| ᠬᠦᠯᠢᠶᠡᠨ ᠰᠢᠢᠳᠪᠤᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2᠂ ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠡᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3᠂ | ᠭᠤᠶᠤᠴᠢᠯᠠᠭᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠢ | ᠭᠦᠢᠴᠡᠳᠬᠡᠬᠦ ᠳᠤ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠨᠢ ᠪᠦᠷᠢᠨ ᠭᠦᠢᠴᠡᠳ ᠪᠤᠶᠤ ᠪᠦᠷᠢᠨ | ᠭᠦᠢᠴᠡᠳ ᠨᠥᠬᠦᠪᠥᠷᠢᠯᠡᠭᠦᠯᠬᠦ ᠪᠠᠷ ᠱᠠᠭᠠᠷᠳᠠᠭᠰᠠᠨ ᠢ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ | ᠬᠠᠩᠭᠠᠬᠤ ᠶᠢ ᠱᠠᠭᠠᠷᠳᠠᠭᠰᠠᠨ᠃ ︵ᠬᠤᠶᠠᠷ︶ ᠥᠯᠥ ᠵᠥᠪᠰᠢᠶᠡᠷᠡᠭᠰᠡᠨ ᠪᠠᠶᠢᠳᠠᠯ᠄ 1᠂ ᠭᠤᠶᠤᠴᠢᠯᠠᠭᠰᠠᠨ ᠵᠦᠢᠯ ᠨᠢ | ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠬᠤ ᠦᠭᠡᠶ᠃ 2᠂ ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ | ᠪᠣᠳᠠᠲᠠᠢ ᠪᠢᠰᠢ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠲᠤᠭ᠎ᠠ ᠬᠡᠮᠵᠢᠶᠡᠨ ᠤ | ᠬᠢᠵᠠᠭᠠᠷᠯᠠᠯ ᠦᠭᠡᠢ | ᠲᠣᠭᠲᠠᠭᠠᠬᠤ ᠦᠨᠳᠦᠰᠦᠯᠡᠯ | ︽ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠲᠦᠷᠢᠮ︾ ︵2008 ᠣᠨ ᠤ 7 | ᠰᠠᠷ᠎ᠠ ᠶᠢᠨ 22 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 528 ᠳ᠋ᠤᠭᠠᠷ ᠲᠣᠭᠠᠲᠤ᠂ 2016 | ᠣᠨ ᠤ 2 ᠰᠠᠷ᠎ᠠ ᠶᠢᠨ 6 ᠤ ᠡᠳᠦᠷ ᠵᠠᠰᠠᠪᠤᠷᠢ ᠣᠷᠣᠭᠤᠯᠪᠠ︶ ᠤᠨ ᠠᠷᠪᠠᠨ ᠭᠤᠷᠪᠠᠳᠤᠭᠠᠷ ᠵᠤᠶᠢᠯ᠄ | ᠡᠵᠡᠩᠨᠡᠯᠲᠡ ᠶᠢᠨ ᠴᠢᠨᠠᠷᠲᠠᠶ ᠲᠣᠭᠯᠠᠯᠲᠠ ᠡᠷᠭᠢᠯᠡᠬᠦ ᠳᠤ ᠲᠣᠭᠯᠠᠯᠲᠠ ᠭᠠᠷᠭᠠᠭᠰᠠᠨ ᠭᠠᠵᠠᠷ ᠤᠨ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠬᠤ ᠬᠡᠷᠡᠭᠲᠡᠶ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ ᠢ ᠰᠢᠢᠳᠪᠤᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ 3 | ᠡᠳᠦᠷ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠶ᠃ ᠲᠤᠰ ᠲᠦᠷᠢᠮ ᠤᠨ ᠬᠤᠷᠢᠨ ᠲᠠᠪᠤᠳᠤᠭᠠᠷ ᠵᠦᠢᠯ ᠤᠨ | ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠣᠯᠭᠤᠨ᠎ᠠ᠃ ᠲᠣᠰ ᠲᠦᠷᠢᠮ ᠤᠨ | ᠬᠤᠷᠢᠨ ᠲᠠᠪᠤᠳᠤᠭᠠᠷ ᠵᠦᠶ᠋ᠯ ᠤᠨ ᠲᠣᠭᠲᠠᠭᠠᠯ ᠳᠤ ᠨᠡᠶᠢᠴᠡᠬᠦ ᠥᠬᠡᠶ ᠶᠢ ᠨᠢ ᠵᠥᠪᠰᠢᠶᠡᠷᠡᠬᠦ ᠥᠬᠡᠶ᠂ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠨᠢ ᠲᠣᠳᠣᠷᠬᠠᠶᠢᠯᠠᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠭᠡᠬᠦ ᠭᠠᠵᠠᠷ᠄ ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠴᠤᠩᠬᠤ | ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 00 — 11 | ᠄ 30᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1᠂ 3᠂ 5 ᠳ᠋ᠤᠭᠠᠷ ᠨᠡᠶᠢᠲᠡ ᠶᠢᠨ ᠮᠠᠰᠢᠨ ᠲᠡᠷᠭᠡᠨ ᠳᠤ | ᠰᠠᠭᠤᠭᠠᠳ ᠵᠠᠰᠠᠭ ᠤᠨ ᠣᠷᠳᠣᠨ ᠤ ᠵᠡᠭᠦᠨ ᠥᠷᠲᠡᠭᠡ ᠳᠤ ᠬᠦᠷᠦᠨ᠎ᠡ |