ᠲᠡᠭᠡᠭᠡᠪᠦᠷᠢᠯᠡᠨ ᠡᠵᠡᠩᠨᠡᠬᠦ ᠠᠶᠠᠨᠴᠢᠳ ᠤᠨ ᠲᠡᠷᠭᠡ ᠶᠢᠨ ᠠᠮᠤᠷ ᠲᠦᠪᠰᠢᠨ ᠤ ᠵᠣᠷᠰᠢᠯ ᠪᠠᠶᠢᠴᠠᠭᠠᠯᠲᠠ
ᠨᠡᠶᠢᠲᠡᠯᠡᠭᠰᠡᠨ ᠴᠠᠭ᠄
2021/11/30
         ᠯᠠᠪᠯᠠᠬᠤ ᠠᠭᠤᠯᠭ᠎ᠠ᠄ ᠮᠠᠰᠢᠨ ᠲᠡᠷᠭᠡᠨ ᠤ ᠥᠷᠲᠡᠭᠡ ᠶᠢᠨ ᠲᠡᠭᠡᠭᠡᠪᠦᠷᠢᠯᠡᠨ ᠡᠵᠡᠩᠨᠡᠬᠦ ᠠᠶᠠᠨᠴᠢᠳ ᠤᠨ  ᠲᠡᠷᠭᠡ ᠶᠢᠨ ᠠᠮᠤᠷ ᠲᠦᠪᠰᠢᠨ ᠤ ᠵᠣᠷᠰᠢᠯ ᠪᠠᠶᠢᠴᠠᠭᠠᠯᠲᠠ ᠨᠢ ᠡᠬᠢᠯᠡᠬᠦ ᠠᠴᠠ ᠳᠠᠭᠤᠰᠬᠤ ᠪᠣᠯᠲᠠᠯ᠎ᠠ ᠬᠡᠳᠦᠶ ᠴᠠᠭ  ᠬᠡᠷᠡᠭᠰᠡᠬᠦ ᠲᠣᠭᠲᠠᠭᠠᠯ ᠪᠠᠶᠢᠨ᠎ᠠ ᠦᠦ︖ ᠠᠯᠢ ᠮᠠᠲ᠋ᠧᠷᠢᠶᠠᠯ ᠳᠤ ᠲᠡᠭᠡᠭᠡᠪᠦᠷᠢᠯᠡᠨ ᠡᠵᠡᠩᠨᠡᠬᠦ ᠠᠶᠠᠨᠴᠢᠳ ᠤᠨ  ᠲᠡᠷᠭᠡ ᠶᠢᠨ ᠠᠮᠤᠷ ᠲᠦᠪᠰᠢᠨ ᠤ ᠵᠣᠷᠰᠢᠯ ᠪᠠᠢᠴᠠᠭᠠᠯᠲᠠ ᠶᠢᠨ ᠪᠠᠶᠢᠴᠠᠭᠠᠬᠤ ᠴᠠᠭ ᠢ ᠲᠣᠭᠲᠠᠭᠠᠭᠰᠠᠨ ᠪᠣᠢ︖      ᠬᠠᠷᠢᠭᠤᠯᠲᠠ᠄ ᠲᠠ ᠰᠠᠶᠢᠨ ᠦᠦ᠂ ︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ  ᠲᠡᠭᠡᠭᠡᠪᠦᠷᠢᠯᠡᠨ ᠡᠵᠡᠩᠨᠡᠬᠦ ᠠᠶᠠᠨᠴᠢᠳ ᠤᠨ ᠲᠡᠷᠭᠡ ᠶᠢᠨ ᠠᠮᠤᠷ ᠲᠦᠪᠰᠢᠨ ᠤ ᠵᠣᠷᠰᠢᠯ ᠪᠠᠶᠢᠴᠠᠭᠠᠯᠲᠠ ᠶᠢᠨ ᠠᠵᠢᠯ   ᠤᠨ ᠵᠢᠷᠤᠮᠵᠢᠯ ᠤᠨ ᠮᠡᠳᠡᠭᠳᠡᠯ︾ ︵ᠵᠠᠮ ᠲᠡᠭᠡᠭᠡᠪᠦᠷᠢ ᠲᠠᠷᠬᠠᠭᠠᠭᠰᠠᠨ〔2012〕762 ᠳ᠋ᠤᠭᠠᠷ ᠲᠣᠭᠠᠲᠤ︶ ᠤᠨ  ᠱᠠᠭᠠᠷᠳᠠᠯᠭ᠎ᠠ ᠶᠣᠰᠣᠭᠠᠷ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠳᠠᠩ ᠴᠢᠭᠯᠡᠯ ᠤᠨ  ᠲᠡᠭᠡᠭᠡᠪᠦᠷᠢᠯᠡᠨ ᠡᠵᠡᠩᠨᠡᠬᠦ ᠵᠠᠮ ᠤᠨ ᠤᠷᠲᠤ ᠨᠢ 800 ᠺᠢᠯᠦᠮᠧᠲᠷ ᠠᠴᠠ ᠪᠠᠭ᠎ᠠ ᠠᠶᠠᠨᠴᠢᠳ ᠤᠨ ᠲᠡᠭᠡᠭᠡᠪᠦᠷᠢ ᠶᠢᠨ  ᠡᠭᠡᠯᠵᠢ ᠶᠢᠨ ᠲᠡᠷᠭᠡ ᠪᠣᠯᠤᠨ ᠨᠠᠭᠠᠰᠢ ᠴᠠᠭᠠᠰᠢ ᠲᠡᠭᠡᠭᠡᠪᠦᠷᠢᠯᠡᠨ ᠡᠵᠡᠩᠨᠡᠬᠦ ᠴᠠᠭ ᠨᠢ 24 ᠴᠠᠭ ᠠᠴᠠ ᠬᠡᠲᠦᠷᠡᠬᠦ  ᠦᠭᠡᠶ ᠲᠡᠭᠡᠭᠡᠪᠦᠷᠢᠯᠡᠨ ᠡᠵᠡᠩᠨᠡᠬᠦ ᠡᠭᠡᠯᠵᠢ ᠶᠢᠨ ᠲᠡᠷᠭᠡᠨ ᠳᠤ᠂ ᠡᠳᠦᠷ ᠪᠦᠷᠢ ᠨᠢᠭᠡ ᠤᠳᠠᠭ᠎ᠠ ᠪᠠᠶᠢᠴᠠᠭᠠᠯᠲᠠ ᠬᠢᠬᠦ ᠶᠢ  ᠬᠡᠷᠡᠭᠵᠢᠭᠦᠯᠦᠨ᠎ᠡ︔ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠳᠠᠩ ᠴᠢᠭᠯᠡᠯ ᠤᠨ  ᠲᠡᠭᠡᠭᠡᠪᠦᠷᠢᠯᠡᠨ ᠡᠵᠡᠩᠨᠡᠬᠦ ᠵᠠᠮ ᠤᠨ ᠤᠷᠲᠤ ᠨᠢ 800 ᠺᠢᠯᠦᠮᠧᠲᠷ ︵ᠪᠠᠭᠲᠠᠨ᠎ᠠ︶ ᠠᠴᠠ ᠳᠡᠭᠡᠭᠰᠢᠬᠢ ᠠᠶᠠᠨᠴᠢᠳ   ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠪᠣᠯᠤᠨ ᠨᠠᠭᠠᠰᠢ ᠴᠠᠭᠠᠰᠢ ᠲᠡᠭᠡᠭᠡᠪᠦᠷᠢᠯᠡᠨ ᠡᠵᠡᠩᠨᠡᠬᠦ ᠴᠠᠭ ᠨᠢ 24 ︵ ᠪᠠᠭᠲᠠᠨ᠎ᠠ︶ ᠴᠠᠭ ᠠᠴᠠ ᠳᠡᠭᠡᠭᠰᠢᠬᠢ ᠲᠡᠭᠡᠭᠡᠪᠦᠷᠢᠯᠡᠨ ᠡᠵᠡᠩᠨᠡᠬᠦ ᠡᠭᠡᠯᠵᠢ ᠶᠢᠨ ᠲᠡᠷᠭᠡᠨ ᠳᠤ᠂ ᠳᠠᠩ ᠴᠢᠭᠯᠡᠯ  ᠪᠦᠷᠢ ᠳᠤ ᠨᠢᠭᠡ ᠤᠳᠠᠭ᠎ᠠ ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠎ᠡ᠃       ᠢᠷᠡᠯᠲᠡ᠄  ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号