| | ᠥᠪᠥᠷ ᠮᠣᠩᠭᠤᠯ ᠣᠷᠣᠨ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠪᠠ | ᠣᠶᠢᠷ᠎ᠠ ᠳᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ《 ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠵᠤ | ᠡᠷᠦᠭᠡ ᠠᠮᠠ ᠶᠢᠨ ᠳᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ | ᠰᠠᠨᠠᠯ》 ᠢ ᠳᠣᠷᠣᠭᠰᠢ ᠪᠠᠭᠤᠯᠭᠠᠵᠤ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ | ᠲᠠᠯ᠎ᠠ ᠪᠠᠷ ᠴᠢᠯᠦᠭᠡᠲᠡᠢ ᠪᠣᠯᠭᠠᠵᠤ᠂ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠪᠣᠯᠤᠨ ᠪᠤᠰᠤᠳ ᠪᠠᠶᠢᠩᠭᠤ ᠰᠠᠭᠤᠭ᠎ᠠ ᠬᠥᠮᠥᠨ | ᠠᠮᠠ ᠶᠢ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠠᠬᠢᠭᠤᠯᠵᠤ᠂ ᠪᠠᠶᠢᠩᠭᠤ ᠣᠷᠣᠰᠢᠨ ᠰᠠᠭᠤᠬᠤ | ᠭᠠᠵᠠᠷ ᠲᠠᠭᠠᠨ ᠡᠷᠦᠭᠡ ᠠᠮᠠ ᠳᠠᠩᠰᠠᠯᠠᠭᠤᠯᠬᠤ ᠪᠠᠷ ᠦᠨᠳᠦᠰᠦᠨ ᠬᠡᠯᠪᠡᠷᠢ ᠪᠣᠯᠭᠠᠭᠰᠠᠨ ᠡᠷᠦᠬᠡ ᠠᠮᠠ ᠶᠢᠨ | ᠳᠠᠩᠰᠠᠯᠠᠯᠲᠠ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ ᠭᠡᠵᠦ ᠳᠤᠷᠠᠳᠴᠠᠢ᠃ | ᠰᠠᠨᠠᠯ ᠳᠤ ᠳᠤᠷᠠᠳᠤᠭᠰᠠᠨ ᠨᠢ᠂ ᠡᠷᠦᠭᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠳᠤ ᠤᠯᠠᠮ ᠨᠢᠭᠡ | ᠠᠯᠬᠤᠮ ᠲᠣᠬᠢᠷᠠᠭᠤᠯᠤᠯᠲᠠ ᠬᠢᠵᠦ᠂ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ | ᠲᠠᠯ᠎ᠠ ᠪᠠᠷ ᠴᠢᠯᠦᠭᠡᠲᠡᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢᠨ | ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ ᠪᠤᠶᠤ ᠠᠵᠢᠯ ᠣᠯᠣᠭᠰᠠᠨ ᠭᠠᠵᠠᠷ ᠲᠠᠭᠠᠨ ᠡᠷᠦᠭᠡ ᠠᠮᠠ ᠣᠷᠣᠬᠤ ᠶᠢ | ᠵᠥᠪᠰᠢᠶᠡᠷᠡᠨ᠎ᠡ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠰᠤᠷᠭᠠᠭᠤᠯᠢ ᠳᠡᠪᠰᠢᠬᠦ ᠪᠠ ᠴᠡᠷᠢᠭ ᠲᠤ | ᠡᠯᠰᠡᠭᠳᠡᠵᠦ ᠬᠤᠲᠠ ᠪᠠᠯᠭᠠᠰᠤᠨ ᠳᠤ ᠣᠷᠣᠭᠰᠠᠨ ᠬᠥᠮᠥᠨ ᠠᠮᠠ ᠶᠢᠨ ᠡᠷᠦᠭᠡ ᠠᠮᠠ ᠣᠷᠣᠬᠤ ᠬᠢᠵᠠᠭᠠᠷᠯᠠᠯ ᠢ ᠪᠦᠬᠦ | ᠲᠠᠯ᠎ᠠ ᠪᠠᠷ ᠴᠢᠯᠦᠭᠡᠲᠡᠢ ᠪᠣᠯᠭᠠᠨ᠎ᠠ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠠᠵᠢᠯᠴᠢᠨ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠳ ᠤᠨ | ᠡᠷᠦᠭᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠂ ᠪᠤᠰᠤᠳ ᠪᠠᠶᠢᠩᠭᠤ ᠰᠠᠭᠤᠭ᠎ᠠ | ᠬᠥᠮᠥᠨ ᠠᠮᠠ ᠶᠢᠨ ᠬᠤᠲᠠ ᠪᠠᠯᠭᠠᠰᠤᠨ ᠳᠤ ᠡᠷᠦᠭᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠦᠭᠡᠲᠡᠢ | ᠪᠣᠯᠭᠠᠨ᠎ᠠ᠂ ᠬᠥᠬᠡᠬᠤᠲᠠ ᠪᠤᠭᠤᠲᠤ ᠣᠷᠳᠣᠰ ᠤᠨ ᠬᠤᠲᠠ ᠶᠢᠨ ᠪᠥᠭᠡᠮᠨᠡᠷᠡᠯ ᠳᠤ ᠡᠷᠦᠭᠡ ᠠᠮᠠ ᠶᠢ ᠴᠢᠯᠦᠭᠡᠲᠡᠢ | ᠰᠢᠯᠵᠢᠭᠦᠯᠬᠦ ᠳᠦᠷᠢᠮ ᠢ ᠬᠡᠷᠡᠭᠵᠢᠭᠦᠯᠦᠨ᠎ᠡ᠃ ᠡᠭᠦᠨ ᠳᠤ᠂ ᠬᠤᠲᠠ᠂ ᠪᠠᠶᠢᠭᠤᠯᠤᠯᠲᠦ ᠪᠠᠯᠭᠠᠰᠤᠨ ᠳᠤ ᠰᠠᠭᠤᠷᠢᠰᠢᠨ | ᠠᠮᠢᠳᠤᠷᠠᠵᠤ ᠪᠠᠶᠢᠭ᠎ᠠ ᠲᠠᠷᠢᠶᠠᠯᠠᠬᠤ ᠮᠠᠯᠵᠢᠬᠤ ᠣᠷᠣᠨ ᠤ ᠡᠷᠦᠭᠡ ᠠᠮᠠ ᠪᠦᠬᠦᠢ ᠬᠥᠮᠥᠨ ᠬᠠᠤᠯᠢ ᠶᠣᠰᠣᠨ ᠤ | ᠲᠣᠭᠲᠠᠪᠤᠷᠢᠲᠠᠢ ᠣᠷᠣᠨ ᠰᠠᠭᠤᠴᠠ ︵ᠲᠦᠷᠢᠶᠡᠰᠦᠯᠡᠭᠰᠡᠨ ᠢ ᠪᠠᠭᠲᠠᠭᠠᠨ᠎ᠠ︶ ᠶᠢᠨ ᠨᠥᠬᠦᠴᠡᠯ ᠢᠶᠠᠷ ᠢᠶᠠᠨ ᠬᠤᠲᠠ | ᠪᠠᠯᠭᠠᠰᠤᠨ ᠳᠤ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠪᠠᠰᠠ ᠬᠠᠤᠯᠢ ᠶᠣᠰᠣᠨ ᠤ ᠲᠣᠭᠲᠠᠪᠤᠷᠢᠲᠠᠢ | ᠠᠵᠢᠯ ᠤᠨ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠃ | ᠲᠠᠷᠢᠶᠠᠯᠠᠬᠤ ᠮᠠᠯᠵᠢᠬᠤ ᠣᠷᠣᠨ ᠤ ᠡᠷᠦᠭᠡ ᠠᠮᠠ ᠪᠦᠬᠦᠢ ᠬᠥᠮᠥᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ | ᠬᠤᠲᠠ᠂ ᠪᠠᠶᠢᠭᠤᠯᠤᠯᠲᠤ ᠪᠠᠯᠭᠠᠰᠤᠨ ᠳᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠪᠤᠶᠤ ᠬᠠᠤᠯᠢ | ᠶᠣᠰᠣᠨ ᠤ ᠲᠣᠭᠲᠠᠪᠤᠷᠢᠲᠠᠢ ᠠᠵᠢᠯ ᠲᠠᠢ ᠪᠠᠶᠢᠪᠠᠯ᠂ ᠲᠤᠰ ᠬᠥᠮᠥᠨ ᠵᠢᠴᠢ ᠬᠠᠮᠲᠤ ᠠᠮᠢᠳᠤᠷᠠᠵᠤ ᠪᠠᠶᠢᠭ᠎ᠠ | ᠬᠤᠯᠪᠤᠰᠤ᠂ ᠣᠶᠢᠷ᠎ᠠ ᠬᠡᠦᠬᠡᠳ᠂ ᠣᠮᠪᠣᠯᠣ ︵ᠵᠢᠭᠡ ᠣᠮᠪᠣᠯᠣ︶ ᠪᠠ ᠡᠷ᠎ᠡ ᠡᠮ᠎ᠡ ᠬᠤᠶᠠᠭᠤᠯᠠ ᠶᠢᠨ ᠠᠪᠤ ᠡᠵᠢ ᠨᠢ | ᠰᠠᠭᠤᠭ᠎ᠠ ᠭᠠᠵᠠᠷ ᠪᠤᠶᠤ ᠠᠵᠢᠯ ᠣᠯᠣᠭᠰᠠᠨ ᠭᠠᠵᠠᠷ ᠲᠠᠭᠠᠨ ᠪᠠᠶᠢᠩᠭᠤ ᠡᠷᠦᠭᠡ ᠠᠮᠠ ᠳᠠᠩᠰᠠᠯᠠᠭᠤᠯᠬᠤ ᠪᠠᠷ | ᠭᠤᠶᠤᠴᠢᠯᠠᠵᠤ ᠪᠣᠯᠣᠨ᠎ᠠ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ | ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠵᠤ ᠦᠭᠡᠢ᠃ ᠲᠠᠷᠢᠶᠠᠯᠠᠬᠤ ᠮᠠᠯᠵᠢᠬᠤ | ᠣᠷᠣᠨ ᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠳᠤ ᠰᠢᠯᠭᠠᠨ ᠣᠷᠣᠭᠰᠠᠨ ᠰᠤᠷᠤᠭᠴᠢᠳ᠂ ᠲᠤᠰ ᠬᠥᠮᠥᠨ ᠤ ᠬᠦᠰᠡᠯ ᠤᠨ ᠶᠣᠰᠣᠭᠠᠷ᠂ | ᠰᠤᠷᠭᠠᠭᠤᠯᠢ ᠳᠤ ᠣᠷᠣᠬᠤ ᠦᠶ᠎ᠡ ᠳᠡᠭᠡᠨ ᠪᠤᠶᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠡᠷᠦᠭᠡ ᠠᠮᠠ ᠪᠠᠨ | ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠢᠶᠠᠨ ᠬᠠᠮᠲᠤ ᠶᠢᠨ ᠡᠷᠦᠭᠡ ᠳᠤ ᠰᠢᠯᠵᠢᠭᠦᠯᠦᠨ ᠣᠷᠣᠭᠤᠯᠵᠤ ᠪᠣᠯᠣᠨ᠎ᠠ᠃ | ᠰᠤᠷᠤᠯᠭ᠎ᠠ ᠲᠡᠭᠦᠰᠦᠭᠰᠡᠨ ᠤ ᠳᠠᠷᠠᠭ᠎ᠠ᠂ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠡᠷᠦᠭᠡ ᠠᠮᠠ ᠪᠠᠨ ᠪᠠᠶᠢᠩᠭᠤ | ᠰᠠᠭᠤᠭ᠎ᠠ ᠭᠠᠵᠠᠷ᠂ ᠠᠵᠢᠯ ᠣᠯᠣᠭᠰᠠᠨ ︵ᠠᠳᠠᠯ ᠦᠢᠯᠡᠰ ᠴᠣᠭᠴᠠᠯᠠᠭᠰᠠᠨ︶ ᠭᠠᠵᠠᠷ ᠪᠤᠶᠤ ᠰᠤᠷᠭᠠᠭᠤᠯᠢ ᠳᠤ | ᠣᠷᠣᠬᠤ ᠠᠴᠠ ᠡᠮᠦᠨᠡᠬᠢ ᠡᠷᠦᠭᠡ ᠠᠮᠠ ᠶᠢᠨ ᠳᠠᠩᠰᠠ ᠶᠢᠨ ᠭᠠᠵᠠᠷ ᠲᠠᠭᠠᠨ ᠰᠢᠯᠵᠢᠭᠦᠯᠵᠦ ᠪᠣᠯᠣᠨ᠎ᠠ᠃ ᠴᠡᠷᠢᠭ ᠤᠨ | ᠠᠯᠪᠠ ᠠᠴᠠ ᠪᠠᠭᠤᠭᠰᠠᠨ ᠲᠠᠷᠢᠶᠠᠯᠠᠬᠤ ᠮᠠᠯᠵᠢᠬᠤ ᠣᠷᠣᠨ ᠤ ᠡᠷᠦᠭᠡ ᠠᠮᠠ ᠪᠦᠬᠦᠢ ᠠᠯᠪᠠᠨ ᠵᠢᠷᠤᠮ ᠤᠨ ᠴᠡᠷᠢᠭ ᠪᠠ | ᠪᠠᠭ᠎ᠠ ᠤᠹᠢᠽᠧᠷ ᠪᠣᠯ᠂ ᠲᠤᠰ ᠬᠥᠮᠥᠨ ᠤ ᠬᠦᠰᠡᠯ ᠶᠣᠰᠣᠭᠠᠷ᠂ ᠪᠠᠶᠢᠩᠭᠤ ᠰᠠᠭᠤᠭ᠎ᠠ ᠭᠠᠵᠠᠷ ᠲᠠᠭᠠᠨ ᠡᠷᠦᠭᠡ ᠠᠮᠠ | ᠳᠠᠩᠰᠠᠯᠠᠭᠤᠯᠬᠤ ᠵᠠᠷᠴᠢᠮ ᠶᠣᠰᠣᠭᠠᠷ᠂ ᠣᠳᠣᠬᠠᠨ ᠤ ᠪᠣᠳᠠᠲᠠᠢ ᠰᠠᠭᠤᠷᠢᠰᠢᠨ ᠠᠮᠢᠳᠤᠷᠠᠵᠤ ᠪᠠᠶᠢᠭ᠎ᠠ ᠬᠤᠲᠠ᠂ | ᠪᠠᠶᠢᠭᠤᠯᠤᠯᠲᠤ ᠪᠠᠯᠭᠠᠰᠤ ᠳᠠᠭᠠᠨ ᠡᠷᠦᠭᠡ ᠠᠮᠠ ᠪᠠᠨ ᠰᠢᠯᠵᠢᠭᠦᠯᠦᠨ ᠣᠷᠣᠭᠤᠯᠬᠤ ᠪᠠᠷ ᠭᠤᠶᠤᠴᠢᠯᠠᠵᠤ ᠪᠣᠯᠣᠨ᠎ᠠ᠂ | ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ᠂ ᠬᠤᠲᠠ | ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ | ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ | ᠤᠯᠤᠰ ᠠᠴᠠ ᠮᠡᠳᠡᠷᠡᠨ ᠵᠥᠪᠰᠢᠶᠡᠷᠡᠭᠰᠡᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ | ᠰᠤᠷᠤᠯᠭ᠎ᠠ ᠶᠢᠨ ᠨᠠᠮᠲᠠᠷ ᠲᠠᠢ ᠳᠡᠭᠡᠳᠦ ᠰᠤᠷᠭᠠᠭᠤᠯᠢ ᠲᠡᠭᠦᠰᠦᠭᠰᠡᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ᠂ ᠠᠵᠢᠯ ᠮᠡᠷᠭᠡᠵᠢᠯ ᠤᠨ ᠳᠡᠰ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠬᠢᠷᠢ | ᠭᠡᠮ ᠤᠨ ᠦᠨᠡᠮᠯᠡᠯ ᠣᠯᠣᠭᠰᠠᠳ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠡᠷᠡᠭᠴᠡᠭᠡ ᠲᠠᠢ | ᠮᠡᠷᠭᠡᠵᠢᠯ ᠤᠨ ᠠᠵᠢᠯᠲᠠᠨ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠳ᠂ ᠲᠤᠰ ᠬᠥᠮᠥᠨ ᠤ ᠬᠦᠰᠡᠯ ᠤᠨ | ᠶᠣᠰᠣᠭᠠᠷ᠂ ᠪᠠᠶᠢᠩᠭᠤ ᠰᠠᠭᠤᠭ᠎ᠠ ᠭᠠᠵᠠᠷ ᠲᠠᠭᠠᠨ ᠡᠷᠦᠭᠡ ᠠᠮᠠ ᠳᠠᠩᠰᠠᠯᠠᠭᠤᠯᠬᠤ ᠵᠠᠷᠴᠢᠮ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠶᠡᠭᠡ ᠳᠤᠮᠳᠠ ᠪᠠᠭ᠎ᠠ ᠬᠤᠲᠠ᠂ ᠪᠠᠶᠢᠭᠤᠯᠤᠯᠲᠤ ᠪᠠᠯᠭᠠᠰᠤᠨ ᠳᠤ ᠡᠷᠦᠭᠡ ᠠᠮᠠ ᠣᠷᠣᠬᠤ ᠪᠠᠷ | ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ | ᠲᠣᠭᠲᠠᠪᠤᠷᠢᠲᠠᠢ ᠠᠵᠢᠯ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ | ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠢᠵᠢᠯᠢ ᠨᠢᠭᠡ | ᠬᠤᠲᠠ᠂ ᠪᠠᠶᠢᠭᠤᠯᠤᠯᠲᠤ ᠪᠠᠯᠭᠠᠰᠤᠨ ᠳᠤ 6 ᠰᠠᠷ᠎ᠠ ᠠᠴᠠ ᠳᠡᠭᠡᠭᠰᠢ ᠵᠠᠯᠭᠠᠭ᠎ᠠ ᠪᠠᠷ ᠰᠠᠭᠤᠭᠰᠠᠨ ᠲᠠᠷᠢᠶᠠᠯᠠᠬᠤ | ᠮᠠᠯᠵᠢᠬᠤ ᠣᠷᠣᠨ ᠤ ᠡᠷᠦᠭᠡ ᠠᠮᠠ ᠲᠠᠢ ᠬᠥᠮᠥᠨ ᠠᠮᠠ ᠪᠠ ᠪᠤᠰᠤᠳ ᠪᠠᠶᠢᠩᠭᠤ ᠰᠠᠭᠤᠭ᠎ᠠ ᠬᠥᠮᠥᠨ ᠠᠮᠠ ᠪᠣᠯ᠂ | ᠲᠤᠰ ᠬᠥᠮᠥᠨ ᠤ ᠬᠦᠰᠡᠯ ᠶᠣᠰᠣᠭᠠᠷ᠂ ᠪᠠᠶᠢᠩᠭᠤ ᠰᠠᠭᠤᠬᠤ ᠭᠠᠵᠠᠷ ᠲᠠᠭᠠᠨ ᠡᠷᠦᠭᠡ ᠠᠮᠠ ᠳᠠᠩᠰᠠᠯᠠᠭᠤᠯᠬᠤ | ᠶᠣᠰᠣᠭᠠᠷ᠂ ᠲᠤᠰ ᠬᠥᠮᠥᠨ ᠵᠢᠴᠢ ᠬᠠᠮᠲᠤ ᠠᠮᠢᠳᠤᠷᠠᠵᠤ ᠪᠠᠶᠢᠭ᠎ᠠ ᠬᠤᠯᠪᠣᠰᠣ᠂ ᠦᠷ᠎ᠡ ᠬᠡᠦᠬᠡᠳ ᠪᠠ ᠡᠷ᠎ᠡ ᠡᠮ᠎ᠡ | ᠬᠤᠶᠠᠭᠤᠯᠠ ᠶᠢᠨ ᠠᠪᠤ ᠡᠵᠢ ᠨᠢ ᠣᠳᠣᠬᠠᠨ ᠤ ᠪᠣᠳᠠᠲᠠᠢ ᠰᠠᠭᠤᠷᠢᠰᠢᠨ ᠠᠮᠢᠳᠤᠷᠠᠵᠤ ᠪᠠᠶᠢᠭ᠎ᠠ ᠬᠤᠲᠠ᠂ | ᠪᠠᠶᠢᠭᠤᠯᠤᠯᠲᠤ ᠪᠠᠯᠭᠠᠰᠤ ᠳᠠᠭᠠᠨ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ | ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠢ ᠠᠵᠢᠯ᠂ ᠬᠤᠲᠠ ᠪᠠᠯᠭᠠᠰᠤᠨ ᠤ | ᠨᠡᠶᠢᠭᠡᠮ ᠤᠨ ᠳᠠᠭᠠᠳᠬᠠᠯ ᠳᠤ ᠣᠷᠣᠯᠴᠠᠬᠤ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ | ᠲᠣᠭᠤᠷᠢᠭ ᠪᠦᠬᠦᠢ ᠬᠤᠲᠠ ᠶᠢᠨ ᠬᠤᠲᠠ ᠶᠢᠨ ᠲᠣᠭᠤᠷᠢᠭ᠂ ᠰᠢᠶᠠᠨ ᠤ ᠱᠠᠲᠤᠨ ᠤ ᠬᠤᠲᠠ ᠶᠢᠨ | ᠬᠤᠲᠠ ᠶᠢᠨ ᠲᠣᠭᠤᠷᠢᠭ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠪᠠᠯᠭᠠᠰᠤ ᠵᠢᠴᠢ ᠪᠤᠰᠤᠳ | ᠪᠠᠶᠢᠭᠤᠯᠤᠯᠲᠤ ᠪᠠᠯᠭᠠᠰᠤᠨ ᠤ ᠡᠷᠦᠭᠡ ᠠᠮᠠ ᠪᠦᠬᠦᠢ ᠬᠥᠮᠥᠨ ᠪᠣᠯ᠂ ᠲᠡᠭᠦᠨ ᠤ ᠬᠠᠮᠲᠤ ᠠᠮᠢᠳᠤᠷᠠᠵᠤ ᠪᠠᠶᠢᠭ᠎ᠠ | ᠬᠤᠯᠪᠣᠰᠣ᠂ ᠦᠷ᠎ᠡ ᠬᠡᠦᠬᠡᠳ᠂ ᠣᠮᠪᠣᠯᠣ ︵ᠵᠢᠭᠡ ᠣᠮᠪᠣᠯᠣ︶ ᠪᠠ ᠡᠷ᠎ᠡ ᠡᠮ᠎ᠡ ᠬᠤᠶᠠᠭᠤᠯᠠ ᠶᠢᠨ ᠠᠪᠤ ᠡᠵᠢ ᠨᠢ | ᠲᠦᠰᠢᠭ ᠡᠷᠢᠵᠦ ᠡᠷᠦᠭᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠲᠦᠰᠢᠭ ᠡᠷᠢᠭᠴᠢ ᠶᠢᠨ ᠨᠠᠰᠤ ᠵᠢᠯ᠂ | ᠤᠷᠤᠭᠯᠠᠭᠰᠠᠨ ᠡᠰᠡᠬᠦ᠂ ᠬᠤᠲᠠ ᠪᠠᠯᠭᠠᠰᠤᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠡᠰᠡᠬᠦ ᠪᠠ ᠣᠷᠣᠨ | ᠰᠠᠭᠤᠴᠠ ᠶᠢᠨ ᠲᠠᠯᠠᠪᠠᠢ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠬᠥᠬᠡᠬᠤᠲᠠ᠂ ᠪᠤᠭᠤᠲᠤ | ᠬᠤᠲᠠ᠂ ᠣᠷᠳᠣᠰ ᠬᠤᠲᠠ ᠶᠢᠨ ᠬᠥᠬᠡᠬᠤᠲᠠ ᠪᠤᠭᠤᠲᠤ ᠣᠷᠳᠣᠰ ᠤᠨ ᠬᠤᠲᠠ ᠶᠢᠨ ᠪᠥᠭᠡᠮᠨᠡᠷᠡᠯ ᠳᠤ ᠡᠷᠦᠭᠡ | ᠠᠮᠠ ᠶᠢ ᠨᠢᠭᠡ ᠬᠤᠲᠠᠴᠢᠯᠠᠬᠤ ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ᠬᠥᠬᠡᠬᠤᠲᠠ ᠪᠤᠭᠤᠲᠤ ᠣᠷᠳᠣᠰ ᠤᠨ | ᠬᠤᠲᠠ ᠶᠢᠨ ᠬᠤᠭᠤᠷᠣᠨᠳᠤᠬᠢ ᠬᠥᠮᠥᠨ ᠠᠮᠠ ᠶᠢᠨ ᠴᠢᠯᠦᠭᠡᠲᠡᠢ ᠰᠢᠯᠵᠢᠯᠲᠡ ᠶᠢ ᠠᠬᠢᠭᠤᠯᠤᠨ᠎ᠠ᠃ | | ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ |