ᠨᠢᠩᠴᠧᠩ ᠰᠢᠶᠠᠨ ᠤ ᠬᠤᠲᠠ ᠶᠢᠨ ᠤᠰᠤ ᠬᠡᠷᠡᠭᠯᠡᠬᠦ ᠦᠢᠯᠡᠴᠢᠯᠡᠭᠡᠨ ᠤ ᠲᠥᠪ ᠤᠨ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2021/11/23
     ᠨᠢᠩᠴᠧᠩ ᠰᠢᠶᠠᠨ ᠤ ᠬᠤᠲᠠ ᠶᠢᠨ ᠤᠰᠤᠨ ᠤ ᠴᠢᠨᠠᠷ ᠤᠨ ᠬᠠᠮᠢᠶᠠᠷᠤᠯᠲᠠ ᠶᠢ  ᠴᠢᠩᠭᠠᠳᠬᠠᠨ᠂ ᠠᠷᠠᠳ ᠢᠷᠭᠡᠳ ᠤᠨ ᠠᠷᠠᠳ ᠤᠨ ᠠᠮᠢᠳᠤᠷᠠᠯ ᠳᠤ ᠬᠤᠯᠪᠣᠭᠳᠠᠬᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠬᠤᠲᠠ ᠶᠢᠨ ᠬᠠᠩᠭᠠᠬᠤ ᠤᠰᠤᠨ ᠤ ᠴᠢᠨᠠᠷ ᠤᠨ ᠬᠠᠮᠢᠶᠠᠷᠤᠯᠲᠠ ᠶᠢᠨ ᠲᠣᠭᠲᠠᠭᠠᠯ︾ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠪᠠᠷᠢᠮᠵᠢᠶ᠎ᠠ ᠶᠢ ᠦᠨᠳᠦᠰᠦᠯᠡᠨ᠂ ᠨᠢᠩᠴᠧᠩ ᠰᠢᠶᠠᠨ ᠤ ᠬᠤᠲᠠ ᠶᠢᠨ ᠤᠰᠤ ᠬᠡᠷᠡᠭᠯᠡᠬᠦ ᠦᠢᠯᠡᠴᠢᠯᠡᠭᠡᠨ ᠤ ᠲᠥᠪ ᠤᠨ ᠤᠰᠤᠨ ᠤ ᠴᠢᠨᠠᠷ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠨᠡᠶᠢᠲᠡ ᠳᠤ ᠵᠠᠷᠯᠠᠨ ᠮᠡᠳᠡᠭᠳᠡᠨ᠎ᠡ᠃ ᠡᠳᠦᠭᠡ 2021 ᠣᠨ ᠤ ᠭᠤᠷᠪᠠᠳᠤᠭᠠᠷ ᠤᠯᠠᠷᠢᠯ ᠤᠨ 7᠂ 8 ᠳ᠋ᠤᠭᠠᠷ ᠰᠠᠷ᠎ᠠ ᠶᠢᠨ ᠦᠢᠯᠡᠳᠪᠤᠷᠢ ᠠᠴᠠ ᠭᠠᠷᠤᠬᠰᠠᠨ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠨᠡᠶᠢᠭᠡᠮ ᠨᠡᠶᠢᠲᠡ ᠳᠤ ᠵᠠᠷᠯᠠᠶ᠎ᠠ᠃ ᠲᠣᠰ ᠪᠠᠶᠢᠴᠠᠭᠠᠯᠲᠠ ᠶᠢᠨ ᠮᠡᠳᠡᠭᠦᠯᠦᠯᠲᠡ ᠶᠢ ᠤᠯᠠᠭᠠᠨᠬᠠᠳᠠ ᠬᠤᠲᠠ ᠶᠢᠨ ᠬᠤᠩ ᠽᠧ ᠤᠰᠤ ᠬᠠᠩᠭᠠᠬᠤ ᠬᠢᠵᠠᠭᠠᠷᠲᠤ ᠺᠣᠮᠫᠠᠨᠢ ᠶᠢᠨ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠲᠥᠪ ᠠᠴᠠ ᠬᠠᠩᠭᠠᠭᠰᠠᠨ ᠪᠠᠶᠢᠨ᠎ᠠ᠃ ᠳᠠᠭᠠᠯᠳᠤᠭᠤᠯᠤᠯ᠄ 1. 2021 ᠣᠨ ᠤ 7 ᠰᠠᠷ᠎ᠠ ᠶᠢᠨ ᠦᠢᠯᠡᠳᠪᠦᠷᠢ ᠠᠴᠠ ᠭᠠᠷᠬᠤ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ     2.2021 ᠣᠨ ᠤ 8 ᠰᠠᠷ᠎ᠠ ᠳᠤ ᠦᠢᠯᠡᠳᠪᠦᠷᠢ ᠠᠴᠠ ᠭᠠᠷᠬᠤ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ http://www.ningchengxian.gov.cn/zwgk/zwdt/tzgg/202111/t20211122_1481902.html        ᠨᠢᠩᠴᠧᠩ ᠰᠢᠶᠠᠨ ᠤ ᠬᠤᠲᠠ ᠶᠢᠨ ᠤᠰᠤ ᠬᠡᠷᠡᠭᠯᠡᠬᠦ ᠦᠢᠯᠡᠴᠢᠯᠡᠭᠡᠨ ᠤ ᠲᠥᠪ                          2021 ᠣᠨ ᠤ 11 ᠰᠠᠷ᠎ᠠ ᠶᠢᠨ 11
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号