| | ᠯᠠᠪᠯᠠᠬᠤ ᠠᠭᠤᠯᠭ᠎ᠠ᠄ ᠲᠡᠭᠡᠭᠡᠪᠦᠷᠢᠯᠡᠨ ᠡᠵᠡᠩᠨᠡᠬᠦ ᠦᠨᠡᠮᠯᠡᠯ ᠪᠣᠯ ᠡᠩ ᠤᠨ ᠪᠠᠷᠠᠭ᠎ᠠ ᠶᠢ ᠲᠡᠭᠡᠭᠡᠪᠦᠷᠢᠯᠡᠬᠦ | ᠭᠤᠷᠪᠠᠨ ᠮᠧᠲᠷ ᠥᠷᠭᠡᠨ ᠪᠣᠭᠤᠨᠢ ᠬᠠᠪᠲᠠᠭᠠᠶ ᠲᠡᠷᠭᠡ ᠪᠣᠯᠤᠨ᠎ᠠ᠂ ᠵᠠᠰᠠᠮᠠᠯ ᠵᠠᠮ ᠢᠶᠠᠷ ᠶᠠᠪᠤᠵᠤ ᠪᠣᠯᠤᠨ᠎ᠠ ᠦᠦ︖ | ᠤᠴᠢᠷ ᠨᠢ ᠬᠡᠮᠵᠢᠶ᠎ᠡ ᠠᠴᠠ ᠬᠡᠲᠦᠷᠡᠭᠦᠯᠦᠭᠰᠡᠨ ᠦᠨᠡᠮᠯᠡᠯ ᠭᠦᠶᠴᠡᠳᠬᠡᠬᠦ ᠰᠠᠨᠠᠭ᠎ᠠ ᠲᠠᠢ ᠪᠣᠯᠪᠠᠴᠤ ᠬᠦᠯᠢᠶᠡᠨ ᠠᠪᠬᠤ | ᠦᠭᠡᠢ᠃ | ᠬᠠᠷᠢᠭᠤᠯᠲᠠ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠬᠡᠮᠵᠢᠶ᠎ᠡ ᠠᠴᠠ ᠬᠡᠲᠦᠷᠡᠭᠦᠯᠦᠭᠰᠡᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠰᠠᠮᠠᠯ ᠵᠠᠮ ᠢᠶᠠᠷ ᠶᠠᠪᠤᠭᠤᠯᠬᠤ ᠬᠠᠮᠢᠶᠠᠷᠤᠯᠲᠠ ᠶᠢᠨ ᠲᠣᠭᠲᠠᠭᠠᠯ︾ | ᠵᠢᠷᠭᠤᠳᠤᠭᠠᠷ ᠵᠦᠶᠯ ᠳᠤ᠂ ᠵᠠᠳᠠᠯᠵᠤ ᠪᠣᠯᠬᠤ ᠦᠭᠡᠶ ᠡᠳ᠋ ᠪᠣᠳᠠᠰ ᠲᠡᠭᠡᠭᠡᠭᠰᠡᠨ ᠬᠡᠮᠵᠢᠶ᠎ᠡ ᠠᠴᠠ ᠬᠡᠲᠦᠷᠡᠭᠦᠯᠦᠭᠰᠡᠨ | ᠲᠡᠭᠡᠭᠡᠪᠦᠷᠢ ᠶᠢᠨ ︵ᠳᠣᠷᠣᠭᠰᠢ ᠲᠣᠮᠣ ᠵᠦᠶᠯ ᠤᠨ ᠲᠡᠭᠡᠭᠡᠪᠦᠷᠢ ᠭᠡᠵᠦ ᠲᠣᠪᠴᠢᠯᠠᠨ᠎ᠠ︶ ᠲᠡᠷᠭᠡ ᠬᠥᠰᠬᠡ ᠨᠢ᠂ | ᠬᠤᠯᠪᠣᠭᠳᠠᠯ ᠪᠦᠬᠦᠢ ᠵᠥᠪᠰᠢᠶᠡᠷᠡᠯ ᠤᠨ ᠭᠠᠷᠳᠠᠮ ᠢ ᠬᠠᠤᠯᠢ ᠶᠣᠰᠣᠭᠠᠷ ᠭᠦᠶᠴᠡᠳᠬᠡᠵᠦ᠂ ᠪᠦᠲᠦᠮᠵᠢᠲᠡᠶ ᠠᠷᠭ᠎ᠠ | ᠬᠡᠮᠵᠢᠶ᠎ᠡ ᠠᠪᠤᠭᠰᠠᠨ ᠤ ᠳᠠᠷᠠᠭ᠎ᠠ᠂ ᠲᠣᠭᠲᠠᠭᠠᠭᠰᠠᠨ ᠴᠠᠭ ᠬᠤᠭᠤᠴᠠᠭ᠎ᠠ᠂ ᠵᠠᠮ ᠱᠤᠭᠤᠮ᠂ ᠬᠤᠷᠳᠤᠴᠠ ᠶᠣᠰᠣᠭᠠᠷ | ᠵᠠᠰᠠᠮᠠᠯ ᠵᠠᠮ ᠢᠶᠠᠷ ᠶᠠᠪᠤᠭᠤᠯᠬᠤ ᠬᠡᠷᠡᠭᠲᠡᠶ᠃ ᠵᠥᠪᠰᠢᠶᠡᠷᠡᠯ ᠤᠢᠭᠡᠢ ᠪᠠᠷ᠂ ᠵᠠᠰᠠᠮᠠᠯ ᠵᠡᠮ ᠢᠶᠠᠷ ᠳᠤᠷ᠎ᠠ ᠪᠠᠷ ᠢᠶᠠᠨ | ᠶᠠᠪᠤᠵᠤ ᠪᠣᠯᠬᠤ ᠤᠢᠭᠡᠢ᠃ ᠠᠷᠪᠠᠨ ᠨᠢᠭᠡᠳᠦᠭᠡᠷ ᠵᠦᠶᠯ᠂ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠳᠤᠷᠠᠳᠤᠭᠰᠠᠨ | ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠵᠥᠪᠰᠢᠶᠡᠷᠡᠬᠦ ᠭᠤᠶᠤᠴᠢᠯᠠᠯ ᠳᠤ ᠳᠣᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠦᠯᠢᠶᠡᠨ ᠠᠪᠴᠤ | ᠰᠢᠶᠳᠪᠦᠷᠢᠯᠡᠬᠦ ᠦᠭᠡᠶ᠄ ᠪᠠᠷᠠᠭ᠎ᠠ ᠨᠢ ᠰᠠᠯᠭᠠᠵᠤ ᠠᠴᠢᠶᠠᠯᠠᠵᠤ ᠪᠣᠯᠬᠤ ᠡᠳ᠋ ᠪᠣᠳᠠᠰ ᠲᠤ ᠬᠠᠷᠢᠶᠠᠯᠠᠭᠳᠠᠬᠤ︔ | ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠡᠵᠡᠮᠰᠢᠵᠦ ᠪᠠᠶᠢᠭ᠎ᠠ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ | ᠤᠨ ᠦᠨᠡᠮᠯᠡᠯ ᠳᠤ ᠲᠡᠮᠳᠡᠭᠯᠡᠭᠰᠡᠨ ᠡᠵᠡᠩᠨᠡᠯᠲᠡ ᠶᠢᠨ ᠬᠢᠷᠢ ᠬᠡᠮ ᠳᠤ ᠲᠣᠮᠣ ᠵᠦᠶᠯ ᠢ ᠪᠠᠭᠲᠠᠭᠠᠬᠤ ᠦᠭᠡᠢ︔ | ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢ ᠬᠠᠤᠯᠢ | ᠶᠣᠰᠣᠭᠠᠷ ᠬᠢᠵᠠᠭᠠᠷᠯᠠᠭᠰᠠᠨ ᠵᠥᠪᠰᠢᠶᠡᠷᠡᠯ ᠨᠢ ᠬᠢᠵᠠᠭᠠᠷᠯᠠᠬᠤ ᠬᠤᠭᠤᠴᠠᠭ᠎ᠠ ᠨᠢ ᠳᠦᠭᠦᠷᠦᠭᠡᠳᠦᠶ︔ ᠬᠠᠤᠯᠢ ᠴᠠᠭᠠᠵᠠ | ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ ᠠᠷᠪᠠᠨ ᠳᠣᠯᠣᠳᠤᠭᠠᠷ | ᠵᠦᠶᠯ ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠶ ᠲᠣᠭᠲᠠᠭᠠᠯ ᠭᠠᠷᠭᠠᠬᠤ ᠬᠡᠷᠡᠭᠲᠡᠶ᠄ ᠡᠩ ᠤᠨ | ᠬᠠᠪᠲᠠᠭᠠᠶ ᠲᠡᠷᠭᠡ ᠶᠢ ᠬᠡᠷᠡᠭᠯᠡᠨ ᠲᠡᠭᠡᠭᠡᠪᠦᠷᠢᠯᠡᠵᠦ᠂ ᠲᠡᠷᠭᠡ ᠬᠥᠰᠬᠡ ᠶᠢᠨ ᠳᠠᠩ ᠲᠡᠩᠭᠡᠯᠢᠭ ᠤᠨ ᠳᠤᠮᠳᠠᠴᠢ | ᠲᠡᠩᠭᠡᠯᠢᠭ ᠤᠨ ᠳᠠᠭᠠᠭᠠᠴᠠ ᠨᠢ 10000 ᠺᠢᠯᠣᠭ᠍ᠷᠠᠮ ᠢ ᠳᠠᠪᠠᠭᠰᠠᠨ ᠪᠤᠶᠤ ᠬᠠᠮᠤᠭ ᠤᠨ ᠶᠡᠭᠡ ᠲᠡᠩᠭᠡᠯᠢᠭ ᠤᠨ | ᠳᠠᠭᠠᠭᠠᠴᠠ ᠨᠢ 13000 ᠺᠢᠯᠣᠭ᠍ᠷᠠᠮ ᠢ ᠳᠠᠪᠠᠭᠰᠠᠨ︔ ᠣᠯᠠᠨ ᠲᠡᠩᠭᠡᠯᠢᠭᠲᠦ ᠣᠯᠠᠨ ᠬᠦᠷᠳᠦᠲᠦ ᠰᠢᠩᠭᠡᠨ | ᠲᠠᠷᠤᠴᠠᠲᠤ ᠬᠠᠪᠲᠠᠭᠠᠶ ᠲᠡᠷᠭᠡ ᠪᠠᠷ ᠲᠡᠭᠡᠭᠡᠪᠦᠷᠢᠯᠡᠬᠦ ᠳᠤ᠂ ᠲᠡᠷᠭᠡ ᠬᠥᠰᠬᠡ ᠶᠢᠨ ᠲᠡᠩᠭᠡᠯᠢᠭ ᠱᠤᠭᠤᠮ ︵ᠨᠢᠭᠡ | ᠱᠤᠭᠤᠮ ᠬᠤᠶᠠᠷ ᠲᠡᠩᠭᠡᠯᠢᠭ 8 ᠬᠦᠷᠳᠦ︶ ᠪᠦᠷᠢ ᠶᠢᠨ ᠳᠤᠮᠳᠠᠴᠢ ᠲᠡᠩᠭᠡᠯᠢᠭ ᠤᠨ ᠳᠠᠭᠠᠭᠠᠴᠠ ᠨᠢ 18000 | ᠺᠢᠯᠣᠭ᠍ᠷᠠᠮ ᠢ ᠳᠠᠪᠠᠭ᠋ᠤ ᠪᠤᠶᠤ ᠬᠠᠮᠤᠭ ᠤᠨ ᠶᠡᠭᠡ ᠲᠡᠩᠭᠡᠯᠢᠭ ᠤᠨ ᠳᠠᠭᠠᠭᠠᠴᠠ ᠨᠢ 20000 ᠺᠢᠯᠣᠭ᠍ᠷᠠᠮ ᠢ ᠳᠠᠪᠠᠭ᠋ᠤ︔ | ᠳᠠᠭᠠᠭᠠᠴᠢᠯᠠᠨ ᠲᠡᠭᠡᠭᠡᠪᠦᠷᠢᠯᠡᠭᠴᠢ ᠨᠢ ᠪᠠᠬᠢᠵᠢᠭᠦᠯᠬᠦ᠂ ᠥᠭᠡᠷᠡᠴᠢᠯᠡᠬᠦ ᠡᠭᠦᠷᠭᠡ ᠪᠠᠨ ᠭᠦᠢᠴᠡᠳᠬᠡᠭᠰᠡᠨ ᠦᠭᠡᠢ︔ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ ︽ᠲᠡᠷᠭᠡ | ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠲᠤᠷᠠᠨ ᠬᠠᠤᠯᠢ ᠬᠡᠷᠡᠭᠵᠢᠭᠦᠯᠬᠦ ᠶᠢ | ᠪᠠᠶᠢᠩᠭᠤᠵᠢᠭᠤᠯᠤᠨ ᠳᠦᠷᠢᠮᠵᠢᠭᠦᠯᠬᠦ ᠠᠵᠢᠯ ᠤᠨ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠣᠲᠣᠭᠠᠳᠤ | ᠶᠢ ᠬᠠᠮᠠᠭᠠᠯᠠᠬᠤ ᠶᠠᠮᠤᠨ ᠤ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠨᠢ ᠪᠣᠭᠤᠨᠢ | ᠬᠠᠪᠲᠠᠭᠠᠶ ᠰᠠᠯᠤᠩᠬᠢ ᠴᠢᠷᠦᠭᠦᠯ ᠲᠡᠷᠭᠡ ᠡᠩ ᠤᠨ ᠡᠳ᠋ ᠪᠠᠷᠠᠭ᠎ᠠ ᠲᠡᠭᠡᠭᠡᠪᠦᠷᠢᠯᠡᠬᠦ ᠶᠢ ᠴᠡᠭᠴᠡᠯᠡᠨ ᠵᠠᠰᠠᠬᠤ ᠠᠵᠢᠯ ᠢ | ᠠᠰ ᠲᠤ ᠨᠢ ᠪᠠᠶᠢᠷᠢᠯᠠᠭᠤᠯᠵᠤ᠂ ᠲᠤᠰᠬᠠᠶ ᠴᠡᠭᠴᠡᠯᠡᠨ ᠵᠠᠰᠠᠬᠤ ᠠᠴᠠ ᠡᠮᠦᠨ᠎ᠡ᠂ ᠲᠡᠷᠭᠡ ᠪᠠᠷᠠᠭ᠎ᠠ ᠶᠢᠨ ᠶᠡᠷᠦᠩᠬᠡᠶ | ᠮᠠᠰ ᠨᠢ ᠬᠡᠮᠵᠢᠶ᠎ᠡ ᠠᠴᠠ ᠬᠡᠲᠦᠷᠡᠭᠦᠯᠦᠭᠰᠡᠨ ᠪᠠ ᠬᠠᠭᠤᠷᠮᠠᠭ ᠫᠠᠶᠢᠰᠠ ᠡᠯᠭᠦᠬᠦ ᠪᠠ ᠲᠡᠷᠭᠡᠨ ᠫᠠᠶᠢᠰᠠ ᠲᠤᠬᠤᠬᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠵᠠᠯᠠᠷᠠᠭᠤᠯᠬᠤ ᠬᠡᠷᠡᠭᠲᠡᠶ᠃ | ᠬᠠᠪᠲᠠᠭᠠᠶ ᠲᠡᠷᠭᠡ ᠡᠩ ᠤᠨ ᠪᠠᠷᠠᠭ᠎ᠠ ᠶᠢ ᠲᠡᠭᠡᠭᠡᠪᠦᠷᠢᠯᠡᠬᠦ ᠨᠢ ᠪᠠᠬᠢᠯᠡᠬᠦ ᠳᠤ ᠬᠦᠴᠢᠷ᠂ ᠪᠠᠷᠠᠭ᠎ᠠ ᠶᠢ ᠤᠨᠠᠭᠠᠵᠤ | ᠮᠡᠳᠡᠨ᠎ᠡ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠂ ᠲᠤᠰ ᠵᠦᠢᠯ ᠤᠨ ᠠᠷᠭ᠎ᠠ ᠪᠠᠷ ᠲᠡᠭᠡᠭᠡᠪᠦᠷᠢᠯᠡᠬᠦ | ᠶᠢ ᠰᠠᠨᠠᠭᠠᠴᠢᠯᠠᠬᠤ ᠦᠭᠡᠢ᠃ | | ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ |