︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ 2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ  ᠭᠤᠤᠯᠳᠠᠯᠭ᠎ᠠ︾ ᠶᠢᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/11/30
        ᠨᠢᠭᠡ᠂ ᠲᠣᠭᠤᠷᠪᠢᠬᠤ ᠠᠬᠤᠶ ᠪᠠᠶᠢᠳᠠᠯ       ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ  ᠶᠢ ᠲᠦᠷᠭᠡᠳᠬᠡᠨ  ᠪᠠᠶᠢᠭᠤᠯᠬᠤ ᠪᠣᠯ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠲᠦᠮᠡᠨ ᠤ  ᠬᠠᠨᠤᠮᠵᠢᠲᠠᠶ ᠵᠠᠮ ᠬᠠᠷᠢᠯᠴᠠᠭ᠎ᠠ ᠶᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠲᠥᠪ  ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠲᠤᠬᠠᠶ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠮ  ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ  ᠲᠤᠬᠠᠶ ᠪᠦᠬᠦᠯᠢ ᠴᠣᠭᠴᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠤᠨ ᠬᠢᠨ ᠰᠢ ᠶᠢᠨ ᠫᠢᠩ ᠤᠨ  ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ  ᠵᠢᠯᠣᠭᠤᠳᠣᠯᠭ᠎ᠠ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠡᠷᠬᠡ ᠠᠰᠢᠭ ᠢ ᠬᠠᠮᠠᠭᠠᠯᠠᠬᠤ᠂ ᠪᠣᠯᠭᠤᠮᠵᠢᠲᠠᠶ  ᠪᠥᠭᠡᠳ ᠲᠣᠬᠢᠷᠠᠮᠵᠢᠲᠠᠶ ᠪᠠᠶᠢᠯᠭᠠᠬᠤ᠂ ᠨᠠᠷᠢᠨ ᠬᠠᠭᠤᠳᠠᠰᠤ ᠶᠢ ᠬᠠᠮᠢᠶᠠᠷᠬᠤ ᠶᠡᠷᠦᠩᠬᠡᠶ ᠰᠡᠳᠬᠢᠮᠵᠢ ᠶᠣᠰᠣᠭᠠᠷ᠂ ︽ ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢᠨ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂  ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠡᠯ᠎ᠡ ᠵᠦᠢᠯ ᠤᠨ  ᠠᠵᠢᠯ ᠤᠨ ᠱᠠᠭᠠᠷᠳᠠᠯᠭ᠎ᠠ ᠵᠢᠴᠢ ᠮᠠᠨ ᠤ ᠲᠢᠩᠬᠢᠮ ᠤᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠢᠲᠡᠭᠡᠮᠵᠢ ᠪᠠ  ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠲᠦᠷᠭᠡᠳᠬᠡᠵᠦ᠂ ᠦᠨᠡᠨᠴᠢ ᠢᠲᠡᠭᠡᠮᠵᠢ ᠶᠢᠨ  ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠤ᠂ ᠠᠵᠢᠯ  ᠲᠥᠷᠥᠯ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠣᠰ ᠭᠤᠤᠯᠳᠠᠯᠭ᠎ᠠ ᠶᠢ ᠲᠤᠭᠤᠷᠪᠢᠪᠠ᠃      ᠬᠤᠶᠠᠷ᠂ ᠭᠤᠣᠯ ᠠᠭᠤᠯᠭ᠎ᠠ ᠪᠠ ᠦᠨᠳᠦᠰᠦᠨ ᠪᠣᠷᠣ ᠲᠥᠯᠥᠪ      ︽ᠭᠤᠤᠯᠳᠠᠯᠭ᠎ᠠ︾ ᠨᠢ ᠭᠤᠤᠯᠳᠠᠭᠤ 5 ᠬᠡᠰᠡᠭ᠂ 14 ᠵᠦᠢᠯ ᠤᠨ ᠠᠵᠢᠯ ᠤᠨ ᠡᠭᠦᠷᠭᠡ ᠪᠠᠷ ᠪᠦᠷᠢᠯᠳᠦᠪᠡ᠃      ᠨᠢᠭᠡᠳᠦᠭᠡᠷ ᠬᠡᠰᠡᠭ ᠨᠢ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠡᠶᠢᠭᠡᠮ ᠤᠨ  ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠣᠭᠤᠰᠢᠯᠠᠭᠤᠯᠬᠤ ᠵᠢᠴᠢ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢ ᠤᠯᠠᠮ ᠨᠢᠭᠡ ᠠᠯᠬᠤᠮ ᠡᠭᠦᠳᠦᠨ  ᠪᠠᠶᠢᠭᠤᠯᠬᠤ ᠲᠠᠯ᠎ᠠ ᠪᠠᠷ᠂ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠠ᠃       ᠬᠤᠶᠠᠳᠤᠭᠠᠷ ᠬᠡᠰᠡᠭ ᠨᠢ ᠢᠲᠡᠭᠡᠮᠵᠢ ᠪᠠ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ  ᠠᠬᠢᠭᠤᠯᠤᠨ᠎ᠠ᠃ ᠭᠤᠤᠯᠳᠠᠭᠤ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠳᠡᠯᠭᠡᠷᠡᠭᠦᠯᠬᠦ᠂ ᠢᠲᠡᠭᠡᠮᠵᠢ ᠶᠢᠨ  ᠦᠨᠡᠯᠡᠯᠲᠡ ᠬᠢᠬᠦ ᠪᠠ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠥᠷᠨᠢᠭᠦᠯᠬᠦ᠂ ᠢᠲᠡᠭᠡᠮᠵᠢ ᠲᠠᠢ ᠪᠠᠶᠢᠬᠤ ᠶᠢ  ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ ᠥᠷᠨᠢᠭᠦᠯᠬᠦ᠂ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠠᠶᠢᠭᠤᠯᠬᠤ ᠵᠡᠷᠭᠡ 4 ᠲᠠᠯ᠎ᠠ ᠠᠴᠠ ᠠᠵᠢᠯ ᠤᠨ ᠱᠠᠭᠠᠷᠳᠠᠯᠭ᠎ᠠ ᠳᠤᠷᠠᠳᠪᠠ᠃       ᠭᠤᠷᠪᠠᠳᠤᠭᠠᠷ ᠬᠡᠰᠡᠭ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠲᠤᠭ᠎ᠠ ᠪᠠᠷᠢᠮᠲᠠ ᠶᠢᠨ  ᠰᠠᠭᠤᠷᠢ ᠶᠢ ᠪᠠᠬᠢᠵᠢᠭᠦᠯᠦᠨ᠎ᠡ᠃ ᠭᠤᠤᠯᠳᠠᠭᠤ ᠢᠲᠡᠭᠡᠮᠵᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ᠢᠲᠡᠭᠡᠮᠵᠢ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠡᠷᠡᠭᠯᠡᠯᠲᠡ ᠶᠢ ᠵᠢᠷᠤᠮᠵᠢᠭᠤᠯᠤᠨ ᠥᠷᠨᠢᠭᠦᠯᠬᠦ 2 ᠲᠠᠯ᠎ᠠ ᠠᠴᠠ ᠠᠵᠢᠯ ᠤᠨ ᠱᠠᠭᠠᠷᠳᠠᠯᠭ᠎ᠠ ᠳᠤᠷᠠᠳᠪᠠ᠃       ᠳᠥᠷᠪᠡᠳᠦᠭᠡᠷ ᠬᠡᠰᠡᠭ ᠨᠢ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ  ᠦᠷᠭᠦᠯᠵᠢᠯᠡᠨ ᠲᠦᠯᠬᠢᠨ ᠠᠬᠢᠭᠤᠯᠤᠨ᠎ᠠ᠃ ᠭᠤᠤᠯᠳᠠᠭᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ  ᠪᠠᠶᠢᠭᠤᠯᠤᠯᠲᠠ ᠶᠢ ᠴᠢᠩᠭᠠᠳᠬᠠᠬᠤ᠂ ᠠᠯᠪᠠᠲᠠᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ᠂  ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠰᠠᠶᠢᠲᠤᠷ ᠬᠢᠬᠦ᠂ ᠢᠲᠡᠭᠡᠮᠵᠢ ᠶᠢᠨ ᠪᠣᠯᠪᠠᠰᠤᠷᠠᠯ ᠢ ᠥᠷᠨᠢᠭᠦᠯᠬᠦ᠂  ᠢᠲᠡᠭᠡᠮᠵᠢ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠭᠠᠨ ᠢ ᠴᠢᠩᠭᠠᠳᠬᠠᠬᠤ ᠵᠡᠷᠭᠡ 5 ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠪᠠ᠃       ᠲᠠᠪᠤᠳᠤᠭᠠᠷ ᠬᠡᠰᠡᠭ ᠨᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠲᠤᠯᠠᠭ᠎ᠠ ᠶᠢ  ᠴᠢᠩᠭᠠᠳᠬᠠᠨ᠎ᠠ᠃ ᠭᠤᠤᠯᠳᠠᠭᠤ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ᠂ ᠢᠲᠡᠭᠡᠮᠵᠢ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠢᠲᠡᠭᠡᠮᠵᠢ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠢᠯ ᠤᠨ  ᠱᠠᠭᠠᠷᠳᠠᠯᠭ᠎ᠠ ᠳᠤᠷᠠᠳᠪᠠ᠃       ᠭᠤᠷᠪᠠ᠂ ᠡᠭᠦᠷᠭᠡ ᠶᠢᠨ ᠱᠠᠭᠠᠷᠳᠠᠯᠭ᠎ᠠ       ᠨᠢᠭᠡ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠲᠢᠩᠬᠢᠮ ᠤᠨ ᠢᠲᠡᠭᠡᠮᠵᠢ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂  ᠳᠡᠭᠡᠳᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠰᠠᠭᠠᠳ ᠥᠬᠡᠶ ᠪᠥᠭᠡᠳ ᠪᠦᠲᠦᠮᠵᠢᠲᠡᠶ ᠠᠵᠢᠯ ᠤᠨ  ᠲᠣᠭᠲᠠᠴᠠ ᠶᠢ ᠪᠠᠶᠢᠭᠤᠯᠤᠨ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ  ᠵᠢᠯᠣᠭᠤᠳᠴᠤ ᠠᠬᠢᠭᠤᠯᠤᠨ᠎ᠠ᠃ ᠢᠲᠡᠭᠡᠮᠵᠢ ᠶᠢᠨ ᠠᠵᠢᠯ ᠢ ᠨᠡᠶᠢᠲᠡᠯᠡᠨ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠵᠤ ᠂ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠰᠢᠮᠳᠠᠭᠤᠯᠤᠨ ᠪᠠᠶᠢᠴᠠᠭᠠᠵᠤ᠂ ᠢᠲᠡᠭᠡᠮᠵᠢ ᠶᠢᠨ  ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃       ᠬᠤᠶᠠᠷ ᠲᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠬᠠᠷᠢᠭᠤᠴᠠᠯᠭᠠᠲᠤ ᠰᠠᠯᠠᠭ᠎ᠠ  ᠮᠥᠴᠢᠷ ᠤᠨ ᠬᠢᠨ ᠲᠥᠰᠦᠯ ᠲᠠᠢ ᠬᠠᠷᠢᠴᠠᠭᠤᠯᠤᠨ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠠᠵᠢᠯ ᠤᠨ  ᠲᠥᠰᠦᠯ ᠲᠣᠭᠲᠠᠭᠠᠵᠤ᠂ ᠴᠠᠭ ᠤᠨ ᠠᠬᠢᠴᠠ᠂ ᠪᠣᠳᠠᠲᠠᠶ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ  ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃        ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ 2021 ᠣᠨ ᠤ ᠢᠲᠡᠭᠡᠮᠵᠢ ᠶᠢᠨ ᠰᠢᠰᠲ᠋ᠧᠮᠵᠢ ᠶᠢᠨ  ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ       ᠢᠷᠡᠯᠲᠡ᠄   ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号