︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ  ᠲᠣᠭᠲᠠᠭᠠᠯ︾ ᠳᠤ ᠵᠠᠰᠠᠪᠤᠷᠢ ᠣᠷᠤᠭᠤᠯᠤᠭᠰᠠᠨ ᠲᠠᠶᠢᠯᠤᠮᠵᠢ
ᠨᠡᠶᠢᠲᠡᠯᠡᠭᠰᠡᠨ ᠴᠠᠭ᠄
2021/11/30
         ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽︿ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾  ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 6 ᠳ᠋ᠤᠭᠠᠷ ᠲᠣᠭᠠᠲᠤ︶ ᠢ ᠨᠡᠶᠢᠲᠡᠯᠡᠭᠰᠡᠨ  ᠪᠥᠭᠡᠳ 7 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ  ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠲᠠᠢ ᠵᠡᠷᠭᠡ ᠪᠠᠷ ᠬᠡᠷᠡᠭᠵᠢᠭᠦᠯᠪᠡ ᠃ ᠬᠤᠯᠪᠣᠭᠳᠠᠯ ᠪᠦᠬᠦᠢ  ᠨᠢᠭᠡᠴᠢ ᠶᠢᠨ ᠬᠠᠮᠢᠶ᠎ᠠ ᠪᠦᠬᠦᠢ ᠠᠭᠤᠯᠭ᠎ᠠ ᠶᠢ ᠨᠡᠩ ᠰᠠᠶᠢᠲᠤᠷ ᠣᠶᠢᠯᠠᠭᠠᠵᠤ᠂ ᠲᠤᠭᠤᠰᠢᠯᠠᠭᠤᠯᠤᠨ ᠬᠡᠷᠡᠭᠵᠢᠭᠦᠯᠬᠦ  ᠠᠵᠢᠯ ᠢ ᠦᠨᠡᠨ ᠬᠦ ᠰᠠᠶᠢᠲᠤᠷ ᠬᠢᠬᠦ ᠳᠤ ᠳᠥᠭᠦᠮ ᠪᠣᠯᠭᠠᠬᠤ ᠶᠢᠨ ᠲᠤᠰᠠᠳᠠ᠂ ᠡᠳᠦᠭᠡ ᠵᠠᠰᠠᠪᠤᠷᠢ ᠣᠷᠣᠭᠤᠯᠤᠭᠰᠠᠨ  ᠠᠬᠤᠶ ᠪᠠᠶᠢᠳᠠᠯ ᠪᠣᠯᠤᠨ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ       ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾   ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠦᠷᠦᠯ ᠵᠦᠢᠯ᠂ ᠬᠡᠷᠡᠭ ᠤᠨ ᠬᠠᠷᠢᠶᠠᠯᠠᠯ᠂ ᠡᠯᠧᠺᠲᠷᠣᠨ  ᠬᠦᠷᠭᠡᠯᠲᠡ᠂ ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ᠂ ᠲᠦᠬᠦᠮ ᠵᠢᠷᠤᠮ ᠤᠨ ᠬᠡᠷᠡᠭ ᠤᠨ  ᠬᠡᠪᠴᠢᠶ᠎ᠡ᠂ ᠬᠡᠷᠡᠭ ᠰᠢᠢᠳᠪᠦᠷᠢᠯᠡᠬᠦ ᠬᠤᠭᠤᠴᠠᠭ᠎ᠠ᠂ ᠬᠡᠷᠡᠭ ᠤᠨ ᠭᠡᠷᠡᠴᠢᠯᠡᠭᠡ ᠰᠣᠨᠣᠰᠬᠤ᠂ ᠬᠠᠤᠯᠢ ᠲᠦᠷᠢᠮ ᠤᠨ  ᠬᠢᠨᠠᠨ ᠬᠠᠷᠭᠤᠭᠤᠯᠤᠯᠲᠠ᠂ ᠵᠣᠭᠤᠰ ᠢᠶᠠᠷ ᠲᠣᠷᠭᠠᠵᠤ ᠭᠦᠢᠴᠡᠳᠬᠡᠬᠦ ᠵᠡᠷᠭᠡ ᠴᠢᠬᠤᠯᠠ ᠠᠭᠤᠯᠭ᠎ᠠ ᠳᠤ ᠨᠡᠯᠢᠶᠡᠳ ᠶᠡᠭᠡ  ᠲᠤᠬᠢᠷᠠᠭᠤᠯᠤᠯᠳᠠ ᠬᠢᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠢᠷᠤᠮ ᠢ ᠤᠯᠠᠮ ᠨᠢᠭᠡ ᠠᠯᠬᠤᠮ  ᠵᠢᠷᠤᠮᠵᠢᠭᠤᠯᠵᠤ᠂ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ  ᠴᠢᠩᠭᠠᠳᠬᠠᠪᠠ᠃ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯᠯᠠᠭᠰᠠᠳ ᠤᠨ ᠬᠠᠤᠯᠢ  ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ  ᠵᠢᠷᠤᠮᠵᠢᠭᠤᠯᠬᠤ ᠶᠢᠨ ᠲᠤᠰᠠᠳᠠ᠂ ᠮᠠᠨ ᠤ ᠶᠠᠮᠤᠨ ᠠᠴᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠵᠢᠷᠤᠮ ᠤᠨ ᠲᠣᠭᠲᠠᠭᠠᠯ︾ ᠳᠤ ᠵᠣᠬᠢᠴᠠᠩᠭᠤᠶ ᠵᠠᠰᠠᠪᠤᠷᠢ ᠣᠷᠣᠭᠤᠯᠪᠠ᠃      ᠬᠤᠶᠠᠷ᠂ ᠭᠤᠣᠯ ᠵᠠᠰᠠᠪᠤᠷᠢ ᠣᠷᠣᠭᠤᠯᠤᠭᠰᠠᠨ ᠠᠭᠤᠯᠭ᠎ᠠ       ︵ᠨᠢᠭᠡ︶ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠨ᠎ᠠ  ᠃ ᠨᠢᠭᠡ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ  ᠬᠠᠤᠯᠢ︾ ᠶᠢ ᠦᠨᠳᠦᠰᠦᠯᠡᠨ᠂ ᠬᠠᠭᠤᠴᠢᠨ ᠬᠠᠤᠯᠢ ᠶᠢ ᠬᠠᠪᠰᠤᠷᠭᠠᠨ ᠬᠦᠡᠭᠭᠡᠨ ᠢᠶᠠᠷ ᠰᠢᠢᠳᠬᠡᠬᠦ ᠬᠠᠤᠯᠢ ᠴᠠᠭᠠᠵᠠ   ᠶᠢ ᠬᠡᠷᠡᠭᠯᠡᠬᠦ ᠲᠦᠷᠢᠮ ᠢ ᠰᠢᠨ᠎ᠡ ᠪᠠᠷ ᠨᠡᠮᠡᠪᠡ︔ ᠬᠤᠶᠠᠷ ᠲᠤ᠂ ᠲᠤᠬᠠᠶ ᠶᠢᠨ ᠲᠠᠯᠠᠪᠤᠷ ᠤᠨ ᠪᠤᠰᠤ ᠬᠠᠤᠯᠢ  ᠬᠡᠷᠡᠭᠵᠢᠭᠦᠯᠬᠦ ᠲᠤᠬᠠᠶ ᠶᠢᠨ ᠬᠥᠮᠦᠨ ᠤ ᠪᠠᠶᠢᠴᠠᠭᠠᠨ ᠯᠠᠪᠯᠠᠬᠤ᠂ ᠲᠣᠭᠠᠴᠢᠯᠲᠠ ᠬᠢᠬᠦ ᠪᠠ ᠵᠥᠪᠲᠦᠭᠡᠨ  ᠲᠣᠳᠣᠷᠬᠠᠶᠢᠯᠠᠬᠤ ᠡᠷᠬᠡ ᠶᠢᠨ ᠪᠠᠲᠤᠯᠠᠭ᠎ᠠ ᠶᠢ ᠲᠣᠳᠣᠷᠬᠠᠶᠢᠯᠠᠪᠠ︔ ᠭᠤᠷᠪᠠ ᠳᠤ᠂ ᠭᠡᠷᠡᠴᠢᠯᠡᠭᠡ ᠰᠣᠨᠣᠰᠬᠤ ᠳᠤ  ᠣᠷᠣᠭᠤᠯᠬᠤ ᠬᠡᠷᠡᠭ ᠤᠨ ᠬᠡᠪᠴᠢᠶ᠎ᠡ ᠶᠢ ᠲᠤᠬᠢᠷᠠᠭᠤᠯᠵᠤ᠂ ᠲᠤᠬᠠᠢ ᠶᠢᠨ ᠬᠥᠮᠦᠨ ᠤ ᠭᠡᠷᠡᠴᠢᠯᠡᠭᠡ ᠰᠣᠨᠣᠰᠬᠤ ᠪᠠᠷ  ᠭᠤᠶᠤᠴᠢᠯᠠᠬᠤ ᠬᠤᠭᠤᠴᠠᠭ᠎ᠠ ᠶᠢ ᠤᠷᠲᠤᠳᠬᠠᠪᠠ᠃ ᠡᠭᠦᠨ ᠤ ᠬᠠᠮᠲᠤ᠂ ᠬᠠᠤᠯᠢ ᠶᠣᠰᠣᠭᠠᠷ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ ᠥᠭᠬᠦ ᠥᠬᠡᠶ ᠪᠠᠶᠢᠪᠠᠯ ᠵᠣᠬᠢᠬᠤ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ  ᠥᠬᠡᠶ ᠪᠠᠶᠢᠵᠤ ᠪᠣᠯᠬᠤ ᠪᠠᠶᠢᠳᠠᠯ ᠢ ᠲᠣᠳᠣᠷᠬᠠᠶ ᠲᠣᠭᠲᠠᠭᠠᠵᠤ᠂ ᠠᠯᠳᠠᠭ᠎ᠠ ᠪᠤᠷᠤᠭᠤ ᠥᠬᠡᠶ ᠪᠣᠯ ᠰᠢᠢᠳᠬᠡᠬᠦ ᠥᠬᠡᠶ᠂  ᠪᠠᠭ᠎ᠠ ᠠᠯᠳᠠᠭ᠎ᠠ ᠪᠤᠷᠤᠭᠤ ᠪᠠᠶᠢᠪᠠᠯ ᠬᠥᠩᠭᠡᠨ ᠢᠶᠠᠷ ᠰᠢᠢᠳᠬᠡᠬᠦ ᠶᠢ ᠪᠠᠷᠢᠮᠲᠠᠯᠠᠨ᠂ ᠰᠢᠢᠳᠬᠡᠬᠦ ᠪᠠ ᠬᠥᠮᠦᠵᠢᠭᠦᠯᠬᠦ ᠶᠢ  ᠤᠶᠠᠯᠳᠤᠭᠤᠯᠬᠤ ᠵᠠᠷᠴᠢᠮ ᠢ ᠢᠯᠡᠷᠡᠭᠦᠯᠵᠦ᠂ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ  ᠭᠦᠶᠴᠡᠳ ᠪᠠᠲᠤᠯᠠᠪᠠ᠃        ︵ᠬᠤᠶᠠᠷ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ  ᠴᠢᠩᠭᠠᠷᠠᠭᠤᠯᠤᠨ᠎ᠠ᠃ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠬᠠᠷᠢᠯᠴᠠᠨ ᠲᠦᠯᠬᠢᠯᠴᠡᠬᠦ᠂ ᠬᠡᠷᠡᠭ ᠢ ᠰᠢᠢᠳᠪᠦᠷᠢᠯᠡᠬᠦ ᠦᠭᠡᠢ ᠤᠳᠠᠭᠠᠰᠢᠷᠠᠭᠤᠯᠬᠤ᠂ ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ ᠶᠢᠨ  ᠪᠠᠶᠢᠴᠠᠭᠠᠯᠲᠠ ᠬᠢᠵᠦ ᠭᠡᠷᠡᠴᠢ ᠠᠪᠬᠤ ᠨᠢ ᠵᠢᠷᠤᠮᠵᠢᠯ ᠦᠭᠡᠢ᠂ ᠲᠦᠬᠦᠮ ᠵᠢᠷᠤᠮ ᠤᠨ ᠬᠠᠤᠯᠢ ᠴᠠᠭᠠᠵᠠ ᠶᠢᠨ ᠪᠢᠴᠢᠭ  ᠬᠠᠷ᠎ᠠ ᠶᠢ ᠵᠣᠬᠢᠶᠠᠭᠰᠠᠨ ᠨᠢ ᠲᠡᠭᠦᠯᠳᠡᠷ ᠪᠤᠰᠤ᠂ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠭᠰᠡᠨ ᠨᠢ ᠵᠢᠷᠤᠮᠵᠢᠯ  ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ  ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢ ᠦᠨᠳᠦᠰᠦᠯᠡᠪᠡᠯ᠂ ᠨᠢᠭᠡ ᠳᠤ᠂ ᠭᠠᠵᠠᠷ ᠣᠷᠣᠨ ᠤ  ᠬᠠᠷᠢᠶᠠᠯᠠᠯ ᠠᠴᠠ ᠭᠠᠳᠠᠨᠠᠬᠢ ᠣᠨᠴᠠᠭᠠᠢ ᠬᠠᠷᠢᠶᠠᠯᠠᠯ ᠤᠨ ᠲᠦᠷᠢᠮ ᠢ ᠲᠣᠭᠲᠠᠭᠠᠵᠤ ᠪᠣᠯᠬᠤ ᠬᠠᠤᠯᠢ ᠴᠠᠭᠠᠵᠠ ᠶᠢᠨ  ᠵᠢᠷᠤᠮᠵᠢᠯ ᠤᠨ ᠱᠠᠲᠤ ᠳᠠᠪᠬᠤᠷᠭ᠎ᠠ ᠶᠢ ᠲᠣᠳᠣᠷᠬᠠᠢ ᠲᠣᠭᠲᠠᠭᠠᠵᠤ᠂ ᠳᠡᠭᠡᠳᠦ ᠱᠠᠲᠤᠨ ᠤ ᠵᠠᠮ ᠬᠠᠷᠢᠯᠴᠠᠭ᠎ᠠ  ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠶᠠᠯᠠᠯ ᠢ ᠰᠢᠭᠤᠳ ᠵᠢᠭᠠᠨ ᠲᠣᠭᠲᠠᠭᠠᠬᠤ  ᠲᠣᠭᠲᠠᠭᠠᠯ ᠢ ᠨᠡᠮᠡᠪᠡ︔ ᠬᠤᠶᠠᠷ ᠲᠤ᠂ ᠡᠯᠧᠺᠲᠷᠣᠨ ᠢᠶᠠᠷ ᠬᠢᠨᠠᠨ ᠡᠵᠡᠮᠳᠡᠬᠦ ᠲᠥᠬᠦᠭᠡᠷᠦᠮᠵᠢ ᠶᠢ ᠪᠠᠶᠢᠷᠢᠯᠠᠭᠤᠯᠬᠤ᠂  ᠬᠡᠷᠡᠭᠯᠡᠬᠦ ᠪᠠ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠬᠤ ᠶᠢ ᠵᠢᠷᠤᠮᠵᠢᠭᠤᠯᠪᠠ︔ ᠭᠤᠷᠪᠠ ᠳᠤ᠂ ᠲᠤᠬᠠᠶ ᠶᠢᠨ  ᠲᠠᠯᠠᠪᠤᠷ ᠲᠤ ᠨᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠲᠣᠭᠲᠠᠭᠠᠯ ᠤᠨ ᠪᠢᠴᠢᠭ ᠲᠤ ᠲᠡᠮᠳᠡᠭᠯᠡᠭᠰᠡᠨ ᠵᠦᠶᠯᠡᠰ᠂ ᠰᠢᠢᠳᠬᠡᠯ ᠲᠣᠷᠭᠠᠭᠤᠯᠢ ᠥᠭᠬᠦ ᠲᠣᠭᠲᠠᠭᠠᠯ ᠢ ᠵᠠᠷᠯᠠᠨ ᠨᠡᠶᠢᠲᠡᠯᠡᠵᠦ ᠪᠤᠴᠠᠭᠠᠭᠰᠠᠨ ᠪᠠᠶᠢᠳᠠᠯ ᠵᠡᠷᠭᠡ  ᠬᠤᠯᠪᠣᠭᠳᠠᠯ ᠪᠥᠬᠦᠶ ᠠᠭᠤᠯᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ  ᠵᠢᠷᠤᠮᠵᠢᠭᠤᠯᠪᠠ᠃ ᠡᠭᠦᠨ ᠤ ᠬᠠᠮᠲᠤ᠂ ᠱᠠᠳᠤ ᠳᠠᠪᠬᠤᠷᠭ᠎ᠠ ᠶᠢᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠯᠠᠮ  ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ  ᠲᠦᠷᠢᠮ ᠢ ᠲᠡᠭᠦᠯᠳᠡᠷᠵᠢᠭᠦᠯᠬᠦ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ᠂ ᠬᠠᠤᠯᠢ ᠶᠢ  ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠬᠤ ᠲᠤᠬᠠᠢ ᠲᠣᠭᠲᠠᠭᠠᠯ ᠢ ᠰᠢᠨ᠎ᠡ ᠪᠠᠷ ᠨᠡᠮᠡᠪᠡ᠃       ︵ᠭᠤᠷᠪᠠ︶ ᠬᠡᠷᠡᠭ ᠰᠢᠢᠳᠪᠦᠷᠢᠯᠡᠬᠦ ᠵᠢᠷᠤᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠰᠢᠨ᠎ᠡ ᠪᠠᠷ  ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢ ᠦᠨᠳᠦᠰᠦᠯᠡᠪᠡᠯ᠂  ᠨᠢᠭᠡ ᠳᠤ᠂ ᠡᠩ ᠤᠨ ᠵᠢᠷᠤᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠡᠷᠡᠭ ᠢ  ᠰᠢᠢᠳᠪᠦᠷᠢᠯᠡᠬᠦ ᠬᠤᠭᠤᠴᠠᠭ᠎ᠠ ᠵᠢᠴᠢ ᠬᠡᠷᠡᠭ ᠰᠢᠢᠳᠪᠦᠷᠢᠯᠡᠬᠦ ᠬᠤᠭᠤᠴᠠᠭ᠎ᠠ ᠶᠢ ᠤᠷᠲᠤᠳᠬᠠᠬᠤ ᠣᠨᠴᠠᠭᠠᠢ ᠪᠠᠶᠢᠳᠠᠯ ᠢ  ᠲᠣᠳᠣᠷᠬᠠᠶᠢᠯᠠᠪᠠ︔ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠳᠦᠷᠢᠮ ᠤᠨ ᠬᠢᠨᠠᠨ ᠬᠠᠷᠭᠤᠭᠤᠯᠬᠤ  ᠬᠡᠪᠴᠢᠶ᠎ᠡ ᠶᠢ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠪᠣᠯᠭᠠᠨ ᠲᠣᠬᠢᠷᠠᠭᠤᠯᠬᠤ  ᠶᠢᠨ  ᠬᠠᠮᠲᠤ᠂ ᠪᠠᠶᠢᠳᠠᠯ ᠢ ᠨᠢ ᠲᠣᠳᠣᠷᠬᠠᠶᠢᠯᠠᠬᠤ ᠬᠡᠷᠡᠭᠲᠡᠶ︔ ᠬᠦᠨᠳᠦ ᠶᠡᠭᠡ ᠬᠡᠷᠡᠭ ᠢ ᠬᠠᠮᠲᠤ ᠪᠠᠷ ᠶᠠᠷᠢᠯᠴᠠᠬᠤ ᠬᠡᠪᠴᠢᠶᠡᠨ ᠳᠤ ᠣᠷᠣᠭᠤᠯᠤᠭᠰᠠᠨ ᠬᠡᠷᠡᠭ ᠤᠨ ᠬᠡᠪᠴᠢᠶ᠎ᠡ ᠶᠢ ᠲᠣᠬᠢᠷᠠᠭᠤᠯᠵᠤ᠂ ᠡᠩ ᠤᠨ ᠵᠢᠷᠤᠮ ᠢ ᠤᠯᠠᠮ ᠨᠢᠭᠡ  ᠠᠯᠬᠤᠮ ᠵᠢᠷᠤᠮᠵᠢᠭᠤᠯᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠣᠰᠣᠴᠢ ᠴᠢᠨᠠᠷ ᠢ  ᠪᠠᠲᠤᠯᠠᠪᠠ᠃ ᠬᠤᠶᠠᠷ ᠲᠤ᠂ ᠲᠥᠬᠦᠮ ᠵᠢᠷᠤᠮ ᠢ ᠲᠣᠬᠢᠷᠠᠭᠤᠯᠤᠨ ᠲᠡᠭᠦᠯᠳᠡᠷᠵᠢᠭᠦᠯᠪᠡ᠃ ᠬᠡᠷᠡᠭ ᠰᠢᠢᠳᠪᠦᠷᠢᠯᠡᠬᠦ  ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠲᠤᠬᠠᠢ ᠶᠢᠨ ᠲᠠᠯᠠᠪᠤᠷ ᠲᠤ ᠨᠢ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ ᠥᠭᠬᠦ ᠲᠣᠭᠲᠠᠭᠠᠯ ᠭᠠᠷᠭᠠᠬᠤ ᠬᠡᠷᠡᠭ ᠤᠨ ᠬᠡᠪᠴᠢᠶ᠎ᠡ ᠳᠤ ᠲᠤᠬᠢᠷᠠᠭᠤᠯᠤᠯᠳᠠ ᠬᠢᠵᠦ᠂ ᠬᠠᠤᠯᠢ  ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠭᠤᠷᠪᠠ ᠳᠤ᠂ ᠬᠡᠷᠡᠭᠵᠢᠭᠦᠯᠬᠦ ᠲᠠᠯ᠎ᠠ ᠪᠠᠷ᠂ ᠲᠤᠬᠠᠶ ᠶᠢᠨ  ᠲᠠᠯᠠᠪᠤᠷ ᠲᠤ ᠨᠢ ᠲᠣᠷᠭᠠᠭᠤᠯᠢ ᠶᠢᠨ ᠵᠣᠭᠤᠰ ᠬᠤᠷᠢᠶᠠᠨ ᠲᠤᠰᠢᠶᠠᠯᠭᠠᠬᠤ ᠬᠡᠷᠡᠭ ᠤᠨ ᠬᠡᠷᠡᠭᠯᠡᠬᠦ ᠬᠡᠪᠴᠢᠶ᠎ᠡ ᠳᠤ  ᠲᠣᠬᠢᠷᠠᠭᠤᠯᠤᠯᠲᠠ ᠬᠢᠵᠦ᠂ ᠲᠣᠷᠭᠠᠭᠤᠯᠢ ᠶᠢᠨ ᠵᠣᠭᠤᠰ ᠢ ᠬᠤᠶᠢᠰᠢᠯᠠᠭᠤᠯᠬᠤ᠂ ᠬᠤᠭᠤᠴᠠᠭ᠎ᠠ ᠬᠤᠪᠢᠶᠠᠨ  ᠲᠤᠰᠢᠶᠠᠯᠭᠠᠬᠤ ᠭᠤᠶᠤᠴᠢᠯᠠᠯ ᠢ ᠠᠯᠪᠠᠲᠠᠨ ᠭᠦᠶᠴᠡᠳᠬᠡᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ  ᠲᠣᠳᠣᠷᠬᠠᠶᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃ ᠡᠭᠦᠨ ᠤ ᠬᠠᠮᠲᠤ᠂ ᠬᠠᠤᠯᠢ  ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠬᠠᠶ ᠶᠢᠨ ᠬᠥᠮᠦᠨ ᠳᠤ ᠲᠥᠬᠦᠮ ᠦᠵᠡᠭᠦᠯᠬᠦ ᠶᠢᠨ  ᠲᠥᠯᠥᠭᠡ᠂ ᠡᠯᠧᠺᠲᠷᠣᠨ ᠢᠶᠠᠷ ᠬᠠᠤᠯᠢ ᠴᠠᠭᠠᠵᠠ ᠶᠢᠨ ᠪᠢᠴᠢᠭ ᠬᠠᠷ᠎ᠠ ᠬᠦᠷᠭᠡᠬᠦ ᠬᠡᠪᠴᠢᠶ᠎ᠡ ᠶᠢ ᠥᠷᠭᠡᠳᠬᠡᠪᠡ᠃      ᠰᠢᠯᠵᠢᠭᠦᠯᠦᠨ ᠨᠡᠶᠢᠲᠡᠯᠡᠬᠦ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ       ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︿ᠵᠠᠮ  ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠤᠨ ᠲᠣᠭᠲᠠᠭᠠᠯ﹀ ᠳᠤ  ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ  ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 6 ᠳ᠋ᠤᠭᠠᠷ ᠲᠣᠭᠠᠲᠤ︶       ᠢᠷᠡᠯᠲᠡ᠄  ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号