| ᠬᠠᠶ᠋ᠢᠭ᠄ ᠨᠢᠩᠴᠧᠩ ᠰᠢᠶᠠᠨ ᠤ ᠶᠠᠨᠵᠢᠩ ᠵᠡᠭᠡᠯᠢ ᠶᠢᠨ 1 ᠳ᠋ᠤᠭᠡᠷ ᠨᠣᠮᠧᠷᠲᠤ ᠨᠢᠩᠴᠧᠩ ᠰᠢᠶᠠᠨ ᠤ ᠨᠠᠮ | ᠵᠠᠰᠠᠭ ᠤᠨ ᠶᠡᠷᠦᠩᠬᠡᠶᠢᠯᠡᠭᠰᠡᠨ ᠠᠰᠠᠷ | ᠬᠠᠷᠢᠯᠴᠠᠬᠤ ᠬᠡᠯᠪᠡᠷᠢ᠄ 0476 — 4233880 | ︵ᠨᠢᠭᠡ︶ ᠨᠢᠩᠴᠧᠩ ᠰᠢᠶᠠᠨ ᠤ ᠮᠥᠩᠭᠦᠨ ᠭᠦᠢᠯᠭᠡᠭᠡᠨ ᠬᠢᠭᠡᠳ ᠪᠡᠯᠡ ᠣᠷᠣᠭᠤᠯᠤᠯᠲᠠ ᠶᠢ ᠠᠬᠢᠭᠤᠯᠬᠤ | ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠰᠦᠯ ᠠᠷᠭ᠎ᠠ ᠬᠡᠮᠵᠢᠶ᠎ᠡ ᠶᠢ ᠬᠠᠷᠢᠭᠤᠴᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠣᠷᠣᠨ ᠨᠤᠲᠤᠭ ᠤᠨ ᠮᠥᠩᠭᠦᠨ ᠭᠦᠢᠯᠭᠡᠭᠡᠨ ᠵᠢᠴᠢ ᠪᠠᠯᠠ ᠣᠷᠣᠭᠤᠯᠤᠯᠲᠠ ᠶᠢ ᠠᠬᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠪᠦᠬᠦ ᠰᠢᠶᠠᠨ ᠤ ᠮᠥᠩᠭᠦᠨ ᠭᠦᠢᠯᠭᠡᠭᠡᠨ ᠤ ᠦᠢᠯᠡᠰ ᠲᠤ ᠵᠣᠬᠢᠴᠠᠭᠤᠯᠤᠨ ᠦᠢᠯᠡᠴᠢᠯᠡᠬᠦ ᠪᠠ ᠪᠡᠯᠡ ᠣᠷᠣᠭᠤᠯᠤᠯᠲᠠ ᠶᠢ | ᠠᠬᠢᠭᠤᠯᠬᠤ ᠠᠵᠢᠯ ᠤᠨ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠶ ᠳᠤ ᠦᠢᠯᠡᠴᠢᠯᠡᠬᠦ ᠴᠢᠳᠠᠮᠵᠢ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠮᠥᠩᠭᠦᠨ ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠭᠤᠷᠪᠠ︶ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠮᠥᠩᠭᠦᠨ | ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠎ᠠ᠃ | ︵ᠳᠥᠷᠪᠡ︶ ᠨᠢᠩᠴᠧᠩ ᠰᠢᠶᠠᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠤᠶᠢᠯ ᠤᠨ ᠪᠠᠯᠠ | ᠲᠣᠬᠢᠷᠠᠭᠤᠯᠭ᠎ᠠ ᠶᠢᠨ ᠲᠥᠰᠦᠯ ᠢ ᠰᠤᠳᠤᠯᠤᠨ ᠲᠣᠭᠲᠠᠭᠠᠬᠤ ᠳᠤ ᠣᠷᠣᠯᠴᠠᠨ᠎ᠠ᠃ | ︵ᠲᠠᠪᠤ︶ ᠨᠢᠩᠴᠧᠩ ᠰᠢᠶᠠᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠰᠦᠯ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠠ ᠡᠯᠭᠦᠬᠦ | ᠪᠠ ᠰᠢᠭᠤᠳ ᠪᠠᠯᠠ ᠳᠣᠭᠢᠷᠠᠭᠤᠯᠬᠤ ᠠᠵᠢᠯ ᠢ ᠵᠣᠬᠢᠴᠠᠭᠤᠯᠤᠨ ᠠᠬᠢᠭᠤᠯᠤᠨ᠎ᠠ᠃ | ︵ᠵᠢᠷᠭᠤᠭ᠎ᠠ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠵᠢᠯᠣᠭᠤᠳᠤᠨ᠎ᠠ | ᠃ | ︵ᠳᠣᠯᠤᠭ᠎ᠠ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠬᠦ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ | ᠪᠠ ᠠᠮᠤᠷ ᠲᠦᠪᠰᠢᠨ ᠢ ᠬᠠᠮᠠᠭᠠᠯᠠᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠤᠷᠢᠯᠡᠬᠦ | ᠠᠵᠢᠯ ᠢ ᠲᠦᠷᠦᠭᠦᠯᠡᠨ ᠥᠷᠨᠢᠭᠦᠯᠦᠨ᠎ᠡ᠃ | ︵ᠨᠠᠢᠮᠠ︶ ᠨᠢᠩᠴᠧᠩ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ᠂ ᠡᠭᠦᠷᠭᠡ᠂ | ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠨ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠂ ᠪᠦᠬᠦ ᠰᠢᠶᠠᠨ ᠤ ᠪᠡᠯᠡ ᠣᠷᠣᠭᠤᠯᠤᠯᠲᠠ ᠶᠢ | ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ ᠪᠦᠬᠦ ᠰᠢᠶᠠᠨ ᠤ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠪᠦᠷᠢᠳᠬᠡᠵᠦ᠂ ᠲᠣᠬᠢᠷᠠᠭᠤᠯᠵᠤ᠂ ᠵᠠᠳᠠᠯᠤᠨ᠎ᠠ᠃ | ︵ᠶᠢᠰᠦ︶ ᠨᠢᠩᠴᠧᠩ ᠳᠤ ᠰᠠᠭᠤᠭ᠎ᠠ ᠭᠠᠳᠠᠷ ᠣᠷᠣᠨ ᠤ ᠬᠤᠳᠠᠯᠳᠤᠭᠠᠴᠢᠳ ᠤᠨ ᠡᠪᠯᠡᠯ᠂ ᠨᠢᠩᠴᠧᠩ ᠤᠨ | ᠭᠠᠳᠠᠭᠠᠳᠤ ᠳᠤ ᠰᠠᠭᠤᠭ᠎ᠠ ᠭᠠᠵᠠᠷ ᠤᠨ ᠬᠤᠳᠠᠯᠳᠤᠭᠠᠴᠢᠳ ᠤᠨ ᠡᠪᠯᠡᠯ ᠵᠢᠴᠢ ᠡᠯ᠎ᠡ ᠲᠥᠷᠥᠯ ᠤᠨ ᠠᠵᠢᠯ | ᠲᠥᠷᠥᠯ ᠤᠨ ᠨᠡᠶᠢᠭᠡᠮᠯᠢᠭ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭ᠎ᠠ ᠶᠢᠨ ᠠᠵᠢᠯ ᠲᠠᠢ ᠬᠠᠷᠢᠯᠴᠠᠬᠤ ᠪᠠ | ᠵᠣᠬᠢᠴᠠᠭᠤᠯᠬᠤ ᠶᠢ ᠬᠠᠷᠢᠭᠤᠴᠠᠨ᠎ᠠ᠃ | ︵ᠠᠷᠪᠠ︶ ᠪᠦᠬᠦ ᠰᠢᠶᠠᠨ ᠢᠶᠠᠷ ᠢᠶᠠᠨ ᠤᠯᠤᠰ ᠤᠨ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ | ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠵᠢᠴᠢ ᠵᠡᠭᠦᠨ ᠬᠤᠶᠢᠲᠤ ᠶᠢᠨ ᠭᠤᠷᠪᠠᠨ | ᠮᠤᠵᠢ᠂ ᠪᠡᠭᠡᠵᠢᠩ ᠲᠢᠶᠠᠨᠵᠢᠨ ᠾᠧᠪᠸᠢ᠂ ᠪᠥᠸᠧᠬᠠᠢ ᠲᠠᠩᠭᠢᠰ ᠢ ᠲᠣᠭᠤᠷᠢᠭᠰᠠᠨ ᠣᠷᠣᠨ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠠᠵᠤ | ᠠᠬᠤᠶ ᠶᠢᠨ ᠬᠠᠮᠲᠤᠷᠠᠯᠴᠠᠭ᠎ᠠ ᠶᠢᠨ ᠲᠤᠬᠠᠶ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠬᠠᠷᠢᠭᠤᠴᠠᠨ ᠰᠤᠳᠤᠯᠵᠤ | ᠳᠤᠷᠠᠳᠤᠨ᠎ᠠ᠃ | ︵ᠠᠷᠪᠠᠨ ᠨᠢᠭᠡ︶ ᠪᠦᠬᠦ ᠰᠢᠶᠠᠨ ᠢᠶᠠᠷ ᠢᠶᠠᠨ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ | ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠦᠬᠦᠢ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠬᠠᠮᠲᠤᠷᠠᠯᠴᠠᠭᠠᠨ ᠤ ᠲᠣᠭᠲᠠᠴᠠ ᠶᠢ | ᠰᠤᠳᠤᠯᠤᠨ ᠪᠠᠶᠢᠭᠤᠯᠵᠤ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠵᠣᠬᠢᠴᠠᠩᠭᠤᠶ ᠪᠠᠷ ᠲᠦᠯᠬᠢᠨ ᠠᠬᠢᠭᠤᠯᠤᠨ᠎ᠠ᠃ | ︵ᠠᠷᠪᠠᠨ ᠬᠤᠶᠠᠷ︶ ᠰᠢᠶᠠᠨ ᠤ ᠳᠣᠲᠣᠷ᠎ᠠ ᠭᠠᠳᠠᠨᠠᠬᠢ ᠡᠯ᠎ᠡ ᠵᠤᠶᠢᠯ ᠤᠨ ᠬᠠᠮᠲᠤᠷᠠᠯᠴᠠᠭ᠎ᠠ ᠶᠢ ᠨᠢᠭᠡᠳᠦᠯᠲᠡᠶ | ᠲᠥᠯᠥᠪᠯᠡᠨ ᠵᠣᠬᠢᠴᠠᠭᠤᠯᠵᠤ᠂ ᠴᠢᠬᠤᠯᠠ ᠶᠡᠭᠡ ᠬᠠᠮᠲᠤᠷᠠᠯᠴᠠᠭᠠᠨ ᠤ ᠵᠥᠪᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ | ᠵᠣᠬᠢᠴᠠᠭᠤᠯᠤᠨ ᠵᠣᠬᠢᠶᠠᠨ ᠪᠠᠶᠢᠭᠤᠯᠵᠤ᠂ ᠪᠥᠬᠦ ᠰᠢᠶᠠᠨ ᠬᠢᠭᠡᠳ ᠡᠷᠬᠢᠨ ᠲᠣᠭᠤᠷᠢᠨ ᠤ ᠭᠠᠵᠠᠷ ᠣᠷᠣᠨ ᠤ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠭᠤᠷᠪᠠ︶ ᠤᠯᠤᠰ ᠤᠨ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ | ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠥᠬᠦ ᠰᠢᠶᠠᠨ ᠤ ᠣᠷᠣᠨ ᠪᠠᠶᠢᠷᠢ᠂ ᠡᠬᠢ ᠪᠠᠶᠠᠯᠢᠭ᠂ | ᠰᠣᠶᠣᠯ᠂ ᠠᠵᠤ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ | ︵ᠠᠷᠪᠠᠨ ᠳᠥᠷᠪᠡ︶ ᠭᠠᠵᠠᠷ ᠣᠷᠣᠨ ᠤ ᠬᠤᠭᠤᠷᠣᠨᠳᠣ ᠪᠠᠨ ᠬᠠᠷᠢᠯᠴᠠᠵᠤ ᠵᠣᠬᠢᠴᠠᠭᠤᠯᠬᠤ᠂ ᠮᠡᠳᠡᠭᠡ ᠵᠠᠩᠭᠢ | ᠨᠡᠪᠲᠡᠷᠡᠯᠴᠡᠬᠦ᠂ ᠠᠵᠢᠯ ᠤᠨ ᠰᠣᠯᠢᠯᠴᠠᠭ᠎ᠠ ᠬᠢᠬᠦ ᠪᠠ ᠰᠢᠨᠵᠢᠯᠡᠨ ᠪᠠᠶᠢᠴᠠᠭᠠᠵᠤ ᠬᠠᠷᠢᠯᠴᠠᠨ ᠰᠤᠷᠪᠤᠯᠵᠢᠯᠠᠬᠤ ᠵᠡᠷᠭᠡ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |