| | ᠨᠢᠭᠡ᠂ ︽ᠨᠠᠷᠢᠨ ᠲᠠᠩᠰᠠ︾ ᠶᠢ ᠶᠠᠮᠠᠷ ᠠᠬᠤᠶ ᠪᠠᠶᠢᠳᠠᠯ ᠤᠨ ᠳᠣᠤᠷ᠎ᠠ ᠨᠡᠶᠢᠲᠡᠯᠡᠭᠰᠡᠨ ᠪᠣᠶ︖ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ︽ ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠰᠢ ᠶᠢᠨ ᠫᠢᠩ ᠶᠡᠷᠦᠩᠬᠡᠶ | ᠱᠦᠵᠢ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠦᠷᠭᠦᠯᠵᠢᠯᠡᠨ ᠶᠡᠭᠡ | ᠪᠠᠷ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ︽ᠦᠨᠡᠮᠯᠡᠯ ᠢ ᠪᠠᠭᠠᠰᠬᠠᠨ ᠠᠷᠠᠳ ᠲᠤ ᠳᠥᠭᠦᠮ | ᠦᠵᠡᠭᠦᠯᠬᠦ︾ ᠠᠵᠢᠯᠯᠠᠭ᠎ᠠ ᠶᠢ ᠥᠷᠨᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠶᠡᠷᠦᠩᠬᠡᠶ ᠰᠠᠶᠢᠳ ᠯᠢ ᠺᠧ | ᠴᠢᠶᠠᠩ ᠂ ᠡᠯ᠎ᠡ ᠵᠦᠢᠯ ᠤᠨ ᠬᠡᠷᠡᠭ ᠦᠭᠡᠶ ᠭᠡᠷᠡᠴᠢᠯᠡᠯ ᠪᠠ ᠶᠠᠷᠰᠢᠭ ᠲᠦᠪᠡᠭᠲᠡᠶ ᠭᠠᠷ ᠭᠦᠢᠴᠡᠳᠬᠡᠯ ᠢ ᠬᠦᠴᠦᠨ | ᠦᠭᠡᠶ ᠪᠣᠯᠭᠠᠵᠤ᠂ ᠦᠢᠯᠡᠳᠪᠦᠷᠢᠯᠡᠯ ᠤᠨ ᠵᠥᠪᠰᠢᠶᠡᠷᠡᠯ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠡᠯᠡ | ᠣᠷᠣᠭᠤᠯᠤᠯᠲᠠ ᠶᠢ ᠬᠢᠨᠠᠨ ᠵᠥᠪᠰᠢᠶᠡᠷᠡᠬᠦ᠂ ᠭᠡᠷᠡᠴᠢᠯᠡᠬᠦ ᠵᠦᠢᠯᠡᠰ ᠵᠡᠷᠭᠡ ᠬᠦᠷᠢᠶᠡᠨ ᠳᠤ ᠮᠡᠳᠡᠭᠳᠡᠬᠦ ᠠᠮᠠᠯᠠᠯᠲᠠ ᠶᠢᠨ | ᠲᠦᠷᠢᠮ ᠢ ᠥᠷᠭᠡᠨ ᠢᠶᠠᠷ ᠬᠡᠷᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2020﹈ 42 ᠳ᠋ᠤᠭᠠᠷ ᠲᠣᠭᠠᠲᠤ︶ ︽ᠭᠡᠷᠡᠴᠢᠯᠡᠬᠦ ᠵᠦᠢᠯᠡᠰ ᠢ ᠮᠡᠳᠡᠭᠳᠡᠬᠦ | ᠠᠮᠠᠯᠠᠯᠲᠠ ᠶᠢᠨ ᠲᠦᠷᠢᠮ ᠲᠦᠷᠢᠮ ᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 51 ᠳ᠋ᠦᠭᠡᠷ ᠲᠣᠭᠠᠲᠤ︶ ︽ᠭᠡᠷᠡᠴᠢᠯᠡᠬᠦ | ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠮᠡᠳᠡᠭᠳᠡᠯ︾ ︵ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠡᠷᠡᠭᠵᠢᠭᠦᠯᠬᠦ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠲᠠᠷᠬᠠᠭᠠᠭᠰᠠᠨ ﹇2021﹈ 7 ᠳ᠋ᠤᠭᠠᠷ ᠲᠣᠭᠠᠲᠤ | ᠱᠠᠭᠠᠷᠳᠠᠯᠭ᠎ᠠ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ | ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ︽ᠤᠯᠠᠭᠠᠨᠬᠠᠳᠠ ᠬᠤᠲᠠ ᠶᠢᠨ ᠲᠣᠰ ᠱᠠᠲᠤᠨ ᠤ | ᠤᠳᠠᠭᠠᠨ ᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠤᠨ | ᠲᠣᠳᠣᠷᠬᠠᠶ ᠬᠠᠭᠤᠳᠠᠰᠤ︾ ᠪᠠ ︽ᠤᠯᠠᠭᠠᠨᠬᠠᠳᠠ ᠬᠤᠲᠠ ᠶᠢᠨ ᠦᠯᠡᠳᠡᠭᠡᠭᠰᠡᠨ ᠭᠡᠷᠡᠴᠢᠯᠡᠬᠦ ᠵᠦᠢᠯᠡᠰ ᠤᠨ | ᠭᠠᠷᠴᠠᠭ ᠤᠨ ᠲᠣᠳᠣᠷᠬᠠᠶ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ | ᠬᠤᠶᠠᠷ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠶᠢᠨ ᠬᠠᠷᠠᠯᠲᠠ ᠨᠢ | ᠶᠠᠭᠤ ᠪᠤᠢ︖ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠣᠳᠣᠷᠬᠠᠶ ᠬᠡᠯᠡᠵᠦ ᠥᠭᠬᠦ᠂ ᠠᠵᠤ ᠠᠬᠤᠶᠢᠯᠠᠯ ᠪᠠ ᠣᠯᠠᠨ | ᠲᠦᠮᠡᠨ ᠤ ᠦᠨᠡᠨᠴᠢ ᠢᠲᠡᠭᠡᠮᠵᠢᠲᠡᠶ ᠪᠠᠷ ᠠᠮᠠᠯᠠᠯᠲᠠ ᠪᠠᠨ ᠰᠠᠬᠢᠬᠤ ᠪᠠᠷ ᠭᠤᠤᠯᠳᠠᠯᠭ᠎ᠠ ᠪᠣᠯᠭᠠᠵᠤ᠂ ᠪᠠᠷᠢᠮᠵᠢᠶ᠎ᠠ ᠶᠢ | ᠢᠯᠡ ᠪᠣᠯᠭᠠᠬᠤ᠂ ᠲᠦᠷᠢᠮ ᠢ ᠲᠥᠪ ᠭᠤᠤᠯᠴᠢ ᠪᠠᠶᠢᠯᠭᠠᠬᠤ᠂ ᠵᠢᠱᠢᠯᠲᠡ ᠶᠢ ᠲᠣᠳᠣᠷᠬᠠᠶ ᠪᠠᠶᠢᠯᠭᠠᠬᠤ᠂ ᠲᠣᠰ | ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠢᠲᠡᠭᠡᠮᠵᠢ ᠶᠢ ᠬᠢᠨᠠᠨ ᠬᠠᠮᠢᠶᠠᠷᠬᠤ ᠵᠠᠰᠠᠯᠲᠠ ᠶᠢᠨ ᠵᠠᠭᠪᠤᠷ ᠢ ᠪᠣᠶ | ᠪᠣᠯᠭᠠᠬᠤ ᠶᠢ ᠠᠬᠢᠭᠤᠯᠤᠨ᠎ᠠ᠃ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ | ᠤ ᠦᠨᠡᠮᠯᠡᠯ ᠭᠦᠢᠴᠡᠳᠬᠡᠬᠦ ᠨᠢ ᠣᠯᠠᠨ᠂ ᠦᠨᠡᠮᠯᠡᠯ ᠭᠦᠶ᠋ᠴᠡᠳᠬᠡᠬᠦ ᠳᠤ ᠬᠦᠴᠢᠷᠲᠡᠶ ᠵᠡᠷᠭᠡ ᠠᠰᠠᠭᠤᠳᠠᠯ ᠢ | ᠰᠢᠢᠳᠪᠦᠷᠢᠯᠡᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠮᠠᠨ ᠤ ᠬᠤᠲᠠ ᠶᠢᠨ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ | ᠭᠤᠷᠪᠠ᠂ ᠶᠠᠮᠠᠷ ᠶᠠᠮᠠᠷ ᠭᠡᠷᠡᠴᠢᠯᠡᠬᠦ ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠪᠤᠢ | ︖ | ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠯᠡᠬᠦ ᠭᠡᠷᠡᠴᠢᠯᠡᠬᠦ ᠵᠦᠢᠯᠡᠰ ᠤᠨ ᠬᠡᠪᠴᠢᠶ᠎ᠡ ᠳᠤ ᠬᠠᠮᠤᠭ ᠤᠨ | ᠶᠡᠭᠡ ᠬᠡᠮᠵᠢᠶ᠎ᠡ ᠪᠠᠷ ᠠᠷᠠᠳ ᠲᠤ ᠠᠰᠢᠭᠲᠠᠶ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠠᠵᠤ | ᠠᠬᠤᠶᠢᠯᠠᠯ ᠪᠠ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠬᠡᠷᠡᠭᠯᠡᠬᠦ ᠤᠳᠠᠭ᠎ᠠ | ᠪᠠᠷ ᠨᠡᠯᠢᠶᠡᠳ ᠥᠨᠳᠥᠷ ᠪᠤᠶᠤ ᠤᠯᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠤᠨ ᠳᠣᠲᠣᠷ᠎ᠠ ᠠᠴᠠ | ᠲᠣᠭᠲᠠᠭᠠᠨ᠎ᠠ᠂ ᠢᠯᠠᠩᠭᠤᠶ᠎ᠠ ᠡᠷᠦᠭᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ ᠳᠠᠭᠠᠳᠬᠠᠯ᠂ | ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ ᠮᠡᠨᠳᠤ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ | ᠵᠡᠷᠭᠡ ᠲᠠᠯ᠎ᠠ ᠪᠠᠷ ᠱᠠᠯᠠᠪᠳᠠᠨ ᠬᠡᠷᠡᠭᠵᠢᠭᠦᠯᠵᠦ᠂ ᠲᠦᠷᠭᠡᠬᠡᠨ ᠨᠠᠶᠢᠳᠠᠪᠤᠷᠢᠵᠢᠭᠤᠯᠤᠨ᠎ᠠ᠃ ᠤᠯᠤᠰ ᠤᠨ ᠠᠮᠤᠷ | ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ | ᠦᠢᠯᠡᠰ ᠤᠨ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ | ᠰᠢᠭᠤᠳ ᠬᠤᠯᠪᠣᠭᠳᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠰᠢᠭᠤᠳ ᠬᠤᠯᠪᠣᠭᠳᠠᠬᠤ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ ᠵᠡᠷᠭᠡ ᠲᠦᠭᠰᠢᠭᠦᠷᠢ ᠪᠠᠷ | ᠨᠡᠯᠢᠶᠡᠳ ᠶᠡᠭᠡ᠂ ᠵᠠᠯᠠᠷᠠᠭᠤᠯᠬᠤ ᠥᠪᠡᠷ ᠤᠨ ᠥᠷᠲᠡᠭ ᠨᠢ ᠨᠡᠯᠢᠶᠡᠳ ᠥᠨᠳᠥᠷ᠂ ᠬᠤᠬᠢᠷᠠᠯ ᠢ ᠡᠭᠡᠭᠦᠯᠵᠦ | ᠠᠪᠴᠢᠷᠠᠬᠤᠶ᠎ᠠ ᠪᠡᠷᠬᠡ ᠭᠡᠷᠡᠴᠢᠯᠡᠬᠦ ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠥᠬᠡᠶ᠃ | ᠲᠦᠷᠪᠡ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠦᠢᠴᠡᠳᠬᠡᠬᠦ ᠶᠠᠪᠤᠴᠠ ᠨᠢ | ᠶᠠᠮᠠᠷ ᠪᠠᠶᠢᠳᠠᠭ ᠪᠤᠢ︖ | ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ | ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ | ᠵᠠᠰᠠᠭ ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ︵ᠴᠠᠬᠢᠮ ᠬᠡᠯᠪᠡᠷᠢ ᠶᠢ ᠪᠠᠭᠲᠠᠭᠠᠨ᠎ᠠ︶ ᠪᠠᠷ ᠭᠡᠷᠡᠴᠢᠯᠡᠬᠦ | ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠪᠦᠬᠦᠨ ᠢ ᠮᠡᠳᠡᠭᠳᠡᠨ᠎ᠡ᠃ ᠭᠤᠶᠤᠴᠢᠯᠠᠭᠴᠢ ᠶᠢᠨ | ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ | ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠭᠡᠪᠡᠯ᠂ ᠵᠠᠰᠠᠭ | ᠵᠠᠬᠢᠷᠭᠠᠨ ᠤ ᠪᠠᠶᠢᠭᠤᠯᠭ᠎ᠠ ᠬᠤᠯᠪᠣᠭᠳᠠᠯ ᠪᠦᠬᠦᠢ ᠭᠡᠷᠡᠴᠢ ᠶᠢ ᠳᠠᠬᠢᠵᠤ ᠠᠪᠬᠤ ᠦᠭᠡᠢ ᠪᠥᠭᠡᠳ ᠪᠢᠴᠢᠭ ᠤᠨ | ᠠᠮᠠᠯᠠᠯᠲᠠ ᠶᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠦᠢᠯᠡᠰ ᠢ ᠭᠦᠢᠴᠡᠳᠬᠡᠨ᠎ᠡ᠃ | ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠢ ᠮᠡᠳᠡᠭᠳᠡᠵᠦ᠂ ᠠᠮᠠᠯᠠᠯᠲᠠ ᠶᠢᠨ | ᠪᠢᠴᠢᠭ ᠤᠨ ᠵᠠᠭᠪᠤᠷ ᠤᠨ ᠲᠣᠪᠬᠢᠮᠠᠯ ᠢ ᠬᠠᠮᠢᠶ᠎ᠠ ᠪᠥᠬᠦᠶ ᠦᠢᠯᠡᠴᠢᠯᠡᠭᠡᠨ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ | ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ᠃ | ᠮᠡᠳᠡᠭᠳᠡᠬᠦ ᠠᠮᠠᠯᠠᠯᠲᠠ ᠶᠢᠨ ᠲᠦᠷᠢᠮ ᠤᠨ ᠲᠣᠳᠣᠷᠬᠠᠶ ᠬᠠᠭᠤᠳᠠᠰᠤ ᠶᠢ ᠬᠡᠷᠡᠭᠵᠢᠭᠦᠯᠬᠦ ᠳᠤ ᠣᠷᠣᠭᠤᠯᠤᠭᠰᠠᠨ | ᠭᠡᠷᠡᠴᠢᠯᠡᠬᠦ ᠵᠦᠢᠯᠡᠰ ᠢ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ | ᠡᠰᠡᠬᠦ ᠶᠢ ᠡᠵᠡᠨ ᠮᠡᠳᠡᠵᠦ ᠰᠣᠩᠭᠤᠵᠤ ᠪᠣᠯᠤᠨ᠎ᠠ᠃ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠪᠠᠷ ᠭᠡᠷᠡᠴᠢᠯᠡᠬᠦ | ᠮᠠᠲ᠋ᠧᠷᠢᠶᠠᠯ ᠲᠤᠰᠢᠶᠠᠬᠤ ᠶᠢ ᠣᠷᠣᠯᠠᠭᠤᠯᠬᠤ ᠶᠢ ᠰᠣᠩᠭᠤᠭᠰᠠᠨ ᠪᠠᠶᠢᠪᠠᠯ᠂ ᠪᠢᠴᠢᠭ ᠤᠨ ᠠᠮᠠᠯᠠᠯᠲᠠ ᠬᠢᠬᠦ ᠶᠢᠨ ᠬᠠᠮᠲᠤ | ᠭᠠᠷ ᠤᠨ ᠦᠰᠦᠭ ᠵᠢᠷᠤᠬᠤ ᠪᠤᠶᠤ ᠲᠠᠮᠠᠭ᠎ᠠ ᠳᠠᠷᠤᠵᠤ ᠨᠤᠲᠠᠯᠠᠭᠰᠠᠨ ᠤ ᠲᠠᠷᠠᠭ᠎ᠠ᠂ ᠭᠤᠶᠤᠴᠢᠯᠠᠭᠴᠢ ᠠᠴᠠ ᠨᠢᠭᠡᠨᠲᠡ | ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠢᠶᠠᠷ ᠦᠵᠡᠨ᠎ᠡ | ᠃ ᠭᠤᠶᠤᠴᠢᠯᠠᠭᠴᠢ ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ᠂ | ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ | ᠲᠤᠰᠢᠶᠠᠬᠤ ᠬᠡᠷᠡᠭᠲᠡᠢ᠃ | ᠲᠠᠪᠤ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠠᠴᠠ ᠪᠣᠯᠤᠭᠰᠠᠨ ᠬᠢᠨᠠᠯᠲᠠ | ᠬᠠᠮᠢᠶᠠᠷᠤᠯᠲᠠ ᠶᠢᠨ ᠠᠶᠤᠯ ᠲᠦᠭᠰᠢᠭᠦᠷᠢ ᠶᠢ ᠬᠡᠷᠬᠢᠨ ᠰᠡᠷᠭᠡᠶᠢᠯᠡᠬᠦ ᠪᠤᠢ︖ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ | ᠲᠦᠷᠢᠮ ᠢ ᠪᠠᠶᠢᠭᠤᠯᠵᠤ᠂ ᠭᠡᠷᠡᠴᠢᠯᠡᠬᠦ ᠵᠦᠢᠯᠡᠰ ᠤᠨ ᠣᠨᠴᠠᠯᠢᠭ᠂ ᠲᠦᠭᠰᠢᠭᠦᠷᠢ ᠶᠢᠨ ᠲᠠᠰ ᠪᠠ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ᠬᠦᠴᠦᠨ ᠵᠦᠢᠯ ᠳᠤ ᠴᠢᠭᠯᠡᠭᠦᠯᠦᠨ ᠬᠠᠷᠭᠤᠭᠤᠯᠤᠨ | ᠪᠠᠶᠢᠴᠠᠭᠠᠬᠤ ᠠᠷᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠠᠮᠠᠯᠠᠭᠴᠢ ᠶᠢᠨ ᠢᠲᠡᠭᠡᠮᠵᠢ ᠶᠢᠨ ᠪᠠᠶᠢᠳᠠᠯ ᠢ | ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠬᠤ ᠴᠢᠬᠤᠯᠠ ᠬᠦᠴᠦᠨ ᠵᠦᠢᠯ ᠪᠣᠯᠭᠠᠵᠤ᠂ ᠬᠠᠷᠭᠤᠭᠤᠯᠤᠨ | ᠪᠠᠶᠢᠴᠠᠭᠠᠬᠤ ᠴᠠᠭ᠂ ᠪᠠᠷᠢᠮᠵᠢᠶ᠎ᠠ᠂ ᠠᠷᠭ᠎ᠠ ᠮᠠᠶ᠋ᠢᠭ ᠵᠢᠴᠢ ᠬᠠᠷᠭᠤᠭᠤᠯᠤᠨ ᠪᠠᠶᠢᠴᠠᠭᠠᠬᠤ ᠠᠴᠠ ᠭᠡᠯᠳᠦᠷᠢᠭᠦᠯᠬᠦ ᠡᠰᠡᠬᠦ | ᠶᠢ ᠲᠣᠳᠣᠷᠬᠠᠶᠢᠯᠠᠨ᠎ᠠ᠃ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠤ ᠪᠠᠷ ᠭᠤᠤᠯ ᠪᠣᠯᠭᠠᠵᠤ᠂ ᠪᠠᠶᠢᠴᠠᠭᠠᠬᠤ᠂ ᠬᠠᠶᠢᠨ | ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠯᠲᠠ ᠬᠢᠭᠰᠡᠨ ᠴᠦ | ᠪᠣᠯᠤᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠬᠡᠷᠡᠭᠯᠡᠭᠴᠢ ᠶᠢᠨ ᠦᠵᠦᠭᠦᠷ᠂ ᠣᠷᠣᠨ ᠬᠡᠰᠡᠭ ᠤᠨ | ᠬᠡᠯᠬᠢᠶᠡᠰᠦ ᠶᠢᠨ ᠮᠡᠷᠭᠡᠵᠢᠯ ᠵᠡᠷᠭᠡ ᠶᠢ ᠭᠦᠢᠴᠡᠳ ᠠᠰᠢᠭᠯᠠᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠭᠯᠠᠭᠤᠯᠵᠤ᠂ | ᠬᠠᠷᠢᠴᠠᠭᠤᠯᠤᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠬᠦ ᠬᠡᠷᠡᠭᠲᠡᠶ᠃ | ᠬᠠᠷᠭᠤᠭᠤᠯᠤᠨ ᠪᠠᠶᠢᠴᠠᠭᠠᠬᠤ ᠠᠴᠠ ᠬᠡᠯᠲᠦᠷᠢᠭᠦᠯᠬᠦ ᠵᠦᠢᠯᠡᠰ ᠲᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ᠂ ︽ᠰᠦᠯᠵᠢᠶ᠎ᠡ + ᠬᠢᠨᠠᠯᠲᠠ | ᠬᠠᠮᠢᠶᠠᠷᠤᠯᠲᠠ︾᠂ ᠣᠶᠤᠨᠴᠢ ᠬᠢᠨᠠᠯᠲᠠ ᠬᠠᠮᠢᠶᠠᠷᠤᠯᠲᠠ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠂ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ | ᠢᠶᠠᠷ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠭᠠᠳᠠᠭᠤᠷᠴᠢᠯᠠᠯ ᠤᠨ ᠴᠢᠨᠠᠷᠲᠠᠶ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ ᠪᠣᠯᠬᠤ ᠥᠬᠡᠶ᠃ | ᠵᠢᠷᠭᠤᠭ᠎ᠠ᠂ ᠭᠤᠶᠤᠴᠢᠯᠠᠭᠴᠢ ᠦᠨᠡᠨ ᠪᠣᠳᠠᠲᠠᠢ ᠪᠤᠰᠤ ᠠᠮᠠᠯᠠᠯᠲᠠ ᠬᠢᠪᠡᠯ ᠶᠠᠮᠠᠷ ᠬᠠᠷᠢᠭᠤᠴᠠᠯᠭ᠎ᠠ | ᠡᠭᠦᠷᠭᠡᠯᠡᠬᠦ ᠪᠤᠢ︖ | ᠬᠢᠨᠠᠨ ᠪᠠᠶᠢᠴᠠᠭᠠᠬᠤ ᠪᠤᠶᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠭᠤᠶᠤᠴᠢᠯᠠᠭᠴᠢ | ᠶᠢᠨ ᠵᠣᠷᠢᠭᠤᠳᠠ ᠦᠨᠡᠨ ᠪᠠᠶᠢᠳᠠᠯ ᠢᠶᠠᠨ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠠᠮᠠᠯᠠᠯᠲᠠ ᠬᠠᠩᠭᠠᠭᠰᠠᠨ ᠢ | ᠣᠯᠵᠤ ᠮᠡᠳᠡᠪᠡᠯ᠂ ᠬᠠᠤᠯᠢ ᠶᠣᠰᠣᠭᠠᠷ ᠭᠦᠢᠴᠡᠳᠬᠡᠬᠦ ᠪᠠᠨ ᠵᠣᠭᠰᠣᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠭᠲᠠᠭᠠᠯ ᠢ ᠬᠦᠴᠦᠨ ᠥᠬᠡᠶ ᠪᠣᠯᠭᠠᠬᠤ ᠪᠤᠶᠤ | ᠵᠠᠰᠠᠭ ᠵᠠᠬᠢᠷᠭᠠᠨ ᠤ ᠰᠢᠳᠬᠡᠯ ᠥᠭᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠬᠡᠷᠡᠭᠲᠡᠶ᠃ ᠶᠠᠯ᠎ᠠ | ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠬᠦᠷᠭᠡᠬᠦ ᠬᠡᠷᠡᠭᠲᠡᠶ᠃ | | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ | ᠰᠠᠯᠠᠭ᠎ᠠ |