲᠡᠭᠰᠢ ᠳᠥᠷᠪᠡᠯᠵᠢᠨ ᠮᠧᠲᠷ ᠠᠴᠠ ᠶᠡᠭᠡ ᠪᠠᠶᠢᠳᠠᠭ ᠳᠠᠭᠤᠤ ᠪᠥᠵᠢᠭ ᠤᠨ ᠲᠢᠩᠬᠢᠮ᠂ ᠳᠦᠷᠰᠦ ᠰᠢᠩᠭᠡᠭᠡᠯᠲᠡ ᠶᠢᠨ ᠲᠢᠩᠬᠢᠮ᠂ ᠺᠢᠨᠣ᠋ ᠭᠠᠷᠭᠠᠬᠤ ᠲᠢᠩᠬᠢᠮ᠂ ᠺᠠᠷᠠ OK ᠲᠢᠩᠬᠢᠮ᠂ ᠰᠥᠨᠢ ᠶᠢᠨ ᠴᠡᠩᠭᠡᠭᠡᠨ ᠤ ᠭᠠᠵᠠᠷ᠂ ᠨᠠᠭᠠᠳᠤᠮ ᠲᠣᠭᠯᠠᠭᠠᠮ ᠤᠨ ᠲᠢᠩᠬᠢᠮ᠂ ᠰᠠᠩᠨᠠ ᠤᠬᠢᠶᠠᠯᠭ᠎ᠠ ᠶᠢᠨ ᠭᠡᠷ᠂ ᠰᠦᠯᠵᠢᠶᠡᠨ ᠤ ᠪᠠᠭᠠᠷ᠂ ᠠᠷᠢᠬᠢᠨ ᠮᠤᠬᠤᠯᠠᠭ᠂ ᠵᠤᠭ᠎ᠠ ᠴᠡᠩᠭᠡᠯ ᠤᠨ ᠴᠢᠳᠠᠮᠵᠢ ᠲᠠᠢ ᠬᠤᠭᠤᠯᠠᠨ ᠭᠡᠷ᠂ ᠴᠠᠢ ᠶᠢᠨ ᠮᠤᠬᠤᠯᠠᠭ᠂ ᠺᠤᠹᠤ ᠶᠢᠨ ᠮᠤᠬᠤᠯᠠᠭ᠃ ︵ᠬᠤᠶᠠᠷ︶ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠣᠯᠬᠤ ᠣᠨᠴᠠᠭᠠᠶ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ᠄ 1. ᠲᠤᠰ ᠲᠣᠭᠲᠠᠭᠠᠯ ᠤᠨ ᠠᠷᠪᠠᠨ ᠭᠤᠷᠪᠠᠳᠤᠭᠠᠷ ᠵᠦᠢᠯ ᠳᠤ ᠵᠢᠭᠰᠠᠭᠠᠭᠰᠠᠨ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠭᠠᠵᠠᠷ ᠢ ᠪᠠᠶᠢᠭᠤᠯᠤᠭᠰᠠᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ᠃ 2. ᠲᠥᠷᠥ ᠶᠢᠨ ᠪᠠᠶᠢᠭᠤᠯᠭ᠎ᠠ ᠶᠢᠨ ᠠᠯᠪᠠᠨ ᠠᠰᠠᠷ᠂ ᠴᠠᠬᠢᠯᠭᠠᠨ ᠬᠦᠴᠦᠨ ᠤ ᠲᠣᠬᠢᠷᠠᠭᠤᠯᠭ᠎ᠠ ᠶᠢᠨ ᠠᠰᠠᠷ᠂ ᠴᠠᠬᠢᠯᠭᠠᠨ ᠬᠤᠯᠪᠣᠭᠠᠨ ᠤ ᠠᠰᠠᠷ᠂ ᠰᠢᠤᠳᠠᠨ ᠤ ᠠᠰᠠᠷ᠂ ᠭᠠᠮᠰᠢᠭ ᠢ ᠰᠡᠷᠭᠡᠶᠢᠯᠡᠬᠦ ᠶᠢ ᠵᠢᠯᠣᠭᠤᠳᠤᠨ ᠲᠣᠬᠢᠷᠠᠭᠤᠯᠬᠤ ᠠᠰᠠᠷ᠂ ᠷᠠᠳᠢᠣ᠋ ᠲᠧᠯᠸᠢᠰ ᠤᠨ ᠠᠰᠠᠷ᠂ ᠲᠠᠩᠰᠠ ᠡᠪᠬᠡᠮᠡᠯ ᠤᠨ ᠠᠰᠠᠷ  ᠃ 3. ᠲᠤᠰ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠠᠴᠠ ᠭᠠᠳᠠᠨᠠᠬᠢ ᠲᠡᠩ ᠴᠣᠭᠴᠠᠲᠤ ᠪᠠᠷᠢᠯᠭ᠎ᠠ ᠶᠢᠨ ᠲᠡᠯᠡᠪᠡᠢ ᠨᠢ ᠲᠦᠷᠪᠡᠠ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠪᠤᠶᠤ ᠪᠠᠷᠢᠯᠭ᠎ᠠ ᠶᠢᠨ ᠥᠨᠳᠥᠷ ᠤᠨ ᠬᠡᠮᠵᠢᠶ᠎ᠡ ᠨᠢ ᠲᠡᠪᠢᠠ ᠮᠧᠲᠷ ᠠᠴᠠ ᠬᠡᠲᠦᠷᠡᠭᠰᠡᠨ ᠤᠯᠡᠠ ᠨᠡᠶᠢᠲᠡ ᠶᠢᠨ ᠪᠠᠷᠢᠯᠭ᠎ᠠ᠃ 4.ᠤᠯᠤᠰ ᠤᠨ ᠪᠠᠷᠢᠮᠵᠢᠶ᠎ᠠ ᠳᠤ ᠲᠣᠭᠲᠠᠭᠠᠭᠰᠠᠨ ᠨᠢᠭᠡᠳᠦᠭᠡᠷ ᠲᠦᠷᠦᠯ ᠤᠨ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠪᠠᠷᠢᠯᠭ᠎ᠠ ᠃ 5. ᠬᠤᠲᠠ ᠶᠢᠨ ᠲᠡᠮᠦᠷ ᠵᠠᠮᠲᠤ ᠵᠠᠮ ᠬᠠᠷᠢᠯᠴᠠᠭ᠎ᠠ᠂ ᠨᠦᠬᠡᠨ ᠵᠠᠮ ᠤᠨ ᠪᠠᠷᠢᠯᠭ᠎ᠠ᠂ ᠲᠣᠮᠣ ᠬᠡᠯᠪᠡᠷᠢ ᠶᠢᠨ ᠴᠠᠬᠢᠯᠭᠠᠨ ᠭᠠᠷᠭᠠᠬᠤ᠂ ᠬᠦᠴᠦᠳᠡᠯ ᠥᠭᠡᠷᠡᠴᠢᠯᠡᠵᠦ ᠴᠠᠬᠢᠯᠭᠠᠨ ᠲᠦᠭᠡᠭᠡᠬᠦ ᠪᠠᠷᠢᠯᠭ᠎ᠠ᠃ 6. ᠨᠣᠴᠣᠮᠠᠲᠠᠭᠠᠶ ᠳᠡᠯᠪᠡᠷᠡᠮᠡᠲᠡᠭᠡᠶ ᠠᠶᠤᠯᠳᠤ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠦᠢᠯᠡᠳᠪᠦᠷᠢ᠂ ᠰᠠᠩ ᠬᠥᠮᠥᠷᠭᠡ ᠪᠠ ᠲᠤᠰᠬᠠᠶ ᠲᠡᠷᠭᠡᠨ ᠦᠷᠳᠡᠭᠡ᠂ ᠭᠠᠷᠠᠮ᠂ ᠨᠣᠴᠣᠮᠠᠲᠠᠭᠠᠶ ᠳᠡᠯᠪᠡᠷᠡᠮᠡᠲᠡᠭᠡᠶ ᠬᠡᠢ ᠪᠡᠶᠡᠲᠦ ᠪᠠ ᠰᠢᠩᠭᠡᠨ ᠪᠡᠶᠡᠲᠦ ᠶᠢ ᠰᠠᠪᠠᠯᠠᠬᠤ ᠦᠷᠳᠡᠭᠡ᠂ ᠬᠠᠩᠭᠠᠬᠤ ᠦᠷᠳᠡᠭᠡ᠂ ᠳᠠᠷᠤᠯᠲᠠ ᠲᠣᠬᠢᠷᠠᠭᠤᠯᠬᠤ ᠦᠷᠳᠡᠭᠡ᠃ ᠲᠣᠭᠲᠠᠭᠠᠬᠤ ᠦᠨᠳᠦᠰᠦᠯᠡᠯ    ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠲᠤᠰᠢᠶᠠᠯ ᠬᠠᠷᠢᠭᠤᠴᠠᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠳᠤ ᠲᠣᠬᠢᠷᠠᠭᠤᠯᠤᠯᠲᠠ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠥᠰᠥᠭ ︹ 2018 ︺ 85 ᠳ᠋ᠤᠭᠠᠷ ᠲᠣᠭᠠᠲᠤ︶ ᠳᠤ᠄ ︽ᠳᠣᠲᠣᠭᠠᠳᠤ ᠶᠢ ᠬᠠᠮᠠᠭᠠᠯᠠᠬᠤ ᠶᠠᠮᠤᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠶᠢ ᠵᠢᠯᠣᠭᠤᠳᠬᠤ ᠲᠤᠰᠢᠶᠠᠯ ᠬᠠᠷᠢᠭᠤᠴᠠᠯᠭ᠎ᠠ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠳᠤ ᠬᠤᠪᠢᠶᠠᠷᠢᠯᠠᠨ ᠣᠷᠣᠭᠤᠯᠤᠨ᠎ᠠ︾ ᠭᠡᠵᠦ ᠲᠣᠳᠣᠷᠬᠠᠶ ᠲᠣᠭᠲᠠᠭᠠᠵᠠᠶ᠃ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠵᠦ ᠬᠢᠨᠠᠨ ᠨᠡᠮᠡᠭᠳᠡᠭᠦᠯᠬᠦ ᠵᠠᠰᠠᠭ ᠵᠠᠬᠢᠷᠭᠠᠨ ᠤ ᠣᠷᠣᠨ ᠲᠤᠭ᠎ᠠ ᠶᠢᠨ ᠲᠤᠬᠠᠶ ᠲᠥᠪ ᠤᠨ ᠣᠷᠣᠨ ᠲᠤᠭ᠎ᠠ ᠶᠢᠨ ᠠᠯᠪᠠᠨ ᠬᠡᠷ ᠤᠨ ᠮᠡᠳᠡᠭᠳᠡᠯ︾ ︵ᠲᠥᠪ ᠤᠨ ᠣᠷᠣᠨ ᠲᠤᠭ᠎ᠠ ᠠᠯᠪᠠᠨ ᠲᠠᠷᠬᠠᠭᠠᠭᠰᠠᠨ ︹ 2018 ︺ 169 ᠲᠣᠭᠠᠲᠤ︶ ᠳᠤ ᠲᠣᠳᠣᠷᠬᠠᠶ ᠲᠣᠭᠲᠠᠭᠠᠭᠰᠠᠨ ᠨᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠶᠢ ᠬᠢᠨᠠᠨ ᠨᠡᠮᠡᠭᠳᠡᠭᠦᠯᠵᠦ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠬᠦ ᠳᠤ ᠭᠤᠤᠯᠳᠠᠯᠭ᠎ᠠ ᠲᠠᠢ ᠬᠡᠷᠡᠭᠯᠡᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠶᠢᠨ ᠠᠷᠪᠠᠨ ᠭᠤᠷᠪᠠᠳᠤᠭᠠᠷ ᠵᠦᠢᠯ᠄ ᠲᠦᠷᠦ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠭᠠᠯ ᠰᠡᠷᠭᠡᠶᠢᠯᠡᠨ ᠤᠨᠲᠠᠷᠠᠭᠠᠬᠤ ᠲᠤᠬᠠᠶ ᠰᠢᠯᠭᠠᠨ ᠠᠪᠤᠭᠤᠯᠬᠤ ᠪᠠᠷ ᠭᠤᠶᠤᠴᠢᠯᠠᠬᠤ ᠬᠡᠷᠡᠭᠲᠡᠶ ᠭᠡᠵᠦ ᠲᠣᠭᠲᠠᠭᠠᠭᠰᠠᠨ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠪᠠᠯ᠂ ᠪᠦᠳᠦᠭᠡᠠ ᠪᠠᠶᠢᠭᠤᠯᠬᠤ ᠨᠢᠭᠡᠴᠢ ᠨᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠭᠠᠯ ᠰᠡᠷᠭᠡᠶᠢᠯᠡᠨ ᠤᠨᠲᠠᠷᠠᠭᠠᠬᠤ ᠲᠤᠬᠠᠶ ᠰᠢᠯᠭᠠᠨ ᠠᠪᠤᠭᠤᠯᠬᠤ ᠪᠠᠷ ᠭᠤᠶᠤᠴᠢᠯᠠᠬᠤ ᠬᠡᠷᠡᠭᠲᠡᠶ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ ᠭᠦᠢᠴᠡᠳᠭᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠯᠤᠤᠬ᠎ᠠ ᠶᠢᠨ ᠭᠤᠣᠯ ᠵᠡᠭᠡᠯᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠵᠡᠭᠦᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠴᠤᠩᠬᠤᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄00 ᠴᠠᠭ ᠠᠴᠠ 11.30᠂ ᠦᠳᠡ ᠶᠢᠨ ᠬᠤᠶᠢᠨᠠᠬᠢ 2᠄00 ᠠᠴᠠ 5᠄00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠥᠬᠡᠶ︶ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1᠂ 3᠂ 5 ᠳ᠋ᠤᠭᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠭᠠᠳ ᠵᠠᠰᠠᠭ ᠤᠨ ᠣᠷᠳᠣᠨ ᠤ ᠵᠡᠭᠦᠨ ᠥᠷᠲᠡᠭᠡ ᠳᠤ ᠬᠦᠷᠦᠨ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号