ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠦᠴᠦᠯᠡᠨ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠤᠷᠲᠦ ᠪᠠᠷ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2021/11/5
ᠰᠤᠷᠪᠤᠯᠵᠢᠯᠠᠬᠰᠠᠨ ᠴᠠᠭ᠄ 2021  ᠣᠨ ᠤ  5 ᠰᠠᠷ᠎ᠠ ᠶᠢᠨ 28  ᠤ ᠡᠳᠤᠷᠰᠤᠷᠪᠤᠯᠵᠢᠯᠠᠬᠰᠠᠨ ᠭᠠᠵᠠᠷ᠄ ᠨᠢᠩᠴᠧᠩ ᠰᠢᠶᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠲᠠᠰᠤᠭ ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠬᠠᠷᠠᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠶᠢᠨ ᠦ᠋ ᠬᠥᠲᠥᠯᠥᠭᠴᠢ᠄ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠬᠤᠶᠠᠳᠤᠭᠠᠷ ᠵᠠᠭᠤᠨ ᠵᠢᠯ ᠤᠨ ᠬᠠᠷᠠᠯᠲᠠ ᠲᠡᠰᠢ ᠲᠡᠮᠡᠴᠡᠬᠦ ᠡᠬᠢᠯᠡᠯᠲᠡ ᠶᠢᠨ ᠵᠢᠯ ᠪᠣᠯᠤᠨ᠎ᠠ᠂ ᠲᠡᠦᠬᠡ ᠶᠢᠨ ᠠᠭᠤᠯᠵᠠᠷ ᠲᠤ᠂ ᠬᠡᠷᠬᠢᠨ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠬᠡᠷᠬᠢᠨ ᠰᠠᠶᠢᠲᠤᠷ ᠬᠢᠬᠦ ᠪᠤᠢ᠃ ᠥᠨᠥᠳᠦᠷ ᠪᠢᠳᠡ ᠬᠠᠷᠠᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠶᠢᠨ ᠦ᠋ ᠨᠥᠬᠦᠷ ᠢ ᠤᠷᠢᠵᠤ ᠲᠤᠰᠬᠠᠶ ᠰᠤᠷᠪᠤᠯᠵᠢᠯᠠᠭ᠎ᠠ ᠬᠢᠶ᠎ᠡ᠃ ᠯᠢ ᠱᠦᠵᠢ ᠡ᠂ ᠲᠠ ᠰᠠᠶᠢᠨ ᠪᠠᠶᠢᠨ᠎ᠠ︕ ᠵᠣᠴᠢᠨ ᠯᠢ ᠶᠢᠨ ᠡᠦ᠄ ᠬᠥᠲᠥᠯᠥᠭᠴᠢ ᠰᠠᠶᠢᠨ ᠪᠠᠶᠢᠨ᠎ᠠ᠂ ᠤᠯᠠᠨ ᠢᠶᠠᠷ ᠢᠶᠠᠨ ᠰᠠᠶᠢᠨ ᠪᠠᠶᠢᠨ᠎ᠠ︖  ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠥᠷᠭᠡᠨ ᠣᠯᠠᠨ ᠰᠦᠯᠵᠢᠶᠡᠨ ᠨᠠᠶᠢᠵᠠ ᠨᠠᠷ ᠲᠠᠢ ᠰᠠᠨᠠᠯ ᠢᠶᠠᠨ ᠰᠣᠯᠢᠯᠴᠠᠬᠤ ᠡᠶᠢᠮᠦ ᠨᠢᠭᠡᠨ ᠲᠣᠬᠢᠶᠠᠯ ᠣᠯᠭᠤᠭᠰᠠᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ ᠬᠥᠲᠥᠯᠥᠭᠴᠢ᠄ ᠬᠠᠷᠠᠬᠤᠲᠠ ᠪᠠᠯᠭᠠᠰᠤ ᠪᠣᠯ ᠲᠠᠷᠢᠶᠠᠯᠠᠩ ᠤᠨ ᠲᠣᠮᠣ ᠪᠠᠯᠭᠠᠰᠤ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠷᠢᠶᠠᠯᠠᠩ ᠤᠨ ᠬᠥᠭᠵᠢᠯᠲᠡ ᠠᠴᠠ ᠰᠠᠯᠵᠤ ᠴᠢᠳᠠᠬᠤ ᠥᠬᠡᠶ ᠶᠤᠮ᠂ ᠶᠠᠭᠤᠨ ᠤ ᠡᠮᠦᠨ᠎ᠡ ᠯᠢ ᠱᠦᠵᠢ ᠠᠴᠠ ᠣᠳᠣᠬᠠᠨ ᠤ ᠬᠠᠷᠠᠬᠤᠲᠠ ᠪᠠᠯᠭᠠᠰᠤᠨ ᠤ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠬᠤ ᠶᠢ ᠬᠦᠰᠡᠵᠦ ᠪᠠᠶᠢᠨ᠎ᠠ᠃ ᠵᠣᠴᠢᠨ ᠯᠢ ᠶᠢᠨ ᠦ᠋᠄ ᠬᠠᠷᠠᠬᠤᠲᠠ ᠪᠠᠯᠭᠠᠰᠤ ᠨᠢ ᠲᠠᠷᠢᠶᠠᠯᠠᠩ ᠤᠨ ᠲᠤᠮᠤ ᠪᠠᠯᠭᠠᠰᠤ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠨᠢᠭᠡ ᠲᠠᠯ᠎ᠠ ᠪᠠᠷ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ 386 ᠲᠦᠮᠡᠨ ᠲᠥᠭᠦᠷᠢᠭ ᠤᠨ ᠪᠡᠯᠡ ᠣᠷᠣᠭᠤᠯᠵᠤ ᠯᠠᠮᠠ ᠶᠢᠨ ᠠᠭᠤᠢ ᠶᠢᠨ ᠲᠤᠮᠤ ᠢᠩᠲᠣᠣᠷ ᠤᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠪᠦᠳᠦᠭᠡᠨ ᠪᠠᠶᠢᠭᠤᠯᠵᠤ᠂ 180 ᠮᠦ ᠲᠠᠯᠠᠪᠠᠢ ᠶᠢ ᠡᠵᠡᠯᠡᠵᠦ᠂ ᠨᠢᠭᠡᠨᠲᠡ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ 3250 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠾᠧᠢ ᠴᠧᠩ ᠲᠣᠰᠬᠤᠨ ᠤ ᠨᠡᠷᠡᠨ ᠭᠡᠷᠡᠯ ᠤᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ 1016 ᠮᠦ ᠭᠠᠵᠠᠷ ᠢ ᠡᠵᠡᠯᠡᠵᠦ᠂ ᠡᠳᠦᠭᠡ ᠨᠢᠭᠡᠨᠲᠡ ᠠᠰᠢᠭᠯᠠᠯᠲᠠ ᠳᠤ ᠣᠷᠣᠭᠤᠯᠵᠤ ᠂ ᠲᠦᠷᠦᠭᠦᠦ ᠪᠦᠯᠦᠭ ᠥᠷᠭᠡᠰᠦᠲᠦ ᠬᠡᠮᠬᠡ ᠶᠢ ᠨᠢᠭᠡᠨᠲᠡ ᠵᠠᠬ᠎ᠠ ᠳᠡᠯᠭᠡᠭᠦᠷ ᠲᠤ ᠣᠷᠣᠭᠤᠯᠪᠠ᠃ 1200 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢ ᠡᡁᠧ ᠨᠠᠨ ᠤ ᠬᠦᠢᠳᠡᠨ ᠫᠧᠩ ᠤᠨ ᠲᠠᠷᠪᠤᠰ ᠤᠨ ᠬᠦᠷᠢᠶᠡᠯᠡᠩ ᠲᠣᠭᠤᠷᠢᠭ ᠢ ᠪᠦᠳᠦᠬᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠢ ᠡᠵᠡᠯᠡᠬᠦ ᠭᠠᠵᠠᠷ 1000 ᠮᠦ᠂ ᠵᠢᠯ ᠳᠤ 4000 ᠭᠠᠷᠤᠢ ᠲᠣᠨ ᠲᠠᠷᠪᠤᠰ ᠬᠤᠷᠢᠶᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠲᠠᠷᠠᠬᠠᠶ ᠪᠤᠲᠠᠷᠬᠠᠶ ᠠᠵᠢᠯ ᠣᠯᠭᠤᠯᠲᠠ ᠶᠢ ᠲᠠᠶᠢᠴᠢᠯᠠᠵᠦ᠂ ᠬᠤᠪᠢ ᠬᠥᠮᠦᠨ ᠤ ᠣᠷᠣᠯᠭ᠎ᠠ᠂ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠪᠣᠯᠤᠨ ᠲᠤᠰ ᠭᠠᠵᠠᠷ ᠤᠨ ᠠᠵᠤ ᠠᠬᠤᠢ ᠶᠢᠨ ᠦᠷ᠎ᠡ ᠠᠰᠢᠭ ᠵᠡᠷᠭᠡ ᠭᠤᠷᠪᠠᠨ ᠲᠠᠯ᠎ᠠ ᠪᠠᠷ ᠢᠶᠠᠨ ᠬᠠᠮᠲᠤᠪᠠᠷ ᠠᠰᠢᠭ ᠬᠦᠷᠳᠡᠬᠦ ᠪᠠᠶᠢᠳᠠᠯ ᠢ ᠪᠤᠢ  ᠪᠣᠯᠭᠠᠪᠠ᠃ ᠨᠥᠭᠦᠭᠡ ᠲᠠᠯ᠎ᠠ ᠪᠠᠷ ᠪᠡᠯᠡᠳᠭᠡᠮᠵᠢᠳᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠲᠤᠸᠠᠨ ᠵᠢᠶᠧ᠂ ᠨᠠᠨ ᠭᠸᠦ᠂ ᠪᠸᠢ ᠸᠠ ᠽᠢ ᠲᠣᠰᠬᠤᠨ ᠳᠤ 200 ᠮᠥ ᠢᠳᠡᠭᠡᠨ ᠤ ᠮᠥᠭᠦ ᠶᠢᠨ ᠠᠵᠤ ᠦᠢᠯᠡᠰ ᠤᠨ ᠬᠦᠷᠢᠶᠡᠯᠡᠩ ᠢ 3 ᠰᠢᠨ᠎ᠡ ᠪᠠᠷ ᠪᠠᠶᠢᠭᠤᠯᠵᠤ᠂ ᠢᠳᠡᠭᠡᠨ ᠤ ᠮᠥᠭᠦ ᠶᠢ 1800 ᠲᠦᠮᠡᠨ ᠨᠢᠭᠡᠴᠢ ᠰᠢᠨ᠎ᠡ ᠪᠠᠷ ᠨᠡᠮᠡᠭᠳᠡᠭᠦᠯᠪᠡ᠃ ᠤᠨᠴᠠᠯᠢᠭᠳᠤ ᠲᠠᠷᠢᠮᠠᠯ ᠤᠨ ᠬᠡᠪᠴᠢᠶ᠎ᠡ ᠶᠢ ᠥᠷᠭᠡᠳᠬᠡᠵᠦ᠂ ᠰᠧ ᠳ᠋ᠤᠤ ᠶᠢᠩᠽᠢ᠂ ᠳᠧᠦ ᠳ᠋ᠤᠤ ᠶᠢᠩᠽᠢ ᠲᠣᠰᠬᠤᠨ ᠳᠤ 1000 ᠮᠥ ᠬᠢᠲᠠᠳ ᠡᠮ ᠤᠨ ᠮᠠᠲ᠋ᠧᠷᠢᠶᠠᠯ ᠳᠠᠷᠢᠬᠤ ᠶᠢ ᠬᠥᠭᠵᠢᠭᠦᠯᠵᠦ᠂ ᠰᠧ ᠳ᠋ᠤᠤ ᠶᠢᠩᠽᠢ᠂ ᠾᠧ ᠳ᠋ᠦᠩ᠂ ᠯᠠᠮᠠ ᠶᠢᠨ ᠠᠭᠤᠶ ᠵᠡᠷᠭᠡ ᠲᠣᠰᠬᠤᠨ ᠳᠤ 2000 ᠮᠥ ᠤᠯᠠᠭᠠᠨ ᠯᠠᠵᠤᠤ ᠶᠢᠨ ᠲᠠᠷᠢᠮᠠᠯ ᠢ ᠬᠥᠭᠵᠢᠭᠦᠯᠵᠦ᠂ ᠤᠨᠴᠠᠯᠢᠭᠳᠤ ᠲᠠᠷᠢᠮᠠᠯ ᠢ ᠲᠣᠰᠬᠤᠨ ᠲᠠᠢ ᠵᠠᠯᠭᠠᠯᠳᠤᠭᠤᠯᠤᠨ ᠨᠡᠶᠢᠳᠡᠮ ᠳᠠᠷᠢᠵᠤ᠂ ᠪᠥᠭᠡᠮᠨᠡᠷᠡᠭᠦᠯᠦᠨ ᠪᠡᠶᠡᠵᠢᠭᠦᠯᠬᠦ ᠬᠠᠨᠳᠤᠰᠢ ᠲᠠᠢ ᠪᠣᠯᠭᠠᠪᠠ᠃ᠬᠥᠲᠥᠯᠥᠭᠴᠢ᠄  ᠪᠢᠲᠡᠨ ᠯᠢ ᠱᠦᠵᠢ ᠡᠨᠡ ᠵᠢᠯ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠭᠰᠠᠨ ᠤ ᠳᠠᠷᠠᠭ᠎ᠠ ᠬᠠᠷᠠᠬᠤᠲᠠ ᠪᠠᠯᠭᠠᠰᠤᠨ ᠤ ᠰᠢᠨ᠎ᠡ ᠪᠠᠷ ᠲᠤᠰᠢᠶᠠᠯ ᠳᠤ ᠭᠠᠷᠤᠭᠰᠠᠨ ᠨᠠᠮ ᠤᠨ ᠬᠤᠷᠢᠶᠠᠨ ᠤ ᠱᠦᠵᠢ ᠶᠢᠨ ᠬᠤᠪᠢ ᠪᠠᠷ ᠠᠵᠢᠯᠯᠠᠵᠤ ᠪᠠᠶᠢᠬᠤ ᠶᠢ ᠣᠶᠢᠯᠠᠭᠠᠭᠰᠠᠨ ᠶᠤᠮ᠂ ᠯᠢ ᠱᠦᠵᠢ ᠰᠢᠶᠠᠩ ᠪᠠᠯᠭᠠᠰᠤᠨ ᠤ ᠬᠥᠭᠵᠢᠯᠲᠡ ᠶᠢᠨ ᠦᠷᠭᠦᠯᠵᠢᠯᠡᠬᠦ ᠴᠢᠨᠠᠷ ᠤᠨ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠣᠶ︖ ᠵᠣᠴᠢᠨ ᠯᠢ ᠶᠢᠨ ᠡᠦ᠄ ᠰᠢᠨ᠎ᠡ ᠪᠠᠷ ᠲᠤᠰᠢᠶᠠᠯ ᠳᠤ ᠭᠠᠷᠤᠭᠰᠠᠨ ᠨᠠᠮ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ ᠪᠢ ᠶᠡᠬᠡᠳᠡ ᠵᠣᠷᠢᠭᠵᠢᠵᠤ᠂ ᠬᠠᠷᠢᠭᠤᠴᠠᠯᠭ᠎ᠠ ᠬᠦᠨᠳᠦ ᠭᠡᠳᠡᠭ ᠢ ᠲᠦᠢᠯ ᠢᠶᠠᠷ ᠮᠡᠳᠡᠷᠡᠵᠡᠢ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠤᠨ᠎ᠠ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠠ ᠲᠣᠬᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠠᠵᠢᠯᠯᠠᠵᠤ᠂ ᠪᠠᠯᠭᠠᠰᠤᠨ ᠤ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠵᠤ᠂ ᠥᠷᠭᠡᠨ ᠤᠯᠠᠨ ᠲᠠᠷᠢᠶᠠᠴᠢᠳ ᠢ ᠨᠡᠩ ᠰᠠᠶᠢᠨ ᠰᠠᠶᠢᠬᠠᠨ ᠠᠮᠢᠳᠤᠷᠠᠯ ᠲᠠᠢ ᠪᠣᠯᠭᠠᠨ᠎ᠠ᠃    ᠨᠢᠭᠡ ᠳᠤ᠂ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠤᠨ᠎ᠠ    ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠰᠢᠶᠣᠣ ᠾᠧᠢ ᠱᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ᠂ ᠪᠸᠢ ᠸᠠ ᠽᠢ ᠨᠡᠷᠡᠨ ᠤ ᠭᠡᠷᠡᠯ ᠤᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ᠂ ᠯᠠᠮᠠ ᠶᠢᠨ ᠳ᠋ᠦᠩ ᠲᠣᠰᠬᠤᠨ ᠤ ᠲᠤᠮᠦ ᠢᠩᠲᠣᠣᠷ ᠤᠨ ᠠᠵᠤ ᠦᠢᠯᠡᠰ ᠤᠨ ᠬᠦᠷᠢᠶᠡᠯᠡᠩ᠂ ᠾᠧᠢ ᠴᠧᠩ ᠲᠣᠰᠬᠤᠨ ᠤ ᠨᠡᠷᠡᠨ ᠤ ᠭᠡᠷᠡᠯ ᠤᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢᠨ ᠳᠡᠭᠡᠷ᠎ᠡ᠂ ᠳᠠᠬᠢᠭᠠᠳ 500 ᠮᠥ ᠨᠡᠷᠡᠨ ᠬᠡᠷᠡᠯ ᠤᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ 1᠂ 500 ᠮᠥ  ᠬᠦᠢᠲᠡᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ 1 ᠶᠢ ᠪᠥᠲᠥᠭᠡᠨ ᠪᠠᠶᠢᠭᠤᠯᠵᠤ᠂ ᠢᠳᠡᠭᠡᠨ ᠤ ᠮᠥᠭᠦ ᠶᠢ 500 ᠮᠥ ᠰᠢᠨ᠎ᠡ ᠪᠠᠷ ᠨᠡᠮᠡᠭᠳᠡᠭᠦᠯᠦᠨ᠂ ᠢᠳᠡᠭᠡᠨ ᠤ ᠮᠥᠭᠦ᠂ ᠥᠷᠭᠡᠰᠦᠲᠦ ᠬᠡᠮᠬᠡ᠂ ᠢᠩᠲᠣᠣᠷ᠂ ᠲᠠᠷᠪᠤᠰ ᠵᠡᠷᠭᠡ ᠳᠥᠷᠪᠡᠨ ᠶᠡᠭᠡ ᠪᠦᠲᠦᠭᠡᠭᠳᠡᠬᠦᠨ ᠢᠶᠠᠷ ᠭᠤᠤᠯ ᠪᠣᠯᠭᠠᠵᠤ᠂ ᠪᠥᠬᠦ ᠪᠠᠯᠭᠠᠰᠤᠨ ᠤ ᠲᠣᠰᠬᠤᠨ ᠤ ᠠᠷᠠᠳ ᠢ ᠵᠡᠭᠦᠨ ᠠᠴᠠ ᠪᠠᠷᠠᠭᠤᠨᠰᠢ ᠰᠠᠴᠤᠷᠠᠭᠯᠠᠨ ᠨᠡᠶᠢᠯᠡᠭᠦᠯᠦᠭᠰᠡᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠰᠡ ᠶᠢ ᠪᠣᠶ ᠪᠣᠯᠭᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠦᠨ᠎ᠡ᠃ ᠤᠨᠴᠠᠯᠢᠭᠳᠤ ᠲᠠᠷᠢᠮᠠᠯ ᠤᠨ ᠬᠡᠪᠴᠢᠶ᠎ᠡ ᠶᠢ ᠥᠷᠭᠡᠳᠬᠡᠵᠦ᠂ ᠬᠢᠲᠠᠳ ᠡᠮ ᠤᠨ ᠮᠠᠲ᠋ᠧᠷᠢᠶᠠᠯ᠂ ᠤᠯᠠᠭᠠᠨ ᠯᠠᠵᠤᠤ᠂ ᠵᠢᠮᠢᠰ ᠡᠷᠳᠡᠨᠢ ᠰᠢᠰᠢ ᠵᠡᠷᠭᠡ ᠤᠨᠴᠠᠯᠢᠭᠳᠤ ᠲᠠᠷᠢᠮᠠᠯ ᠤᠨ ᠦᠢᠯᠡᠰ ᠢ ᠬᠥᠭᠵᠢᠭᠦᠯᠦᠨ᠎ᠡ᠃    ᠬᠤᠶᠠᠷ ᠲᠤ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠶᠠᠩ ᠪᠠᠯᠭᠠᠰᠤ ᠶᠢ ᠪᠣᠶ ᠪᠣᠯᠭᠠᠨ᠎ᠠ  ᠃    ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠠᠬᠢᠭᠤᠯᠵᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠵᠣᠷᠯᠣᠩ ᠤᠨ ᠬᠤᠪᠢᠰᠬᠠᠯ ᠢ ᠪᠦᠬᠦ ᠲᠠᠯ᠎ᠠ ᠪᠠᠷ ᠠᠬᠢᠭᠤᠯᠵᠤ᠂ ᠤᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠥᠷᠢᠯᠡᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠮᠠ ᠵᠢᠶᠠ ᠽᠢ ᠲᠣᠰᠬᠤᠨ ᠳᠤ ᠪᠢᠲᠡᠭᠦᠮᠵᠢᠯᠡᠭᠰᠡᠨ ᠵᠠᠬ᠎ᠠ ᠳᠡᠯᠭᠡᠭᠦᠷ ᠪᠠᠶᠢᠭᠤᠯᠬᠤ ᠪᠠᠷ ᠲᠥᠯᠥᠪᠯᠡᠵᠦ᠂ ᠵᠢᠱᠢᠯᠲᠡ ᠪᠠᠷ 4 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠬᠠᠲᠠᠭᠤᠷᠠᠭᠤᠯᠵᠤ᠂ 100 ᠲᠡᠭᠰᠢ ᠳᠥᠷᠪᠡᠯᠵᠢᠨ ᠮᠧᠲᠷ ᠠᠯᠪᠠᠨ ᠭᠡᠷ ᠪᠠᠷᠢᠵᠤ᠂ ᠵᠡᠭᠡᠯᠢ ᠭᠤᠳᠤᠮᠵᠢ ᠶᠢᠨ ᠵᠠᠬ᠎ᠠ ᠳᠡᠯᠭᠡᠭᠦᠷ ᠤᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠪᠣᠬᠢᠷᠲᠤᠯ ᠢ ᠬᠠᠷᠰᠢᠯᠠᠬᠤ ᠵᠡᠷᠭᠡ ᠠᠰᠠᠭᠤᠳᠠᠯ ᠢ ᠲᠦᠢᠯᠪᠤᠷᠢᠲᠠᠢ ᠰᠠᠶᠢᠵᠢᠷᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠭᠤᠯᠠ ᠶᠢ ᠪᠢᠲᠡᠭᠦᠮᠵᠢᠯᠡᠨ ᠮᠠᠯᠵᠢᠬᠤ ᠶᠢ ᠵᠣᠭᠰᠣᠭᠠᠵᠤ ᠤᠢ ᠰᠢᠭᠤᠶ ᠶᠢ ᠬᠠᠮᠠᠭᠠᠯᠠᠨ ᠭᠠᠯ ᠢ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠠᠶᠢᠯ ᠲᠣᠰᠬᠤᠨ ᠢ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠦᠵᠡᠮᠵᠢ ᠶᠢᠨ ᠨᠣᠭᠤᠭᠠᠷᠠᠭᠤᠯᠤᠯᠲᠠ ᠶᠢ ᠬᠠᠮᠲᠤ ᠳᠤᠨᠢ ᠬᠠᠷᠠᠭᠠᠯᠵᠠᠵᠤ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠭᠤᠣᠯ ᠤᠨ ᠳᠠᠷᠤᠭ᠎ᠠ ᠶᠢᠨ ᠲᠦᠷᠢᠮ ᠢ ᠬᠡᠷᠡᠭᠵᠢᠭᠦᠯᠵᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠬᠡᠵᠢᠶᠡᠳᠡ ᠪᠠᠶᠢᠬᠤ ᠶᠢ ᠦᠨᠡᠨ ᠬᠦ ᠪᠠᠲᠤᠯᠠᠨ᠎ᠠ᠃    ᠭᠤᠷᠪᠠ ᠳᠤ ᠠᠷᠠᠳ ᠤᠨ ᠠᠮᠢᠳᠤᠷᠠᠯ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃    ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠤᠷᠢᠯᠡᠨ᠎ᠡ᠃ ᠰᠧ ᠳ᠋ᠤᠤ ᠶᠢᠩᠽᠢ ᠳᠤ ᠨᠠᠰᠤᠵᠢᠯ ᠤᠨ ᠠᠰᠠᠷᠠᠮᠵᠢ ᠶᠢᠨ ᠲᠥᠪ ᠨᠢᠭᠡ ᠪᠠᠶᠢᠭᠤᠯᠬᠤ ᠪᠠᠷ ᠲᠥᠯᠥᠪᠯᠡᠵᠦ᠂ ᠰᠢᠨ᠎ᠡ ᠪᠠᠷ 200 ᠣᠷᠣ ᠨᠡᠮᠡᠵᠦ᠂ ᠨᠠᠰᠤᠵᠢᠯ ᠤᠨ ᠠᠬᠤᠶ ᠪᠠᠶᠢᠳᠠᠯ ᠳᠣᠤᠷᠠᠬᠢ ᠨᠠᠰᠤᠵᠢᠯ ᠤᠨ ᠠᠰᠠᠷᠠᠮᠵᠢ ᠶᠢᠨ ᠬᠦᠴᠢᠷᠲᠡᠶ ᠠᠰᠠᠭᠤᠳᠠᠯ ᠢ ᠠᠷᠭᠠᠴᠠᠨ᠎ᠠ᠃ ᠣᠣᠯ ᠤᠨ ᠳ᠋ᠢᠶᠠᠨ ᠽᠢ ᠲᠣᠭᠤᠰᠬ᠎ᠠ ᠶᠢᠨ ᠦᠢᠯᠡᠳᠪᠦᠷᠢ ᠳᠤ ᠲᠥᠪᠯᠡᠷᠡᠭᠦᠯᠦᠨ ᠢᠯᠴᠢ ᠬᠠᠩᠭᠠᠬᠤ ᠲᠦᠷᠦᠯ ᠵᠦᠢᠯ ᠢ ᠪᠠᠶᠢᠭᠤᠯᠵᠤ᠂ 3 ᠳᠤᠭᠤᠶᠢᠯᠠᠩ ᠬᠤᠭᠤᠯᠠᠢ ᠳᠡᠪᠢᠰᠴᠦ᠂ ᠲᠠᠷᠠᠬᠠᠢ ᠪᠤᠲᠠᠷᠬᠠᠢ ᠳᠤᠯᠠᠭᠠᠯᠠᠭ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠠᠷ ᠲᠥᠯᠥᠪᠯᠡᠵᠦ ᠪᠤᠢ᠃    ᠳᠦᠷᠪᠡ ᠳᠤ ᠨᠡᠶᠢᠭᠡᠮ ᠤᠨ ᠬᠠᠮᠢᠶᠠᠷᠤᠯᠲᠠ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠨᠡᠶᠢᠭᠡᠮ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ  ᠃    ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠲᠤᠬᠠᠶ ᠶᠢᠨ ᠲᠠᠯᠠᠪᠤᠷ ᠲᠤ ᠭᠦᠢᠴᠡᠳᠭᠡᠬᠦ ᠳᠤ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠠᠵᠢᠯ ᠤᠨ ᠬᠠᠷᠠᠯᠲᠠ ᠶᠢ ᠬᠦᠴᠦᠯᠡᠨ ᠪᠡᠶᠡᠯᠡᠭᠦᠯᠵᠦ᠂ ᠨᠡᠶᠢᠭᠡᠮ ᠤᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠰᠦᠯᠵᠢᠶᠡᠨ ᠤ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠴᠢᠩᠭᠠᠳᠬᠠᠵᠤ᠂ ᠭᠡᠰᠩ ᠬᠠᠮᠢᠶ᠋ᠷᠤᠬᠴᠢ ᠶᠢᠨ ᠬᠠᠮᠢᠶᠠᠷᠤᠯᠲᠠ ᠶᠢᠨ ᠨᠠᠷᠢᠨ ᠲᠦᠷᠢᠮ ᠵᠢᠴᠢ ᠬᠤᠪᠢ ᠬᠤᠷᠠᠮᠳᠤᠭᠤᠯᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠭᠡᠰᠩ ᠬᠠᠮᠢᠶ᠋ᠷᠤᠬᠴᠢ ᠶᠢᠨ ᠣᠯᠭᠤᠮᠵᠢ ᠶᠢ ᠳᠡᠭᠡᠭᠰᠢᠯᠡᠭᠦᠯᠵᠦ᠂ ᠠᠷᠠᠳ ᠲᠤ ᠳᠣᠲᠣᠨᠣ᠂ ᠠᠵᠢᠯ ᠦᠢᠯᠡᠰ ᠢᠶᠠᠨ ᠳᠡᠭᠡᠳᠦᠯᠡᠬᠦ᠂ ᠬᠤᠪᠢ ᠨᠡᠮᠡᠷᠢ ᠦᠵᠡᠭᠦᠯᠬᠦ ᠭᠡᠰᠩ ᠬᠠᠮᠢᠶ᠋ᠷᠤᠬᠴᠢ ᠶᠢᠨ ᠡᠩᠨᠡᠭᠡ ᠶᠢ ᠪᠠᠶᠢᠭᠤᠯᠵᠤ᠂ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃ ᠬᠥᠲᠥᠯᠥᠭᠴᠢ᠄ ᠵᠠᠯᠭᠠᠭᠠᠳ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠠᠰᠠᠭᠤᠬᠤ ᠴᠠᠭ ᠪᠤᠯᠤᠯ᠎ᠠ᠂ ᠣᠯᠠᠨ ᠢᠶᠠᠷ ᠢᠶᠠᠨ ᠶᠠᠮᠠᠷ ᠠᠰᠠᠭᠤᠳᠠᠯ ᠪᠠᠶᠢᠪᠠᠯ ᠯᠢ ᠱᠦᠵᠢ ᠠᠴᠠ ᠠᠰᠠᠭᠤᠵᠤ ᠪᠣᠯᠤᠨ᠎ᠠ᠃ ᠰᠦᠯᠵᠢᠶᠡᠨ ᠤ ᠠᠨᠳᠠ  ᠠ  ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠨᠢᠭᠡ ᠵᠦᠢᠯ ᠤᠨ ᠴᠢᠬᠤᠯᠠ ᠠᠵᠢᠯ ᠪᠣᠯ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ ᠶᠠᠪᠤᠳᠠᠯ ᠪᠣᠯᠤᠨ᠎ᠠ᠂  ᠬᠠᠷᠠᠬᠤᠲᠠ ᠪᠠᠯᠭᠠᠰᠤ ᠶᠢᠨ ᠬᠢᠨ ᠡᠨᠡᠬᠦ ᠠᠵᠢᠯ ᠢ ᠬᠡᠷᠬᠢᠨ ᠥᠷᠨᠢᠭᠦᠯᠵᠦ ᠪᠠᠶᠢᠬᠤ ᠪᠤᠢ︖     ᠵᠣᠴᠢᠨ ᠯᠢ ᠶᠢᠨ ᠦ᠋᠄ ᠨᠢᠭᠡ ᠳᠤ ᠪᠠᠯᠠ ᠮᠥᠩᠭᠦ ᠬᠤᠷᠢᠶᠠᠨ ᠠᠪᠬᠤ ᠠᠷᠭ᠎ᠠ ᠶᠢ ᠵᠢᠷᠤᠮᠵᠢᠭᠤᠯᠵᠤ᠂ ᠥᠩᠭᠡᠷᠡᠭᠰᠡᠨ ᠤ ᠡᠯ᠎ᠡ ᠲᠣᠰᠬᠤᠨ ᠤ ᠠᠷᠭ᠎ᠠ ᠨᠢ ᠠᠳᠠᠯᠢ ᠥᠬᠡᠶ᠂ ᠪᠠᠷᠢᠮᠵᠢᠶ᠎ᠠ ᠨᠢ ᠠᠳᠠᠯᠢ ᠥᠬᠡᠶ ᠪᠠᠶᠢᠭᠰᠠᠨ ᠠᠷᠭ᠎ᠠ ᠮᠠᠶ᠋ᠢᠭ ᠢ ᠬᠤᠪᠢᠷᠠᠭᠤᠯᠵᠤ᠂ ᠡᠯ᠎ᠡ ᠡᠲᠡᠭᠡᠳ ᠤᠨ ᠬᠥᠮᠦᠰ ᠤᠨ ᠰᠠᠨᠠᠯ ᠢ ᠬᠤᠷᠢᠶᠠᠵᠤ ᠨᠢᠭᠡᠳᠦᠯᠲᠡᠶ ᠬᠤᠷᠢᠶᠠᠨ ᠠᠪᠬᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠪᠠᠲᠤᠯᠠᠭᠤᠯᠪᠠ᠃ ᠬᠤᠶᠠᠷ ᠲᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠡᠯ᠎ᠡ ᠲᠣᠰᠬᠤᠨ ᠤ ᠬᠢᠨ ᠭᠤᠣᠯᠳᠠᠯᠭ᠎ᠠ ᠪᠠᠨ ᠲᠤᠪᠤᠶᠢᠯᠭᠠᠵᠦ᠂ ᠪᠠᠶᠢᠭᠠᠯᠢ ᠲᠤᠰᠬᠤᠨ ︵ᠲᠣᠰᠬᠤᠨ ᠳᠤᠭᠤᠶᠢᠯᠠᠩ︶ ᠶᠢ ᠰᠣᠩᠭᠤᠨ ᠪᠦᠬᠦ ᠲᠣᠰᠬᠤᠨ ᠤ ᠵᠢᠱᠢᠶ᠎ᠡ ᠦᠵᠡᠭᠦᠯᠬᠦ ᠴᠡᠭ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠲᠣᠰᠬᠤᠨ ᠤ ᠳᠣᠲᠣᠭᠠᠳᠤ ᠳᠠᠭᠠᠨ ᠬᠦᠳᠦᠯᠦᠨ ᠳᠠᠭᠠᠭᠤᠯᠵᠤ ᠳᠠᠶᠢᠴᠢᠯᠠᠬᠤ ᠶᠢ ᠪᠦᠷᠢᠯᠳᠦᠭᠦᠯᠦᠨ᠎ᠡ᠃ ᠭᠤᠷᠪᠠ ᠳᠤ᠂ ᠤᠯᠠᠨ ᠲᠦᠮᠡᠨ ᠤ ᠣᠷᠣᠯᠴᠠᠬᠤ ᠢᠳᠡᠪᠬᠢᠵᠢᠯ ᠢ ᠲᠠᠶᠢᠴᠢᠯᠠᠵᠦ᠂ ︽ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠳᠦᠬᠡᠨ ᠪᠠᠶᠢᠭᠤᠯᠬᠤ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠠᠷᠠᠳ ᠤᠨ ᠬᠠᠷᠢᠭᠤᠴᠠᠯᠭᠠᠲᠤ ᠤᠬᠠᠮᠰᠠᠷ᠂ ᠰᠠᠨᠠᠭ᠎ᠠ ᠲᠠᠯᠪᠢᠬᠤ ᠤᠬᠠᠮᠰᠠᠷ ᠢ ᠬᠥᠭᠵᠢᠭᠡᠵᠦ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠥᠲᠥᠯᠥᠭᠴᠢ᠄ ᠰᠠᠶ᠋ᠢᠬᠠᠨ ᠯᠢ ᠱᠦᠵᠢ ᠠᠵᠤ ᠦᠢᠯᠡᠰ ᠤᠨ ᠬᠥᠭᠵᠢᠯᠲᠡ᠂ ᠣᠷᠴᠢᠨ ᠠᠬᠤᠶ ᠶᠢᠨ ᠴᠡᠭᠴᠡᠯᠡᠨ ᠵᠠᠰᠠᠯᠲᠠ᠂ ᠰᠠᠭᠤᠷᠢ ᠲᠥᠬᠦᠭᠡᠷᠦᠮᠵᠢ᠂ ᠦᠵᠡᠯ ᠤᠬᠠᠮᠰᠠᠷ ᠤᠨ ᠬᠡᠯᠪᠡᠷᠢ ᠵᠡᠷᠭᠡ ᠲᠠᠯ᠎ᠠ ᠪᠠᠷ ᠪᠢᠳᠡᠨ ᠳᠤ ᠬᠠᠷᠠᠬᠤᠲᠠ ᠪᠠᠯᠭᠠᠰᠤᠨ ᠤ ᠣᠳᠣᠬᠠᠨ ᠤ ᠠᠵᠢᠯ ᠤᠨ ᠥᠷᠨᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠪᠢᠳᠡᠨ ᠳᠤ ᠬᠠᠷᠠᠬᠤᠲᠠ ᠪᠠᠯᠭᠠᠰᠤᠨ ᠤ ᠪᠦᠬᠦ᠋ᠢᠯᠡ ᠠᠵᠢᠯ ᠤᠨ ᠲᠤᠬᠠᠶ ᠨᠠᠷᠢᠨ ᠣᠶᠢᠯᠠᠭᠠᠯᠲᠠ ᠲᠠᠢ ᠪᠣᠯᠭᠠᠵᠤ᠂ ᠯᠢ ᠱᠦᠵᠢ ᠶᠢᠨ ᠴᠠᠭ ᠭᠠᠷᠭᠠᠵᠤ ᠣᠯᠠᠨ ᠲᠠᠢ ᠰᠠᠨᠠᠯ ᠢᠶᠠᠨ ᠰᠣᠯᠢᠯᠴᠠᠭᠰᠠᠨ ᠳᠤ ᠲᠠᠯᠠᠷᠬᠠᠪᠠ᠃ ᠯᠢ ᠱᠦᠵᠢ ᠳᠤ ᠪᠠᠶᠠᠷᠯᠠᠯ᠎ᠠ᠃ ᠰᠦᠯᠵᠢᠶᠡᠨ ᠤ ᠠᠨᠳᠠ ᠨᠠᠷ ᠡ᠂ ᠥᠨᠥᠳᠦᠷ ᠤᠨ ᠰᠤᠷᠪᠤᠯᠵᠢᠯᠠᠭ᠎ᠠ ᠠᠳᠡ ᠬᠥᠷᠥᠶ᠎ᠡ᠂ ᠪᠠᠶᠠᠷᠲᠠᠶ᠃    
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号