︽ᠮᠥᠩᠬᠡ ᠰᠣᠪᠠᠭ · ᠲᠦᠷᠪᠡᠨ ᠭᠦᠢᠴᠡᠳᠭᠡᠬᠦ︾ ᠢ ᠯᠠᠪᠳᠠᠭᠤᠨ ᠪᠠᠲᠤᠲᠠᠶ ᠠᠬᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/11/5
ᠰᠤᠷᠪᠤᠯᠵᠢᠯᠠᠬᠰᠠᠨ ᠴᠠᠭ᠄ 2021 ᠣᠨ ᠤ 6  ᠰᠠᠷ᠎ᠠ ᠶᠢᠨ 29 ᠤ ᠡᠳᠤᠷᠰᠤᠷᠪᠤᠯᠵᠢᠯᠠᠬᠰᠠᠨ ᠭᠠᠵᠠᠷ᠄ ᠨᠢᠩᠴᠧᠩ ᠰᠢᠶᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠲᠠᠰᠤᠭ ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠢᠦᠶ ᠬᠠᠶ ᠰᠢᠤᠸᠠᠢ    ︽ᠬᠥᠲᠥᠯᠥᠭᠴᠢ︾᠄ ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠤᠷᠢᠯᠡᠬᠦ ᠳᠤ ᠨᠠᠩ ᠲᠥᠬᠦᠮ ᠪᠣᠯᠭᠠᠵᠠᠶ᠃ ᠥᠨᠥᠳᠦᠷ᠂ ᠪᠢᠳᠡ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠢᠦᠶ ᠬᠠᠶ ᠰᠢᠤᠸᠠᠢ ᠨᠥᠬᠦᠷ ᠢ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠤᠭ᠍ᠷᠠᠮ ᠳᠤ ᠤᠷᠢᠵᠤ᠂ ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠢ ᠬᠠᠮᠲᠤ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃ ︽ᠢᠦᠶ ᠲᠣᠪᠴᠢᠶᠠᠨ ᠳᠠᠷᠤᠭ᠎ᠠ ᠠ᠂ ᠲᠠ  ᠰᠠᠶᠢᠨ ᠤᠤ︕ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠤᠭ᠍ᠷᠠᠮ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠢᠨ᠎ᠠ᠃ ᠢᠦᠢ ᠬᠠᠢ ᠰᠢᠤᠸᠠᠢ᠄  ᠬᠥᠲᠥᠯᠥᠭᠴᠢ ᠰᠠᠶᠢᠨ ᠪᠠᠶᠢᠨ᠎ᠠ︕ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ︕ ᠪᠦᠬᠦ ᠰᠢᠶᠠᠨ ᠤ ᠣᠯᠠᠨ ᠲᠦᠮᠡᠨ᠂ ᠰᠦᠯᠵᠢᠶᠡᠨ ᠤ ᠨᠠᠶᠢᠵᠠ ᠨᠠᠷ ᠲᠠᠢ ᠪᠠᠨ ᠰᠠᠨᠠᠯ ᠢᠶᠠᠨ ᠰᠣᠯᠢᠯᠴᠠᠬᠤ ᠡᠶᠢᠮᠦ ᠨᠢᠭᠡᠨ ᠲᠣᠬᠢᠶᠠᠯ ᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠶ ᠣᠯᠠᠨ ᠤ ᠣᠶᠢᠯᠠᠭᠠᠯᠲᠠ ᠶᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠂ ᠮᠥᠨ ᠴᠦ ᠲᠣᠰ ᠫᠷᠤᠭ᠍ᠷᠠᠮ ᠢᠶᠠᠷ ᠳᠠᠮᠵᠢᠭᠤᠯᠤᠨ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠶ ᠰᠦᠯᠵᠢᠶᠡᠨ ᠠᠨᠳᠠ ᠨᠠᠷ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠪᠢᠳᠡᠨ ᠢ ᠬᠠᠪᠰᠤᠷᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠬᠦ ᠶᠢ ᠬᠦᠰᠡᠵᠦ ᠪᠠᠶᠢᠨ᠎ᠠ ᠭᠡᠵᠡᠶ᠃ ᠬᠥᠲᠥᠯᠥᠭᠴᠢ : ᠣᠶᠢᠷ᠎ᠠ ᠶᠢᠨ ᠬᠤᠶᠠᠷ ᠵᠢᠯ ᠳᠤ᠂ ᠮᠠᠨ ᠤ ᠰᠢᠶᠠᠨ ᠤ ︽ ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢᠯᠡᠳᠲᠡ ᠠᠮᠵᠢᠯᠲᠠ ᠣᠯᠤᠭᠰᠠᠨ ᠪᠠᠶᠢᠨ᠎ᠠ᠃ 2019 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢ ᠰᠢᠯᠢᠳᠡᠭᠵᠢᠭᠦᠯᠬᠦ ᠠᠵᠢᠯ ᠤᠨ ᠬᠢᠨᠠᠨ ᠰᠢᠯᠭᠠᠯᠲᠠ ᠳᠤ᠂ ᠮᠠᠨ ᠤ ᠰᠢᠶᠠᠨ ᠪᠦᠬᠦ ᠬᠤᠳᠠ ᠳᠤ ᠬᠤᠶᠠᠳᠤᠭᠠᠷ ᠲᠤ ᠣᠷᠣᠵᠤ᠂ 2020 ᠣᠨ ᠳᠤ ᠪᠦᠬᠦ ᠬᠤᠳᠠ ᠳᠤ ᠨᠢᠭᠡᠳᠦᠭᠡᠷ ᠲᠤ ᠵᠢᠭᠰᠠᠭᠠᠭᠳᠠᠪᠠ᠃ ᠢᠦᠶ ᠲᠣᠪᠴᠢᠶᠠᠨ ᠳᠠᠷᠤᠭ᠎ᠠ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠬᠡᠷᠬᠢᠨ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠡᠷᠬᠢᠨ ᠠᠬᠢᠭᠤᠯᠤᠭᠰᠠᠨ ᠪᠣᠶ︖ ᠢᠦᠢ ᠬᠠᠢ ᠰᠢᠤᠸᠠᠢ  ᠄ 2020 ᠣᠨ ᠳᠤ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠬᠢᠵᠡᠢ᠄    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠄ ᠨᠢᠭᠡ ᠳᠤ ᠪᠣᠳᠠᠲᠤ ᠴᠣᠭᠴᠠ ᠶᠢᠨ ᠶᠡᠭᠡ ᠲᠢᠩᠬᠢᠮ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠶᠢ ᠯᠠᠪᠳᠠᠭᠤᠨ ᠢᠶᠠᠷ ᠠᠬᠢᠭᠤᠯᠪᠠ᠃ ᠣᠳᠣᠬᠠᠨ ᠳᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 28 ᠨᠢᠭᠡᠴᠢ᠂ 88 ᠦᠢᠯᠡᠴᠢᠯᠡᠭᠡᠨ ᠤ ᠴᠣᠩᠬᠤ᠂ 210 ᠠᠵᠢᠯᠲᠠᠨ᠂ 564 ᠵᠤᠶᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠤᠶᠢᠯᠡᠰ ᠣᠷᠣᠵᠤ ᠰᠠᠭᠤᠭᠠᠳ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠵᠢᠴᠢ ᠭᠠᠶᠢᠯᠢ ᠬᠦᠢᠴᠡᠳᠭᠡᠬᠦ ᠦᠢᠯᠡᠴᠢᠯᠡᠭᠡ᠂ ᠢᠨᠵᠧᠨᠧᠷᠢᠩ ᠤᠨ ᠵᠤᠶᠢᠯᠡᠰ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠠᠷᠠᠯᠵᠢᠶᠠᠯᠠᠬᠤ ᠦᠢᠯᠡᠴᠢᠯᠡᠭᠡ ᠵᠡᠷᠭᠡ ᠳᠥᠷᠪᠡᠨ ᠨᠢᠭᠡ ᠴᠤᠭᠴᠠᠵᠢᠭᠰᠠᠨ ᠦᠢᠯᠡᠴᠢᠯᠡᠭᠡᠨ ᠤ ᠲᠤᠰᠬᠠᠶ ᠣᠷᠣᠨ ᠢ ᠲᠥᠯᠥᠪᠵᠢᠭᠦᠯᠵᠦ᠂ ᠣᠨ ᠤ 25.78 ᠲᠦᠮᠡᠨ ᠵᠤᠶᠢᠯ ᠤᠨ ᠦᠢᠯᠡᠴᠢᠯᠡᠭᠡᠨ ᠤ ᠵᠤᠶᠢᠯᠡᠰ ᠢ ᠭᠦᠶ᠋ᠴᠡᠳᠬᠡᠵᠦ ᠳᠠᠭᠤᠰᠬᠠᠭᠰᠠᠨ ᠪᠥᠭᠡᠳ ᠦᠢᠯᠡᠴᠢᠯᠡᠭᠡᠨ ᠤ ᠵᠤᠶᠢᠯᠡᠰ ᠢ ᠭᠦᠶ᠋ᠴᠡᠳᠬᠡᠵᠦ ᠳᠠᠭᠤᠰᠬᠠᠭᠰᠠᠨ ᠨᠣᠷᠮ᠎ᠠ 100% ᠳᠤ ᠬᠥᠷᠪᠡ᠃ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠤᠪᠤᠷᠠᠯ ᠢ ᠲᠠᠰᠤᠷᠠᠯᠲᠠ ᠥᠬᠡᠶ  ᠰᠢᠯᠢᠳᠡᠭᠵᠢᠭᠦᠯᠪᠡ᠃ ᠲᠦᠢᠯ ᠤᠨ ᠲᠥᠬᠦᠮ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠤᠶᠢᠯᠡᠰ ᠤᠨ ᠬᠢᠨᠠᠨ ᠵᠥᠪᠰᠢᠶᠡᠷᠡᠬᠦ ᠭᠤᠭᠴᠤᠭ᠎ᠠ ᠶᠢ ᠭᠤᠷᠪᠠᠨ ᠤ ᠨᠢᠭᠡ ᠬᠤᠪᠢ ᠪᠠᠷ ᠪᠠᠭᠠᠰᠬᠠᠨ᠂ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠢ 30% ᠪᠠᠷ ᠪᠠᠭᠠᠰᠬᠠᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ 50% ᠪᠠᠷ ᠪᠠᠭᠠᠰᠬᠠᠨ᠂ ᠥᠯᠥ ᠬᠥᠳᠡᠯᠬᠦ ᠬᠥᠷᠥᠩᠭᠡ ᠶᠢᠨ ᠴᠣᠩᠬᠤᠨ ᠤ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶ᠎ᠠ ᠶᠢᠨ ︽ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠪᠠ᠃ ᠠᠷᠠᠳ ᠲᠤ ᠲᠦᠬᠦᠮ ᠦᠵᠡᠭᠦᠯᠬᠦ ᠭᠤᠷᠪᠠᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠰᠢᠶᠠᠨ ᠤ ᠨᠠᠮ ᠤᠨ ᠬᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢᠶᠠᠷ ᠲᠦᠷᠦᠭᠦᠯᠡᠭᠦᠯᠦᠭᠰᠡᠨ᠂ 18 ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠨᠠᠮ ᠤᠨ ᠬᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢᠶᠠᠷ ᠲᠦᠰᠢᠭ ᠪᠣᠯᠭᠠᠭᠰᠠᠨ᠂ 325 ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠪᠠᠷ ᠰᠠᠭᠤᠷᠢ ᠪᠣᠯᠭᠠᠭᠰᠠᠨ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠬᠡᠯᠬᠢᠶ᠎ᠡ ᠶᠢ ᠪᠠᠶᠢᠭᠤᠯᠵᠤ᠂ ᠰᠢᠶᠠᠨ ᠰᠢᠶᠠᠩ ᠲᠣᠰᠬᠤᠨ ᠳᠤ ︽ᠨᠢᠭᠡ ᠦᠷᠳᠡᠭᠡᠯᠢᠭ ᠮᠠᠶ᠋ᠢᠭ︾ ᠤᠨ ᠦᠢᠯᠡᠴᠢᠯᠡᠭᠡ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠪᠡ᠃ 99 ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠢᠨᠠᠨ ᠵᠥᠪᠰᠢᠶᠡᠷᠡᠬᠦ ᠵᠦᠢᠯᠡᠰ ᠢ ᠦᠨᠳᠦᠰᠦᠨ ᠱᠠᠲᠤᠨ ᠤ ᠰᠢᠶᠠᠩ ᠪᠠᠯᠭᠠᠰᠤᠨ ᠳᠤ ᠪᠠᠭᠤᠯᠭᠠᠬᠤ ᠶᠢ ᠬᠠᠮᠵᠢᠯᠴᠠᠨ ᠲᠦᠯᠬᠢᠨ ᠠᠬᠢᠭᠤᠯᠪᠠ᠃ ᠬᠤᠶᠠᠷ ᠲᠤ᠂ ᠤᠶᠤᠨᠲᠤ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ︽ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ ᠬᠡᠷᠡᠭ ᠡᠷᠬᠢᠯᠡᠬᠦ ᠲᠥᠪ ᠢ ᠵᠣᠬᠢᠶᠠᠨ ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ ᠠᠵᠢᠯᠯᠠᠭᠤᠯᠵᠤ᠂ 394 ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠵᠡᠷᠭᠡ ᠴᠢᠳᠠᠮᠵᠢ ᠶᠢ ᠨᠡᠪᠲᠡᠷᠡᠭᠦᠯᠵᠦ᠂ ᠣᠨ ᠤ ᠪᠦᠬᠦ ᠶᠠᠪᠤᠴᠠ ᠪᠠᠷ ᠰᠦᠯᠵᠢᠶᠡᠨ ᠳᠡᠭᠡᠷ᠎ᠡ 13300 ᠭᠠᠷᠤᠶ ᠬᠡᠷᠡᠭ ᠶᠠᠪᠤᠳᠠᠯ ᠰᠢᠢᠳᠪᠤᠷᠢᠯᠡᠪᠡ᠃    ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠲᠠᠯ᠎ᠠ ᠪᠠᠷ᠂ ᠠᠷᠠᠯᠵᠢᠶᠠᠨ ᠤ ᠲᠤᠬᠠᠶᠢᠯᠠᠭᠰᠠᠨ ᠠᠵᠢᠯ ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠪᠠ᠃ ᠣᠨ ᠳᠤ 177 ᠵᠦᠢᠯ ᠤᠨ ᠠᠷᠠᠯᠵᠢᠶᠠᠨ ᠤ ᠲᠤᠬᠠᠶᠢᠯᠠᠭᠰᠠᠨ ᠠᠵᠢᠯ ᠢ ᠬᠦᠯᠢᠶᠡᠨ ᠠᠪᠴᠤ  ᠰᠢᠢᠳᠪᠤᠷᠢᠯᠡᠵᠦ᠂ ᠲᠥᠰᠦᠪ ᠤᠨ ᠪᠡᠯᠡ ᠮᠥᠩᠭᠦ 24.57 ᠳ᠋ᠦᠩᠰᠢᠭᠤᠷ ᠲᠥᠭᠦᠷᠢᠭ ᠲᠤ ᠬᠦᠷᠴᠡᠶ᠃ 146 ᠵᠦᠢᠯ ᠢ ᠪᠡᠶᠡᠯᠡᠭᠦᠯᠵᠦ᠂ ᠲᠥᠰᠦᠪ ᠤᠨ ᠪᠡᠯᠡ ᠮᠥᠩᠭᠦ ᠶᠢ 13.74 ᠳ᠋ᠦᠩᠰᠢᠭᠤᠷ ᠲᠥᠭᠦᠷᠢᠭ ᠢᠶᠠᠷ ᠭᠦᠢᠴᠡᠳᠬᠡᠵᠦ᠂ ᠠᠷᠠᠯᠵᠢᠶᠠᠯᠠᠭᠰᠠᠨ ᠲᠤᠭ᠎ᠠ 13.47 ᠳ᠋ᠦᠩᠰᠢᠭᠤᠷ ᠲᠥᠭᠦᠷᠢᠭ ᠲᠤ ᠬᠦᠷᠴᠦ᠂ 2748.25 ᠲᠦᠮᠡᠨ ᠲᠥᠭᠦᠷᠢᠭ ᠤᠨ ᠪᠡᠯᠡ ᠮᠥᠩᠭᠦ ᠶᠢ ᠠᠷᠪᠢᠯᠠᠪᠠ᠃ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ᠂ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠶᠢᠨ ᠠᠷᠠᠯᠵᠢᠶ᠎ᠠ ᠶᠢ ᠡᠯᠧᠺᠲᠷᠣᠨ ᠲᠠᠪᠴᠠᠩ ᠳᠤ ᠵᠢᠯ ᠳᠤ ᠨᠡᠶᠢᠲᠡ ᠭᠤᠷᠪᠠᠨ ᠪᠦᠯᠦᠭ ᠤᠳᠠᠭ᠎ᠠ ᠵᠢᠷᠭᠤᠭᠠᠨ ᠬᠡᠰᠡᠭ ᠭᠠᠵᠠᠷ ᠰᠢᠷᠣᠶ ᠶᠢ ᠫᠠᠶᠢᠰᠠ ᠡᠯᠭᠦᠨ ᠠᠷᠠᠯᠵᠢᠶᠠᠯᠠᠬᠤ ᠶᠢ ᠪᠡᠶᠡᠯᠡᠭᠦᠯᠵᠦ᠂ ᠫᠠᠶᠢᠰᠠ ᠡᠯᠭᠦᠨ ᠠᠷᠠᠯᠵᠢᠶᠠᠯᠠᠬᠤ ᠦᠨ᠎ᠡ ᠨᠢ 4.91 ᠳ᠋ᠦᠩᠰᠢᠭᠤᠷ ᠲᠥᠭᠦᠷᠢᠭ᠂ ᠠᠷᠠᠯᠵᠢᠶ᠎ᠠ ᠪᠦᠲᠦᠭᠰᠡᠨ ᠦᠨ᠎ᠡ ᠨᠢ 6.43 ᠳ᠋ᠦᠩᠰᠢᠭᠤᠷ ᠲᠥᠭᠦᠷᠢᠭ ᠪᠠᠶᠢᠵᠤ᠂ ᠥᠰᠦᠭᠰᠡᠨ ᠦᠨ᠎ᠡ ᠨᠢ ᠨᠡᠶᠢᠲᠡ 1.52 ᠳ᠋ᠦᠩᠰᠢᠭᠤᠷ ᠲᠥᠭᠦᠷᠢᠭ ᠲᠤ ᠬᠦᠷᠴᠡᠶ᠃ ᠪᠦᠬᠦ ᠶᠠᠪᠤᠴᠠ ᠶᠢᠨ  ᠡᠯᠧᠺᠲᠷᠤᠨᠴᠢᠯᠠᠬᠰᠠᠨ ᠠᠷᠠᠯᠵᠢᠶ᠎ᠠ ᠶᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ︽ᠲᠠᠪᠤ ᠶᠢ ᠨᠢᠭᠡᠳᠦᠯᠲᠡᠶ ᠪᠠᠶᠢᠯᠭᠠᠬᠤ︾ ᠶᠢᠨ ᠱᠠᠭᠠᠷᠳᠠᠯᠭ᠎ᠠ ᠶᠣᠰᠣᠭᠠᠷ᠂ ᠳᠠᠭᠠᠭᠠᠴᠢᠯᠠᠯᠲᠠ ᠨᠡᠶᠢᠲᠡᠯᠡᠬᠦ ᠲᠠᠰᠤᠭ 3᠂ ᠡᠯᠧᠺᠲᠷᠣᠨ ᠳᠠᠭᠠᠭᠠᠴᠢᠯᠠᠯᠲᠠ ᠦᠨᠡᠯᠡᠬᠦ ᠲᠠᠰᠤᠭ 4 ᠶᠢ ᠰᠢᠨ᠎ᠡ ᠪᠠᠷ ᠪᠠᠶᠢᠭᠤᠯᠵᠤ᠂ ᠪᠠᠷᠢᠮᠵᠢᠶᠠᠵᠢᠭᠤᠯᠤᠭᠰᠠᠨ ᠲᠠᠩᠰᠠ ᠡᠪᠬᠡᠮᠡᠯ ᠤᠨ ᠲᠠᠰᠤᠭ᠂ ᠰᠢᠯᠭᠠᠷᠠᠭᠤᠯᠬᠤ ᠺᠣᠮᠢᠰ ᠤᠨ ᠰᠣᠩᠭᠤᠨ ᠠᠪᠬᠤ ᠲᠠᠰᠤᠭ ᠢ ᠪᠠᠶᠢᠭᠤᠯᠵᠤ᠂ ᠲᠤᠰᠬᠠᠶ ᠱᠤᠭᠤᠮ ᠤᠨ ᠰᠦᠯᠵᠢᠶ᠎ᠡ 1 ᠶᠢ ᠪᠠᠶᠢᠭᠤᠯᠵᠤ᠂ ᠳᠠᠭᠠᠭᠠᠴᠢᠯᠠᠯᠲᠠ ᠦᠨᠡᠯᠡᠬᠦ ᠲᠠᠰᠤᠭ ᠤᠨ ᠪᠡᠯᠡᠳᠬᠡᠮᠵᠢ ᠲᠥᠬᠦᠭᠡᠷᠦᠮᠵᠢ ᠶᠢ ᠲᠠᠰ ᠳᠡᠪᠰᠢᠭᠦᠯᠦᠨ᠂  ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ︽ᠭᠤᠷᠪᠠᠨ ᠨᠢᠭᠡ︾ ᠶᠢ ᠪᠠᠷᠢᠮᠲᠠᠯᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠪᠠ ᠃ ᠨᠢᠭᠡ ᠳᠤ ᠨᠢᠭᠡ ᠢᠵᠢ ᠠᠷᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ︽ᠨᠢᠩᠴᠧᠩ ᠰᠢᠶᠠᠨ ᠤ  ᠪᠠᠭᠤᠯᠭᠠᠬᠤ ᠬᠠᠮᠢᠶᠠᠷᠬᠤ  ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠥᠰᠦᠯ︾ ︽ᠨᠢᠩᠴᠧᠩ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠶ ᠠᠷᠭ᠎ᠠ ᠬᠡᠮᠵᠢᠶ᠎ᠡ ᠨᠦᠭᠦᠳ︾ ︽ᠨᠢᠩᠴᠧᠩ ᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠦᠨᠡᠯᠡᠵᠦ ᠬᠠᠷᠢᠭᠤᠴᠠᠯᠭ᠎ᠠ ᠨᠡᠬᠡᠮᠵᠢᠯᠡᠬᠦ ᠲᠦᠷ ᠬᠡᠷᠡᠭᠵᠢᠭᠦᠯᠬᠦ ᠠᠷᠭ᠎ᠠ︾ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠬᠤ ᠳᠤ ᠲᠦᠷᠢᠮ ᠤᠨ ᠪᠠᠲᠤᠯᠠᠭ᠎ᠠ ᠬᠠᠩᠭᠠᠪᠠ᠃ ᠬᠤᠶᠠᠷ ᠲᠤ᠂ ᠨᠢᠭᠡ ᠪᠠᠷᠢᠮᠵᠢᠶ᠎ᠠ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠳᠤᠪᠤᠶᠢᠮ᠎ᠠ ᠠᠰᠠᠭᠤᠳᠠᠯ ᠢ  ᠰᠢᠢᠳᠪᠤᠷᠢᠯᠪᠠ᠃ ᠦᠢᠯᠡᠴᠢᠯᠡᠭᠡᠨ ᠤ ᠴᠣᠩᠬᠤᠨ ᠤ ᠠᠵᠢᠯ ᠶᠠᠪᠤᠳᠠᠯ  ᠭᠦᠢᠴᠡᠳᠭᠡᠬᠦ ᠵᠦᠭᠯᠡᠭᠦᠷ ᠢ ᠨᠢᠭᠡᠳᠦᠯᠲᠡᠶ ᠵᠢᠷᠤᠮᠵᠢᠭᠤᠯᠵᠤ᠂ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠬᠠᠭᠤᠳᠠᠰᠤ ᠶᠢ ᠨᠢᠭᠡᠳᠬᠡᠨ᠂ ᠬᠠᠪᠰᠤᠷᠤᠨ ᠬᠦᠢᠴᠡᠳᠭᠡᠵᠦ ᠣᠷᠣᠯᠠᠨ  ᠭᠦᠢᠴᠡᠳᠭᠡᠬᠦ ᠦᠢᠯᠡᠴᠢᠯᠡᠭᠡ ᠶᠢ  ᠴᠢᠩᠭᠠᠷᠠᠭᠤᠯᠪᠠ︔ ᠠᠵᠤ ᠠᠬᠤᠶᠢᠯᠠᠯ ᠢ ᠪᠠᠶᠢᠭᠤᠯᠤᠨ ᠡᠷᠬᠢᠯᠡᠵᠦ᠂ ᠲᠤᠰᠬᠠᠶ ᠣᠷᠣᠨ ᠠᠴᠠ  ᠭᠠᠷᠭᠠᠪᠠ᠃ ᠠᠵᠤ ᠠᠬᠤᠶᠢᠯᠠᠯ ᠤᠨ ᠠᠩᠬᠠᠨ ᠤ ᠢᠵᠢ ᠲᠠᠮᠠᠭ᠎ᠠ ᠶᠢ ᠰᠦᠢᠳᠭᠡᠯ ᠬᠤᠷᠢᠶᠠᠬᠤ ᠥᠬᠡᠶ ᠪᠠᠷ ᠰᠡᠶᠢᠯᠦᠨ  ᠦᠢᠯᠡᠳᠬᠦ ᠵᠡᠷᠭᠡ ᠲᠣᠮᠣ ᠪᠡᠯᠡᠭ ᠤᠨ ᠪᠣᠭᠴᠣ ᠶᠢ ᠬᠦᠷᠭᠡᠨ ᠥᠭᠴᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠳᠤ ᠲᠥᠬᠦᠮ ᠦᠵᠡᠭᠦᠯᠪᠡ᠃ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ︽ᠤᠬᠤᠷᠢᠨ ᠭᠠᠷᠬᠤ ᠳᠤ ᠬᠦᠴᠢᠷᠲᠡᠶ︾ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠰᠦᠯᠵᠢᠶᠡᠨ ᠳᠤ ᠬᠤᠯᠪᠣᠨ ᠭᠦᠢᠴᠡᠳᠭᠡᠬᠦ ᠶᠢ ᠵᠡᠷᠭᠡ ᠳᠤᠨᠢ  ᠪᠡᠶᠡᠯᠡᠭᠦᠯᠪᠡ᠃ ᠭᠤᠷᠪᠠ ᠳᠤ ᠨᠢᠭᠡ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠪᠠᠶᠢᠭᠤᠯᠭ᠎ᠠ ᠪᠣᠯᠤᠨ ᠠᠵᠤ ᠠᠬᠤᠶᠢᠯᠠᠯ ᠤᠨ ︽ᠬᠤᠶᠠᠷ ᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠳᠤ ᠢᠳᠡᠪᠬᠢᠲᠡᠶ ᠦᠢᠯᠡᠴᠢᠯᠡᠪᠡ᠃ ᠬᠡᠯᠪᠡᠷᠢ ᠶᠢ ᠨᠢ ᠥᠭᠡᠷᠡᠲᠡᠭᠦᠯᠦᠨ ᠪᠠᠶᠢᠴᠠᠭᠠᠵᠤ ᠬᠢᠨᠠᠨ ᠵᠥᠪᠰᠢᠶᠡᠷᠡᠬᠦ ᠪᠠ ᠵᠠᠰᠠᠭ ᠵᠠᠬᠢᠷᠭᠠᠨ ᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠵᠢᠷᠤᠮ ᠢ ᠵᠢᠷᠤᠮᠵᠢᠭᠤᠯᠵᠤ᠂ ᠠᠳᠠᠯᠢ ᠪᠤᠰᠤ ᠥᠮᠴᠢᠯᠡᠯ ᠤᠨ ᠠᠵᠤ ᠠᠬᠤᠶᠢᠯᠠᠯ ᠳᠤ ᠢᠯᠭᠠᠭ᠎ᠠ ᠲᠠᠢ ᠪᠠᠷ ᠬᠠᠨᠳᠤᠬᠤ ᠵᠡᠷᠭᠡ ᠬᠢᠵᠠᠭᠠᠷᠯᠠᠬᠤ ᠵᠦᠢᠯ ᠵᠤᠷᠪᠤᠰ ᠢ ᠴᠢᠩᠭ᠎ᠠ ᠴᠠᠭᠠᠵᠠᠯᠠᠵᠤ᠂ ᠭᠤᠣᠯᠴᠢ ᠪᠠᠷ ᠥᠷᠢᠰᠥᠯᠳᠦᠬᠦ ᠣᠷᠴᠢᠨ ᠨᠥᠬᠦᠴᠡᠯ ᠢ ᠪᠤᠢ ᠪᠣᠯᠭᠠᠪᠠ᠃ ᠬᠥᠲᠥᠯᠥᠭᠴᠢ  ᠄ 2021 ᠣᠨ ᠳᠤ᠂ ᠪᠥᠬᠦ ᠬᠤᠲᠠ ᠶᠢᠨ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠣᠨ︾ ᠪᠣᠯᠤᠭᠰᠠᠨ ᠤ ᠬᠤᠪᠢ ᠳᠤ᠂ ᠮᠠᠨ ᠤ ᠰᠢᠶᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖ ᠢᠦᠢ ᠬᠠᠢ ᠰᠢᠤᠸᠠᠢ  ᠄ ᠰᠢᠶᠠᠨ ᠤ ᠨᠠᠮ ᠤᠨ  ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ︽ᠨᠢᠩᠴᠧᠩ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠣᠨ ᠤ ︿ᠲᠤᠰᠬᠠᠢ ᠠᠵᠢᠯᠯᠠᠭ᠎ᠠ ᠶᠢᠨ ᠲᠥᠰᠦᠯ﹀ ᠢ ᠲᠣᠭᠲᠠᠭᠠᠵᠤ᠂ ᠪᠦᠬᠦ ᠵᠢᠯ ᠤᠨ ᠠᠵᠢᠯ ᠤᠨ ᠡᠭᠦᠷᠭᠡ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠤ ᠬᠠᠮᠲᠤ ᠵᠣᠬᠢᠶᠠᠨ ᠪᠠᠶᠢᠭᠤᠯᠵᠤ ᠤᠳᠤᠷᠢᠳᠬᠤ᠂ ᠦᠨᠡᠯᠡᠬᠦ ᠰᠢᠰᠲ᠋ᠧᠮ᠂ ᠬᠠᠮᠵᠢᠯᠴᠠᠬᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠳᠤ ᠤᠯᠠᠮ ᠴᠢᠨᠠᠭᠰᠢᠳᠠ ᠲᠣᠳᠣᠷᠬᠠᠢ ᠱᠠᠭᠠᠷᠳᠠᠯᠭ᠎ᠠ ᠳᠤᠷᠠᠳᠴᠤ᠂ ᠡᠯ᠎ᠡ ᠵᠦᠢᠯ ᠤᠨ ᠡᠭᠦᠷᠭᠡ ᠶᠢ ᠨᠢᠭᠲᠠ ᠤᠶᠠᠯᠳᠤᠭᠤᠯᠵᠤ᠂ ᠡᠮᠬᠢ ᠵᠢᠷᠤᠮ ᠲᠠᠢ ᠪᠠᠷ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠠᠢ᠃ ᠣᠳᠣᠬᠠᠨ ᠳᠤ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠴᠥᠮ ᠲᠤᠰᠬᠠᠶ ᠠᠵᠢᠯᠯᠠᠭᠠᠨ ᠤ ᠲᠥᠰᠦᠯ ᠲᠣᠭᠲᠠᠭᠠᠵᠤ᠂ ᠨᠠᠶᠢᠳᠠᠪᠤᠷᠢᠵᠢᠭᠤᠯᠬᠤ ᠨᠠᠷᠢᠨ ᠲᠠᠩᠰᠠ ᠶᠢ ᠲᠥᠷᠥᠯ ᠬᠤᠪᠢᠶᠠᠨ ᠲᠣᠭᠲᠠᠭᠠᠵᠤ᠂ ᠠᠵᠢᠯ ᠤᠨ ᠡᠬᠡ ᠲᠠᠩᠰᠠ ᠶᠢ ᠪᠣᠶ ᠪᠣᠯᠭᠠᠪᠠ᠃ ᠡᠭᠦᠨ ᠤ ᠵᠡᠷᠭᠡ ᠳᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠳᠤ ᠢᠳᠡᠪᠬᠢᠲᠡᠶ ᠪᠠᠷ ᠭᠦᠨᠵᠡᠭᠡᠶᠢᠷᠡᠵᠦ᠂ ᠬᠦᠰᠡᠯ ᠱᠠᠭᠠᠷᠳᠠᠯᠭ᠎ᠠ ᠶᠢ ᠰᠣᠨᠣᠰᠴᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠬᠥᠲᠥᠯᠥᠭᠴᠢ᠄ ᠰᠦᠯᠵᠢᠶᠡᠨ ᠤ ᠨᠠᠶᠢᠵᠠ ᠨᠠᠷ ᠠᠰᠠᠭᠤᠯᠲᠠ ᠠᠰᠠᠭᠤᠵᠤ  ᠪᠤᠯᠤᠨ᠎ᠠ᠂ ᠰᠦᠯᠵᠢᠶᠡᠨ ᠤ ᠨᠠᠶᠢᠵᠠ ᠨᠠᠷ ᠶᠠᠮᠠᠷ ᠠᠰᠠᠭᠤᠳᠠᠯ ᠲᠠᠢ ᠪᠣᠯ ᠲᠣᠪᠴᠢᠶᠠᠨ ᠳᠠᠷᠤᠭ᠎ᠠ ᠠᠴᠠ ᠠᠰᠠᠭᠤᠵᠤ ᠪᠣᠯᠤᠨ᠎ᠠ᠃ ᠰᠦᠯᠵᠢᠶᠡᠨ ᠤ ᠨᠠᠶᠢᠵᠠ 1᠄ ᠪᠢ ︽ᠨᠢᠭᠡ ᠤᠴᠢᠷ ᠢ ᠨᠢᠭᠡᠯᠡ ᠳᠡᠭᠡᠷ᠎ᠡ ᠭᠦᠢᠴᠡᠳᠭᠡᠬᠦ︾ ᠳᠤ ᠶᠡᠭᠡ ᠰᠣᠨᠢᠷᠬᠠᠯ ᠲᠠᠢ ᠪᠠᠶᠢᠳᠠᠭ᠂ ᠵᠢᠱᠢᠶᠡᠯᠡᠪᠡᠯ ᠪᠢ ᠥᠷᠯᠥᠭᠡ ᠶᠢᠨ ᠬᠤᠭᠤᠯᠠᠨ ᠤ ᠭᠠᠵᠠᠷ ᠨᠡᠭᠡᠭᠡᠬᠦ ᠳᠤ᠂ ᠨᠢᠭᠡᠯᠡ ᠳᠡᠭᠡᠷ᠎ᠡ ᠭᠦᠢᠴᠡᠳᠭᠡᠬᠦ ᠳᠤ ᠶᠠᠮᠠᠷ ᠶᠠᠮᠠᠷ ᠮᠠᠲ᠋ᠧᠷᠢᠶᠠᠯ ᠬᠡᠷᠡᠭᠰᠡᠬᠦ᠂ ᠶᠠᠮᠠᠷ ᠶᠠᠮᠠᠷ ᠶᠠᠪᠤᠴᠠ ᠶᠢ ᠥᠩᠭᠡᠷᠡᠭᠡᠬᠦ ᠪᠤᠶ  ︖᡼ ᠢᠦᠶ ᠬᠠᠶ ᠰᠢᠤᠸᠠᠢ᠄ ᠰᠦᠯᠵᠢᠶᠡᠨ ᠤ ᠨᠠᠶᠢᠵᠠ ᠬᠡᠷᠪᠡ ᠥᠷᠯᠥᠭᠡ ᠶᠢᠨ ᠬᠤᠭᠤᠯᠠᠨ ᠤ ᠳᠡᠯᠭᠡᠭᠦᠷ ᠨᠡᠭᠡᠭᠡᠶ᠎ᠡ ᠭᠡᠪᠡᠯ᠂ ︽ᠨᠢᠭᠡ ᠤᠴᠢᠷ ᠢ ᠨᠢᠭᠡᠯᠡ ᠳᠡᠭᠡᠷ᠎ᠡ ᠭᠦᠢᠴᠡᠳᠭᠡᠬᠦ︾ ᠶᠠᠪᠤᠴᠠ ᠶᠢ ᠦᠨᠳᠦᠰᠦᠯᠡᠨ᠂ ᠲᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠡᠬᠢᠯᠡᠬᠦ ᠳᠠᠩᠰᠠᠯᠠᠯᠲᠠ ᠶᠢᠨ ᠭᠤᠶᠤᠴᠢᠯᠠᠯ ᠤᠨ ᠪᠢᠴᠢᠭ ᠢ ᠬᠠᠩᠭᠠᠬᠤ ᠴᠢᠬᠤᠯᠠᠲᠠᠶ᠂ ᠡᠵᠡᠩᠨᠡᠯᠲᠡ ᠶᠢᠨ ᠲᠠᠯᠠᠪᠤᠷ ᠤᠨ ᠬᠡᠷᠡᠭᠯᠡᠬᠦ ᠭᠡᠷᠡᠴᠢ᠂ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠭᠤᠶᠤᠴᠢᠯᠠᠯ ᠤᠨ ᠪᠢᠴᠢᠭ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ᠂ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ᠂ ᠢᠳᠡᠭᠡᠨ ᠤ ᠭᠦᠢᠯᠭᠡᠭᠡᠨ ᠤ ᠲᠦᠷᠢᠮ᠂ ᠬᠡᠷ ᠤᠨ ᠭᠠᠳᠠᠨᠠᠬᠢ ᠲᠣᠮᠣ ᠬᠡᠯᠪᠡᠷᠢ ᠶᠢᠨ ᠵᠠᠷ ᠭᠠᠷᠭᠠᠬᠤ ᠵᠢᠴᠢ ᠬᠤᠲᠠ ᠶᠢᠨ ᠪᠠᠷᠢᠯᠭ᠎ᠠ ᠶᠢᠨ ᠪᠡᠯᠡᠳᠬᠡᠮᠵᠢ ᠳᠡᠭᠡᠷ᠎ᠡ ᠤᠬᠠᠭᠤᠯᠭ᠎ᠠ ᠶᠢᠨ  ᠵᠤᠶᠢᠯ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠤᠨ ᠬᠦᠰᠦᠨᠦᠭᠲᠦ ᠡᠯᠭᠦᠵᠦ ᠨᠠᠭᠠᠬᠤ᠂ ᠵᠠᠷ ᠤᠨ ᠫᠠᠶᠢᠰᠠ ᠢᠯᠡᠷᠬᠡᠶᠢᠯᠡᠯ ᠤᠨ ᠦᠷ᠎ᠡ ᠪᠦᠲᠦᠮᠵᠢ ᠶᠢᠨ ᠣᠶᠢᠷ᠎ᠠ ᠦᠵᠡᠮᠵᠢ ᠠᠯᠤᠰ ᠤᠨ ᠲᠥᠯᠥᠪ ᠲᠣᠰ ᠪᠦᠷᠢ ᠨᠢᠭᠡ ᠬᠠᠭᠤᠳᠠᠰᠤ᠂ ᠫᠠᠶᠢᠰᠠ ᠢᠯᠡᠷᠬᠡᠶᠢᠯᠡᠯ ᠤᠨ ᠵᠠᠷ ᠮᠡᠳᠡᠭᠡ ᠶᠢᠨ ᠮᠣᠩᠭᠤᠯ ᠬᠢᠲᠠᠳ ᠬᠡᠯᠡᠨ ᠤ ᠬᠢᠨᠠᠨ ᠬᠠᠷᠭᠤᠭᠤᠯᠬᠤ ᠬᠦᠰᠦᠨᠦᠭᠲᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠮᠡᠳᠡᠭᠦᠯᠬᠦ ᠬᠦᠰᠦᠨᠦᠭᠲᠦ ︵ᠭᠤᠶᠤᠴᠢᠯᠠᠭᠰᠠᠨ  ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠶ︶᠂ ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠢᠨᠠᠨ ᠵᠥᠪᠰᠢᠶᠡᠷᠡᠭᠦᠯᠬᠦ ᠮᠡᠳᠡᠭᠳᠡᠯ ᠤᠨ ᠪᠢᠴᠢᠭ ᠵᠡᠷᠭᠡ ᠶᠢ ᠡᠯᠭᠦᠬᠦ ᠬᠡᠷᠡᠭᠲᠡᠶ᠃ ᠲᠠ ᠳᠡᠭᠡᠷᠡᠬᠢ ᠭᠤᠶᠤᠴᠢᠯᠠᠯ ᠤᠨ ᠮᠠᠲ᠋ᠧᠷᠢᠶᠠᠯ ᠢ ︽ᠨᠢᠭᠡᠯᠡ ᠳᠡᠭᠡᠷ᠎ᠡ ᠭᠦᠢᠴᠡᠳᠭᠡᠬᠦ︾ ᠴᠣᠩᠬᠤᠨ ᠳᠤ ᠲᠤᠰᠢᠶᠠᠵᠤ᠂ ᠴᠣᠩᠬᠤᠨ ᠤ ᠠᠵᠢᠯᠲᠠᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠴᠣᠩᠬᠤᠨ ᠤ ᠠᠵᠢᠯᠲᠠᠨ ᠤ ᠠᠷᠤ ᠲᠠᠪᠴᠠᠩ ᠠᠴᠠ ᠡᠯ᠎ᠡ ᠰᠠᠯᠠᠭ᠎ᠠ ᠮᠥᠴᠢᠷ ᠲᠤ ᠲᠠᠷᠬᠠᠭᠠᠨ ᠥᠭᠴᠦ ᠬᠢᠨᠠᠨ ᠵᠥᠪᠰᠢᠶᠡᠷᠡᠭᠦᠯᠦᠨ᠎ᠡ᠂ ᠬᠢᠨᠠᠨ ᠵᠥᠪᠰᠢᠶᠡᠷᠡᠵᠦ ᠪᠠᠷᠠᠭᠰᠠᠨ ᠤ ᠳᠠᠷᠠᠭ᠎ᠠ ᠳᠠᠷᠤᠶ ᠦᠨᠡᠮᠯᠡᠯ ᠭᠠᠷᠭᠠᠵᠤ ᠪᠣᠯᠤᠨ᠎ᠠ᠂ ᠲᠠ 10 ᠠᠵᠢᠯᠯᠠᠬᠤ ᠡᠳᠦᠷ ᠤᠨ ᠳᠠᠷᠠᠭ᠎ᠠ ︽ᠨᠢᠭᠡᠯᠡ ᠳᠡᠭᠡᠷ᠎ᠡ ᠭᠦᠢᠴᠡᠳᠭᠡᠬᠦ︾ ᠴᠣᠩᠬᠤᠨ ᠠᠴᠠ ᠥᠷᠯᠥᠭᠡ ᠶᠢᠨ ᠬᠤᠭᠤᠯᠠᠨ ᠤ ᠳᠡᠯᠭᠡᠭᠦᠷ ᠨᠡᠭᠡᠭᠡᠬᠦ ᠵᠥᠪᠰᠢᠶᠡᠷᠡᠯ ᠤᠨ ᠦᠨᠡᠮᠯᠡᠯ ᠢᠶᠠᠨ ᠠᠪᠴᠤ ᠪᠣᠯᠤᠨ᠎ᠠ᠃ ᠰᠦᠯᠵᠢᠶᠡᠨ ᠤ ᠨᠠᠶᠢᠵᠠ 2᠄ ᠣᠳᠣᠬᠠᠨ ᠳᠤ ᠪᠥᠬᠦ ᠣᠷᠣᠨ ᠳᠤ ᠴᠥᠮ ︽ᠮᠥᠩᠬᠡ ᠰᠣᠪᠠᠭ︾ ᠤᠨ APP ᠶᠢ ᠳᠡᠯᠭᠡᠷᠡᠭᠦᠯᠦᠨ ᠬᠡᠷᠡᠭᠯᠡᠵᠦ ᠪᠠᠶᠢᠨ᠎ᠠ᠂ ᠲᠣᠪᠴᠢᠶᠠᠨ ᠳᠠᠷᠤᠭ᠎ᠠ ᠠᠴᠠ ᠡᠨᠡ ᠬᠦ ︽ᠮᠥᠩᠬᠡ ᠰᠣᠪᠠᠭ︾ ᠤᠨ APP ᠨᠢ ᠶᠠᠮᠠᠷ ᠶᠠᠮᠠᠷ ᠦᠢᠯᠡᠴᠢᠯᠡᠭᠡ ᠬᠠᠩᠭᠠᠵᠤ ᠳᠡᠶᠢᠯᠬᠦ ᠶᠢ ᠲᠠᠨᠢᠯᠴᠠᠭᠤᠯᠤᠭᠠᠳ ᠥᠭᠭᠦᠨ᠎ᠡ︖ ᠶᠠᠮᠠᠷ ᠶᠠᠮᠠᠷ ᠳᠠᠪᠠᠭᠤᠯᠢᠭ ᠲᠠᠯ᠎ᠠ ᠲᠠᠢ ᠪᠤᠢ︖ ᠢᠦᠶ ᠬᠠᠶ ᠰᠢᠤᠸᠠᠢ  ᠄ ᠰᠦᠯᠵᠢᠶᠡᠨ ᠤ ᠨᠠᠶᠢᠵᠠ ᠶᠢᠨ ᠬᠡᠯᠡᠳᠡᠭ ︽ᠮᠥᠩᠬᠡ ᠰᠣᠪᠠᠭ · ᠠᠯᠠᠭᠠᠨ ᠳᠡᠭᠡᠷ᠎ᠡ ᠭᠦᠢᠴᠡᠳᠭᠡᠬᠦ︾ ᠪᠣᠯ ᠥᠪᠡᠷᠲᠡᠭᠡᠨ ᠵᠠᠰᠠᠬᠤ ᠣᠷᠣᠨ ᠤ ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠮᠵᠢ ᠪᠠᠷ ᠪᠥᠬᠦ ᠣᠷᠣᠨ ᠤ ᠨᠢᠭᠡᠳᠦᠯᠲᠡᠶ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠭᠰᠠᠨ ᠶᠤᠮ᠃ ᠣᠳᠣᠬᠠᠨ ᠳᠤ᠂ ᠡᠨᠡ ᠬᠦ ᠦᠢᠯᠡᠴᠢᠯᠡᠭᠡᠨ ᠤ ᠲᠠᠪᠴᠠᠩ ᠳᠡᠭᠡᠷ᠎ᠡ᠂ ᠦᠢᠯᠡᠴᠢᠯᠡᠭᠡᠨ ᠤ ᠵᠤᠶᠢᠯᠡᠰ ᠨᠢ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ ᠳᠠᠭᠠᠳᠬᠠᠯ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠠᠮᠢᠳᠤᠷᠠᠯ ᠤᠨ ᠰᠦᠢᠳᠭᠡᠯ ᠲᠤᠰᠢᠶᠠᠬᠤ ᠵᠡᠷᠭᠡ ᠬᠦᠷᠢᠶᠡᠨ ᠳᠤ ᠬᠤᠯᠪᠣᠭᠳᠠᠵᠤ ᠪᠠᠶᠢᠨ᠎ᠠ᠃ ᠲᠣᠰ ᠦᠢᠯᠡᠴᠢᠯᠡᠭᠡᠨ ᠤ ᠲᠠᠪᠴᠠᠩ ᠨᠢ ᠨᠢᠭᠡ ᠳᠤ ᠪᠠᠶᠢᠴᠠᠭᠠᠨ ᠯᠠᠪᠯᠠᠬᠤ ᠴᠢᠳᠠᠮᠵᠢ ᠲᠠᠢ᠂ ᠲᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠪᠠᠶᠢᠳᠠᠯ᠂ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ᠂ ᠬᠢᠯᠢ ᠪᠠᠷ ᠣᠷᠣᠵᠤ ᠭᠠᠷᠬᠤ ᠦᠨᠡᠮᠯᠡᠯ ᠢ ᠭᠦᠢᠴᠡᠳᠭᠡᠭᠰᠡᠨ ᠪᠠᠶᠢᠳᠠᠯ᠂ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ᠂ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ᠂ ᠲᠦᠷᠭᠡᠨ ᠬᠦᠷᠭᠡᠯᠲᠡ ᠶᠢᠨ ᠮᠡᠳᠡᠭᠡ ᠵᠠᠩᠭᠢ᠂ ᠤᠰᠤ ᠴᠠᠬᠢᠯᠭᠠᠨ ᠳᠤᠯᠠᠭᠠᠮᠵᠢ ᠶᠢᠨ ᠵᠠᠷᠤᠳᠠᠯ ᠤᠨ ᠪᠠᠶᠢᠳᠠᠯ ᠵᠡᠷᠭᠡ ᠶᠢ ᠪᠠᠶᠢᠴᠠᠭᠠᠨ ᠯᠠᠪᠯᠠᠵᠤ ᠪᠣᠯᠤᠨ᠎ᠠ᠃ ᠬᠤᠶᠠᠷ ᠲᠤ ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠭᠡᠬᠦ ᠴᠢᠳᠠᠮᠵᠢ ᠲᠠᠢ᠂ ᠣᠷᠣᠰᠢᠨ ᠰᠠᠭᠤᠬᠤ ᠦᠨᠡᠮᠯᠡᠯ ᠢ ᠰᠦᠯᠵᠢᠶᠡᠨ ᠳᠡᠭᠡᠷ᠎ᠡ ︵ᠤᠷᠢᠳᠴᠢᠯᠠᠨ ᠪᠣᠯᠵᠣᠬᠤ︶᠂ ᠤᠰᠤᠨ ᠴᠠᠬᠢᠯᠭᠠᠨ ᠳᠤᠯᠠᠭᠠᠮᠵᠢ ᠵᠡᠷᠭᠡ ᠶᠢ ᠰᠦᠯᠵᠢᠶᠡᠨ ᠳᠡᠭᠡᠷ᠎ᠡ ᠲᠤᠰᠢᠶᠠᠵᠤ ᠪᠣᠯᠤᠨ᠎ᠠ᠃ ᠭᠤᠷᠪᠠ ᠳᠤ ᠡᠯᠧᠺᠲᠷᠣᠨ ᠭᠡᠷᠡᠴᠢ ᠦᠨᠡᠮᠯᠡᠯ ᠤᠨ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃ ᠬᠡᠷᠡᠭᠯᠡᠭᠴᠢ ᠶᠢᠨ ᠬᠡᠶᠢᠰᠪᠦᠷᠢ ᠺᠠᠷᠲ ᠤᠨ ᠪᠣᠭᠴᠣᠨ ᠳᠤ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ᠂ ᠠᠶᠠᠯᠠᠨ ᠶᠠᠪᠤᠬᠤ ᠦᠨᠡᠮᠯᠡᠯ᠂ ᠣᠷᠤᠭ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠵᠡᠷᠭᠡ ᠪᠠᠶᠢᠬᠤ ᠬᠡᠷᠡᠭᠲᠡᠶ᠂ ᠬᠡᠷᠡᠭᠯᠡᠭᠴᠢ ᠦᠨᠡᠮᠯᠡᠯ ᠢᠶᠠᠨ ᠢᠯᠡ ᠪᠣᠯᠭᠠᠬᠤ᠂ ᠺᠣᠳ᠋ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢᠶᠠᠨ ᠭᠦᠢᠴᠡᠳᠭᠡᠵᠦ ᠪᠣᠯᠤᠨ᠎ᠠ᠃ ᠰᠢᠭᠤᠳ ᠬᠡᠯᠡᠪᠡᠯ᠂ ︽ᠮᠥᠩᠬᠡ ᠰᠣᠪᠠᠭ · ᠠᠯᠠᠭᠠᠨ ᠳᠡᠭᠡᠷ᠎ᠡ ᠭᠦᠢᠴᠡᠳᠭᠡᠬᠦ︾ ᠦᠢᠯᠡᠴᠢᠯᠡᠭᠡᠨ ᠤ ᠴᠢᠳᠠᠮᠵᠢ ᠨᠢ ᠤᠯᠠᠮ ᠠᠴᠠ ᠤᠯᠠᠮ ᠴᠢᠩᠭᠠᠷᠠᠵᠤ᠂ ᠦᠢᠯᠡᠴᠢᠯᠡᠭᠡᠨ ᠤ ᠠᠭᠤᠯᠭ᠎ᠠ ᠨᠢ ᠤᠯᠠᠮ ᠠᠴᠠ ᠤᠯᠠᠮ ᠪᠠᠶᠠᠯᠢᠭᠵᠢᠵᠤ᠂ ᠯᠠᠪᠲᠠᠶ᠎ᠠ ᠠᠷᠠᠳ ᠣᠯᠠᠨ ᠤ ︽ᠬᠡᠷᠡᠭᠯᠡᠬᠦ ᠳᠤ ᠲᠥᠭᠦᠮ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠦᠷᠭᠦᠯᠵᠢ ᠬᠡᠷᠡᠭᠯᠡᠬᠦ᠂ ᠵᠠᠪᠠᠯ ᠦᠵᠡᠵᠦ ᠵᠠᠪᠠᠯ ᠬᠡᠷᠡᠭᠯᠡᠬᠦ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠬᠤ ᠶᠤᠮ᠃ ᠪᠠᠰᠠ ᠥᠨᠥᠳᠦᠷ ᠤᠨ ᠫᠷᠤᠭ᠍ᠷᠠᠮ ᠢᠶᠠᠷ ᠳᠠᠮᠵᠢᠭᠤᠯᠤᠨ ᠣᠯᠠᠨ ᠳᠤ ︽ᠮᠥᠩᠬᠡ ᠰᠤᠪᠠᠭ︾ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠨᠠᠩ ᠣᠯᠠᠨ ᠬᠥᠮᠦᠨ ᠳᠤ ︽ᠮᠥᠩᠬᠡ ᠰᠤᠪᠠᠭ︾ ᠢ ᠪᠠᠭᠤᠯᠭᠠᠨ ᠭᠡᠷᠩᠯᠡᠬᠦ ᠶᠢ ᠬᠦᠰᠡᠵᠦ ᠪᠠᠶᠢᠨ᠎ᠠ᠃ ᠬᠥᠲᠥᠯᠥᠭᠴᠢ᠄ ᠥᠨᠥᠳᠦᠷ ᠤᠨ ᠰᠤᠷᠪᠤᠯᠵᠢᠯᠠᠭ᠎ᠠ ᠶᠢᠨ ᠫᠷᠤᠭ᠍ᠷᠠᠮ ᠳᠤ᠂ ᠢᠦᠶ ᠲᠣᠪᠴᠢᠶᠠᠨ ᠳᠠᠷᠤᠭ᠎ᠠ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠪᠥᠬᠦ ᠰᠢᠶᠠᠨ ᠤ ᠶᠠᠭ ᠶᠡᠭᠡ ᠪᠠᠷ ᠠᠬᠢᠭᠤᠯᠵᠤ ᠪᠠᠶᠢᠭ᠎ᠠ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠣᠨ︾ ᠤ ᠠᠵᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠢᠳᠡᠪᠬᠢᠲᠡᠶ ᠥᠷᠨᠢᠭᠦᠯᠵᠦ ᠪᠠᠶᠢᠭ᠎ᠠ ︽ᠮᠥᠩᠬᠡ ᠰᠣᠪᠠᠭ · ᠲᠦᠷᠪᠡᠨ ᠭᠦᠢᠴᠡᠳᠭᠡᠬᠦ︾ ᠠᠵᠢᠯ ᠤᠨ ᠲᠤᠬᠠᠶ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠪᠠ᠃ ᠢᠦᠢ ᠲᠣᠪᠴᠢᠶᠠᠨ ᠳᠠᠷᠤᠭ᠎ᠠ ᠶᠢᠨ ᠴᠠᠭ  ᠭᠠᠷᠭᠠᠨ ᠪᠢᠳᠡᠨᠤᠰ ᠲᠠᠢ ᠪᠤᠳᠤᠯ ᠰᠠᠨᠠᠯ ᠢᠶᠠᠨ ᠰᠣᠯᠢᠯᠴᠠᠭᠰᠠᠨ ᠳᠤ ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠶ᠎ᠡ᠂ ᠪᠠᠶᠠᠷᠲᠠᠶ︕
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号