ᠬᠤᠲᠠ ᠶᠢᠨ ᠬᠠᠮᠢᠶᠠᠷᠤᠯᠲᠠ ᠶᠢ ᠴᠢᠩᠭᠠᠳᠬᠠᠵᠤ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/11/8
ᠰᠤᠷᠪᠤᠯᠵᠢᠯᠠᠬᠰᠠᠨ ᠴᠠᠭ᠄ 2021 ᠣᠨ ᠤ 4 ᠰᠠᠷ᠎ᠠ ᠶᠢᠨ 13  ᠤ ᠡᠳᠤᠷᠰᠤᠷᠪᠤᠯᠵᠢᠯᠠᠬᠰᠠᠨ ᠭᠠᠵᠠᠷ᠄ ᠨᠢᠩᠴᠧᠩ ᠰᠢᠶᠠᠨ ᠤ ᠰᠦᠯᠵᠢᠶᠡᠨ ᠳᠠᠬᠢ ᠰᠤᠷᠪᠤᠯᠵᠢᠯᠠᠭ᠎ᠠ ᠶᠢᠨ ᠭᠡᠷ ᠰᠤᠷᠪᠤᠯᠵᠢᠯᠠᠬᠰᠠᠨ ᠵᠣᠴᠢᠨ᠄ ᠨᠢᠩᠴᠧᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠺᠦᠩ ᠴᠢᠩ ᠪᠢᠨ    ᠬᠥᠲᠥᠯᠥᠭᠴᠢ᠄ ᠤᠢᠢᠷ᠎ᠠ ᠶᠢᠨ ᠵᠢᠯ ᠳᠤ᠂ ᠥᠷᠭᠡᠨ ᠤᠯᠠᠨ ᠠᠷᠠᠳ ᠲᠦᠮᠡᠨ ᠨᠢᠩᠴᠧᠩ ᠰᠢᠶᠠᠨ ᠤ ᠬᠤᠳᠠ ᠶᠢᠨ ᠣᠷᠴᠢᠨ ᠲᠣᠭᠤᠷᠢᠨ ᠤ ᠯᠤᠲᠤ ᠶᠡᠭᠡ ᠬᠤᠪᠢᠷᠠᠯᠲᠠ ᠶᠢ ᠭᠡᠷᠡᠴᠢᠯᠡᠵᠦ᠂ ᠤᠯᠠᠨ ᠨᠡᠶᠢᠲᠡ ᠶᠢᠨ ᠲᠥᠬᠦᠭᠡᠷᠦᠮᠵᠢ ᠨᠡᠩ ᠲᠡᠭᠦᠯᠳᠡᠷᠵᠢᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠨᠡᠩ ᠴᠡᠪᠡᠷ ᠴᠡᠮᠴᠡᠭᠡᠷ ᠪᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠨᠡᠩ ᠪᠠᠶᠠᠯᠢᠭᠵᠢᠵᠤ᠂ ᠬᠤᠳᠠ ᠶᠢᠨ ᠦᠵᠡᠮᠵᠢ ᠶᠢᠨ ᠡᠮᠬᠢ ᠳᠢᠭᠯᠢᠮ ᠨᠡᠩ ᠵᠢᠷᠤᠮᠵᠢᠭᠰᠠᠨ ᠪᠠᠶᠢᠨ᠎ᠠ᠃ ᠥᠨᠥᠳᠦᠷ ᠪᠢᠳᠡ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠺᠦᠩ ᠴᠢᠩ ᠪᠢᠨ ᠨᠥᠬᠦᠷ ᠢ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠤᠭ᠍ᠷᠠᠮ ᠳᠤ ᠤᠷᠢᠵᠤ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠬᠠᠮᠲᠤ ᠪᠠᠷ ᠬᠤᠲᠠ ᠶᠢᠨ ᠬᠠᠮᠢᠶᠠᠷᠤᠯᠲᠠ ᠶᠢᠨ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠡᠷᠢᠯᠴᠠᠶ᠎ᠠ᠃ ᠺᠦᠩ ᠲᠣᠪᠴᠢᠶᠠᠨ ᠳᠠᠷᠤᠭ᠎ᠠ ᠠ᠂ ᠲᠠ ᠰᠠᠶᠢᠨ ᠤᠤ︕ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠤᠭ᠍ᠷᠠᠮ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠵᠣᠴᠢᠨ ᠺᠦᠩ ᠴᠢᠩ ᠪᠢᠨ᠄ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ᠂ ᠬᠥᠲᠥᠯᠥᠭᠴᠢ ᠰᠠᠶᠢᠨ ᠪᠠᠶᠢᠨ᠎ᠠ︕ ᠪᠦᠬᠦ ᠰᠢᠶᠠᠨ ᠤ ᠠᠷᠠᠳ ᠲᠦᠮᠡᠨ ᠲᠠᠢ ᠰᠠᠨᠠᠯ ᠢᠶᠠᠨ ᠰᠣᠯᠢᠯᠴᠠᠬᠤ ᠡᠶᠢᠮᠦ ᠨᠢᠭᠡᠨ ᠲᠣᠬᠢᠶᠠᠯ ᠣᠯᠤᠭᠰᠠᠨ ᠳᠤ ᠮᠠᠰᠢ ᠪᠠᠶᠠᠷᠯᠠᠵᠤ ᠪᠠᠶᠢᠨ᠎ᠠ᠂ ᠡᠨᠡᠬᠦ ᠲᠠᠪᠴᠠᠩ ᠢᠶᠠᠷ ᠳᠠᠮᠵᠢᠭᠤᠯᠤᠨ ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠲᠤ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠨᠡᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠬᠤᠳᠠ ᠶᠢᠨ ᠬᠠᠮᠢᠶᠠᠷᠤᠯᠲᠠ ᠶᠢ ᠬᠠᠯᠠᠮᠵᠢᠯᠠᠵᠤ᠂ ᠬᠤᠳᠠ ᠶᠢᠨ ᠬᠠᠮᠢᠶᠠᠷᠤᠯᠲᠠ ᠳᠤ ᠣᠷᠣᠯᠴᠠᠵᠤ᠂ ᠬᠤᠳᠠ ᠶᠢᠨ ᠬᠠᠮᠢᠶᠠᠷᠤᠯᠲᠠ ᠶᠢ ᠳᠡᠮᠵᠢᠵᠦ᠂ ᠨᠡᠩ ᠢᠯᠡᠭᠦᠦ ᠣᠷᠣᠰᠢᠨ ᠰᠠᠭᠤᠬᠤ ᠳᠤ ᠲᠣᠬᠢᠷᠠᠮᠵᠢᠲᠠᠶ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠴᠣᠭᠴᠠᠯᠠᠨ ᠪᠠᠶᠢᠭᠤᠯᠬᠤ ᠶᠢ ᠬᠦᠰᠡᠵᠦ ᠪᠠᠶᠢᠨ᠎ᠠ᠃     ᠬᠥᠲᠥᠯᠥᠭᠴᠢ᠄ ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠲᠣᠪᠤᠶᠢᠮ᠎ᠠ ᠠᠮᠵᠢᠯᠲᠠ ᠣᠯᠵᠤ᠂ 2019 ᠣᠨ ᠳᠤ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠬᠤᠲᠠ ᠶᠢᠨ ᠬᠠᠮᠢᠶᠠᠷᠤᠯᠲᠠ ᠶᠢᠨ ᠲᠡᠷᠢᠭᠦᠨ ᠤ ᠨᠢᠭᠡᠴᠢ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠂ ᠤᠯᠠᠭᠠᠨᠬᠠᠳᠠ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠪᠥᠬᠦ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠰᠢᠯᠭᠠᠨ ᠦᠨᠡᠯᠡᠬᠦ ᠠᠵᠢᠯ ᠤᠨ ᠳᠤᠮᠳᠠ᠂ ᠮᠠᠨ ᠤ ᠰᠢᠶᠠᠨ 2019 ᠣᠨ᠂ 2020 ᠣᠨ ᠳᠤ ᠬᠤᠶᠠᠷ ᠵᠢᠯ ᠳᠠᠷᠠᠭᠠᠯᠠᠨ ᠪᠥᠬᠦ ᠬᠤᠲᠠ ᠶᠢᠨ ᠬᠤᠰᠢᠭᠤ ᠰᠢᠶᠠᠨ ᠤ ᠨᠢᠭᠡᠳᠦᠭᠡᠷ ᠲᠤ ᠵᠢᠭᠰᠠᠭᠠᠭᠳᠠᠭᠰᠠᠨ ᠰᠠᠶᠢᠨ ᠬᠢᠷᠢ ᠪᠦᠲᠦᠮᠵᠢ ᠶᠢ ᠭᠥᠷᠳᠡᠪᠡ᠃ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ᠂ ᠠᠤᠬᠠᠨ ᠬᠤᠰᠢᠭᠤ᠂ ᠬᠠᠷᠠᠴᠢᠨ ᠬᠤᠰᠢᠭᠤ᠂ ᠯᠢᠶᠣᠤᠨᠢᠩ ᠮᠤᠵᠢ ᠶᠢᠨ ᠯᠢᠩᠶᠤᠸᠠᠨ ᠬᠤᠳᠠ᠂ ᠾᠧᠪᠸᠢ ᠮᠤᠵᠢ ᠶᠢᠨ ᠫᠢᠩᠴᠢᠤᠸᠠᠨ ᠬᠤᠳᠠ ᠵᠡᠷᠭᠡ ᠨᠢ ᠤᠷᠢᠳ ᠬᠤᠵᠢᠳ ᠮᠠᠨ ᠤ ᠰᠢᠶᠠᠨ ᠳᠤ ᠰᠢᠨᠵᠢᠯᠡᠨ ᠪᠠᠶᠢᠴᠠᠭᠠᠵᠤ ᠰᠤᠷᠤᠯᠴᠠᠪᠠ᠃ ᠲᠡᠭᠡᠪᠡᠯ ᠪᠢᠳᠡ ᠬᠤᠲᠠ ᠶᠢᠨ ᠬᠠᠮᠢᠶᠠᠷᠤᠯᠲᠠ ᠶᠢ ᠬᠡᠷᠬᠢᠨ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ ᠢᠶᠠᠨ ᠬᠡᠷᠬᠢᠨ ᠳᠡᠭᠡᠭᠰᠢᠯᠡᠭᠦᠯᠦᠭᠰᠡᠨ ᠪᠣᠶ︖ ᠵᠣᠴᠢᠨ ᠺᠦᠩ ᠴᠢᠩ ᠪᠢᠨ᠄ ᠭᠤᠤᠯᠳᠠᠭᠤ ᠲᠠᠪᠤᠨ ᠲᠠᠯ᠎ᠠ ᠪᠠᠷ ᠠᠵᠢᠯ ᠢᠶᠠᠨ  ᠦᠷᠨᠢᠭᠦᠯᠪᠡ      ᠨᠢᠭᠡ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠪᠠ᠃ ᠬᠠᠤᠯᠢ ᠴᠠᠭᠠᠵᠠ ᠠᠴᠠ ᠡᠷᠬᠡ ᠣᠯᠭᠤᠭᠰᠠᠨ ᠪᠠ ᠬᠠᠤᠯᠢ ᠶᠣᠰᠣᠭᠠᠷ ᠨᠠᠶᠢᠳᠠᠭᠰᠠᠨ ᠬᠡᠪᠴᠢᠶᠡᠨ ᠳᠤ ᠡᠷᠬᠡ ᠲᠤᠰᠢᠶᠠᠯ ᠢᠶᠠᠨ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠡᠮᠬᠢᠯᠡᠨ ᠳᠢᠭᠯᠡᠵᠦ᠂ ᠲᠡᠷᠡᠴᠢᠯᠡᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡ ᠢᠵᠢ ᠬᠠᠤᠯᠢ ᠬᠡᠷᠡᠭᠵᠢᠭᠦᠯᠵᠦ ᠬᠡᠷᠡᠭ ᠰᠢᠢᠳᠪᠤᠷᠢᠯᠡᠬᠦ ᠵᠢᠷᠤᠮ ᠢ ᠨᠠᠶᠢᠷᠠᠭᠤᠯᠤᠨ ᠵᠣᠬᠢᠶᠠᠵᠤ᠂ ᠳᠦᠷᠢᠮ ᠠᠴᠠ ᠵᠥᠷᠢᠴᠡᠭᠰᠡᠨ ᠬᠡᠷᠡᠭ ᠢ ᠬᠦᠯᠢᠶᠡᠨ ᠠᠪᠴᠤ ᠰᠢᠢᠳᠪᠤᠷᠢᠯᠡᠬᠦ᠂ ᠬᠢᠨᠠᠨ ᠵᠥᠪᠰᠢᠶᠡᠷᠡᠬᠦ᠂ ᠪᠠᠶᠢᠴᠠᠭᠠᠵᠤ ᠭᠡᠷᠡᠴᠢ ᠠᠪᠬᠤ᠂ ᠰᠢᠢᠳᠭᠡᠯ ᠤᠨ ᠭᠡᠷᠡᠴᠢᠯᠡᠭᠡ ᠰᠣᠨᠣᠰᠬᠤ᠂ ᠮᠡᠳᠡᠭᠳᠡᠬᠦ᠂ ᠰᠢᠢᠳᠭᠡᠯ ᠤᠨ ᠲᠣᠭᠲᠠᠭᠠᠯ᠂ ᠳᠠᠬᠢᠨ ᠵᠥᠪᠯᠡᠭᠦᠯᠬᠦ ᠪᠠᠷ ᠭᠤᠶᠤᠴᠢᠯᠠᠬᠤ᠂ ᠵᠠᠰᠠᠭ ᠵᠠᠬᠢᠷᠭᠠᠨ ᠤ ᠵᠠᠷᠭᠤ᠂ ᠰᠢᠭᠦᠬᠦ ᠬᠤᠷᠢᠶᠠᠨ ᠳᠤ ᠠᠯᠪᠠᠳᠠᠯᠭ᠎ᠠ ᠪᠠᠷ ᠭᠦᠢᠴᠡᠳᠬᠡᠭᠦᠯᠬᠦ ᠪᠠᠷ ᠭᠤᠶᠤᠴᠢᠯᠠᠬᠤ ᠵᠡᠷᠭᠡ ᠲᠣᠪ ᠲᠣᠳᠣᠷᠬᠠᠶ ᠴᠤᠪᠤᠷᠠᠯ ᠵᠢᠷᠤᠭ ᠪᠠ ᠠᠵᠢᠯ ᠤᠨ ᠭᠠᠷ ᠳᠡᠪᠲᠡᠷ ᠢ ᠭᠡᠰᠢᠭᠦᠨ ᠨᠢᠭᠡᠪᠦᠷᠢ ᠶᠢ ᠬᠤᠯᠪᠣᠭᠳᠠᠯ ᠪᠦᠬᠦᠢ ᠠᠭᠤᠯᠭ᠎ᠠ ᠶᠢ ᠪᠣᠯᠪᠠᠰᠤᠷᠠᠩᠭᠤᠶ ᠡᠵᠡᠮᠰᠢᠵᠦ᠂ ᠬᠠᠤᠯᠢ ᠬᠡᠷᠡᠭᠵᠢᠭᠦᠯᠬᠦ ᠶᠠᠪᠤᠴᠠ ᠳᠤ ᠵᠠᠰᠠᠭ ᠵᠠᠬᠢᠷᠭᠠᠨ ᠤ ᠰᠢᠢᠳᠭᠡᠯ ᠢ ᠵᠢᠷᠤᠮᠯᠠᠬᠤ ᠳᠦᠷᠢᠮ ᠲᠠᠢ ᠪᠠᠶᠢᠯᠭᠠᠬᠤ᠂ ᠬᠠᠤᠯᠢ ᠶᠣᠰᠣᠭᠠᠷ ᠬᠡᠷᠡᠭ ᠰᠢᠢᠳᠪᠤᠷᠢᠯᠡᠬᠦ᠂ ᠭᠡᠷᠡᠴᠢ ᠪᠠᠷᠢᠮᠲᠠ ᠪᠦᠷᠢᠨ ᠭᠦᠢᠴᠡᠳ᠂ ᠵᠢᠷᠤᠮ ᠨᠢ ᠬᠠᠤᠯᠢ ᠳᠤ ᠨᠡᠶᠢᠴᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃    ᠬᠤᠶᠠᠷ ᠲᠤ ᠬᠠᠤᠯᠢ ᠬᠡᠷᠡᠭᠵᠢᠭᠦᠯᠬᠦ ᠵᠢᠷᠤᠮ ᠢ ᠵᠢᠷᠤᠮᠵᠢᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠡᠷᠬᠡ ᠶᠢᠨ ᠲᠣᠬᠢᠷᠠᠭᠤᠯᠤᠯᠲᠠ᠂ ᠠᠵᠢᠯᠯᠠᠭᠠᠨ ᠪᠠ ᠬᠡᠷᠡᠭᠵᠢᠭᠦᠯᠦᠯᠲᠡ ᠶᠢᠨ ᠦᠷ᠎ᠡ ᠳ᠋ᠦᠩ ᠵᠡᠷᠭᠡ ᠭᠤᠷᠪᠠᠨ ᠵᠠᠩᠭᠢᠯᠠᠭ᠎ᠠ ᠶᠢᠨ ᠲᠣᠭᠤᠷᠢᠨ ᠳᠤ᠂ ᠤᠴᠢᠷ ᠶᠠᠪᠤᠳᠠᠯ ᠢ ᠢᠯᠭᠠᠷᠠᠭᠤᠯᠬᠤ᠂ ᠡᠭᠦᠷᠭᠡ ᠴᠢᠳᠠᠪᠤᠷᠢ ᠶᠢ ᠨᠡᠶᠢᠯᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠲᠤ ᠣᠷᠣᠵᠤ ᠰᠠᠭᠤᠬᠤ᠂ ᠭᠦᠢᠴᠡᠳ ᠡᠷᠬᠡ ᠣᠯᠭᠤᠬᠤ᠂ ᠠᠵᠢᠯᠲᠠᠨ ᠢ ᠳᠣᠭᠢᠷᠠᠭᠤᠯᠬᠤ᠂ ᠢᠯᠡ ᠪᠠᠷ ᠠᠵᠢᠯᠯᠠᠭᠤᠯᠬᠤ ᠵᠡᠷᠭᠡ ᠵᠢᠷᠭᠤᠭᠠᠨ ᠲᠠᠯ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠢᠯᠡ ᠪᠣᠯᠭᠠᠬᠤ ᠪᠠᠷ ᠵᠠᠷᠴᠢᠮ ᠪᠣᠯᠭᠠᠬᠤ ᠶᠢ ᠪᠠᠷᠢᠮᠲᠠᠯᠠᠨ᠂ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠳᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ᠂ ᠡᠷᠬᠡ ᠶᠢᠨ ᠠᠵᠢᠯᠯᠠᠭᠠᠨ ᠤ ᠴᠤᠪᠤᠷᠠᠯ ᠵᠢᠷᠤᠭ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠵᠢᠴᠢ ᠬᠠᠮᠢᠶ᠎ᠠ ᠪᠥᠬᠦᠶ ᠲᠦᠷᠢᠮ ᠢ ᠨᠡᠶᠢᠲᠡᠯᠡᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠦᠷᠨᠢᠭᠦᠯᠪᠡ᠃ ᠬᠠᠤᠯᠢ ᠬᠡᠷᠡᠭᠵᠢᠭᠦᠯᠬᠦ ᠶᠠᠪᠤᠴᠠ ᠳᠤ᠂ ᠡᠪᠬᠡᠮᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭ ᠪᠣᠯᠭᠠᠨ ᠳᠠᠩᠰᠠᠯᠠᠬᠤ᠂ ᠪᠠᠶᠢᠴᠠᠭᠠᠵᠤ ᠭᠡᠷᠡᠴᠢ ᠠᠪᠬᠤ᠂ ᠲᠣᠭᠲᠠᠭᠠᠬᠤ ᠪᠠ ᠬᠢᠨᠠᠨ ᠪᠠᠶᠢᠴᠠᠭᠠᠬᠤ᠂ ᠬᠦᠷᠭᠡᠬᠦ ᠪᠠ ᠭᠦᠢᠴᠡᠳᠬᠡᠬᠦ᠂ ᠬᠡᠷᠡᠭ ᠢ ᠳᠠᠭᠤᠰᠬᠠᠬᠤ ᠠᠴᠠ ᠠᠪᠤᠭᠠᠳ ᠡᠪᠬᠡᠮᠡᠯ ᠪᠠᠶᠢᠭᠤᠯᠤᠨ ᠳᠠᠩᠰᠠᠯᠠᠬᠤ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠫᠢᠶᠣᠣ ᠪᠠᠷᠢᠮᠲᠠ ᠶᠢ ᠬᠡᠷᠡᠭᠯᠡᠬᠦ ᠲᠠᠯ᠎ᠠ ᠪᠠᠷ᠂ ᠲᠣᠷᠭᠠᠬᠤ ᠪᠠ ᠲᠤᠰᠢᠶᠠᠬᠤ ᠶᠢ ᠰᠠᠯᠭᠠᠬᠤ᠂ ᠨᠠᠷᠢᠯᠢᠬᠵᠢᠭᠤᠯᠤᠨ ᠬᠠᠮᠢᠶᠠᠷᠬᠤ᠂ ᠲᠣᠪᠴᠢᠶ᠎ᠠ ᠶᠢᠨ ᠰᠢᠪᠠᠳᠠᠨ ᠪᠠᠶᠢᠴᠠᠭᠠᠬᠤ ᠲᠠᠰᠤᠭ ᠠᠴᠠ ᠮᠥᠷᠳᠡᠨ ᠰᠢᠪᠠᠳᠠᠨ ᠪᠠᠶᠢᠴᠠᠭᠠᠬᠤ ᠶᠢ ᠴᠢᠩᠭ᠎ᠠ ᠬᠡᠷᠡᠭᠵᠢᠭᠦᠯᠵᠦ᠂ ᠠᠰᠠᠭᠤᠳᠠᠯ ᠢ ᠢᠯᠡᠷᠡᠭᠦᠯᠦᠨ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠬᠡᠷᠡᠭ ᠨᠢᠭᠡᠪᠦᠷᠢ ᠶᠢᠨ ᠬᠠᠤᠯᠢ ᠬᠡᠷᠡᠭᠵᠢᠭᠦᠯᠬᠦ ᠦᠨᠳᠦᠰᠦ ᠪᠠᠷᠢᠮᠲᠠ ᠶᠢᠨ ᠵᠥᠪ ᠣᠨᠣᠪᠴᠢᠲᠠᠶ᠂ ᠬᠡᠷᠡᠭ ᠰᠢᠢᠳᠪᠤᠷᠢᠯᠬᠦᠯᠬᠦ ᠵᠢᠷᠤᠮ ᠤᠨ ᠬᠠᠤᠯᠢ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠠᠤᠯᠢᠴᠢ ᠶᠢ ᠤᠷᠢᠵᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠦᠨ ᠵᠥᠪᠯᠡᠯᠭᠡ ᠪᠠ  ᠦᠢᠯᠡᠴᠢᠯᠡᠭᠡ ᠬᠠᠩᠭᠠᠵᠤ᠂ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠶᠢ ᠴᠢᠩᠭᠠᠳᠬᠠᠪᠠ᠃        ᠭᠤᠷᠪᠠ ᠳᠤ᠂ ᠴᠢᠯᠥᠭᠡᠲᠡᠢ ᠪᠠᠷ ᠲᠠᠰᠤᠯᠤᠯᠲᠠ ᠬᠢᠬᠦ ᠶᠢ ᠬᠢᠵᠠᠭᠠᠷᠯᠠᠪᠠ᠃ ᠳᠡᠭᠡᠳᠦ ᠱᠠᠲᠤᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠲᠤᠬᠠᠶ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠬᠢᠵᠠᠭᠠᠷᠯᠠᠬᠤ ᠠᠵᠢᠯ ᠢ ᠢᠳᠡᠪᠬᠢᠲᠡᠶ ᠦᠷᠨᠢᠭᠦᠯᠪᠡ᠃ ︽ᠬᠤᠶᠠᠷ ᠢ ᠵᠥᠷᠢᠴᠡᠬᠦ︾ ᠵᠡᠷᠭᠡ ᠬᠡᠷᠡᠭ ᠲᠤ ᠴᠢᠭᠯᠡᠭᠦᠯᠦᠨ ︽ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠬᠠᠮᠲᠤ ᠪᠠᠷ ᠬᠢᠨᠠᠨ ᠶᠠᠷᠢᠯᠴᠠᠬᠤ ᠲᠦᠷᠢᠮ︾ ᠢ ᠬᠡᠷᠡᠭᠵᠢᠭᠦᠯᠵᠦ᠂ ᠬᠡᠷᠡᠭ  ᠰᠢᠢᠳᠪᠤᠷᠢᠯᠡᠬᠦ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭ ᠰᠢᠢᠳᠪᠤᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠪᠡ᠃      ᠲᠦᠷᠪᠡ ᠳᠤ᠂ ᠬᠠᠤᠯᠢ ᠬᠡᠷᠡᠭᠵᠢᠭᠦᠯᠬᠦ ᠶᠠᠪᠤᠴᠠ ᠳᠤ ︽721︾ ᠠᠵᠢᠯ ᠤᠨ ᠠᠷᠭ᠎ᠠ ᠶᠢ ᠴᠢᠩᠭ᠎ᠠ ᠬᠡᠷᠡᠭᠵᠢᠭᠦᠯᠵᠦ ᠂ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠯ ᠤᠨ ᠪᠠᠭᠠᠵᠢ ᠶᠢ 60 ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠶᠠᠪᠤᠴᠠ ᠶᠢᠨ ᠪᠦᠬᠦ ᠶᠠᠪᠤᠴᠠ ᠶᠢᠨ ᠲᠡᠮᠳᠡᠭᠯᠡᠯ ᠢ ᠲᠦᠯᠬᠢᠨ ᠠᠬᠢᠭᠤᠯᠪᠠ᠃      ᠲᠠᠪᠤ ᠳᠤ᠂ ᠬᠤᠳᠠ ᠶᠢᠨ ᠬᠠᠮᠢᠶᠠᠷᠤᠯᠲᠠ ᠶᠢᠨ ᠣᠶᠤᠨᠴᠢ ᠵᠢᠯᠣᠭᠤᠳᠬᠤ ᠲᠥᠪ ᠤᠨ ᠲᠠᠪᠴᠠᠩ ᠢ ᠪᠠᠶᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠪᠠᠶᠢᠳᠠᠯ ᠢ ᠴᠠᠭ ᠢᠮᠠᠭᠲᠠ ᠡᠵᠡᠮᠰᠢᠵᠦ᠂ ᠠᠰᠠᠭᠤᠳᠠᠯ ᠢ ᠴᠠᠭ ᠲᠤᠬᠠᠢ ᠳᠤᠨᠢ ᠲᠦᠷᠭᠡᠨ ᠰᠢᠢᠳᠪᠤᠷᠢᠯᠡᠨ᠎ᠡ᠃ ᠬᠥᠲᠥᠯᠥᠭᠴᠢ᠄ 2021 ᠣᠨ ᠤ ᠠᠵᠢᠯ ᠤᠨ ᠳᠤᠮᠳᠠ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠤᠲᠠ ᠶᠢᠨ ︽ᠳᠤᠲᠠᠭᠤᠳᠠᠯ︾ ᠢ ᠨᠥᠬᠦᠪᠥᠷᠢᠯᠡᠬᠦ ᠪᠣᠶ︖     ᠵᠣᠴᠢᠨ ᠺᠦᠩ ᠴᠢᠩ ᠪᠢᠨ᠄ ᠡᠩ ᠲᠡᠷᠢᠭᠦᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠨᠡᠶᠢᠭᠡᠮ ᠤᠨ ᠪᠠᠯᠠ ᠮᠥᠩᠭᠦ ᠶᠢ 3 ᠳ᠋ᠦᠩᠰᠢᠭᠤᠷ ᠲᠥᠭᠦᠷᠢᠭ ᠲᠡᠳᠡᠨ ᠠᠪᠴᠢᠷᠠᠵᠤ᠂ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ  ᠰᠢᠢᠳᠪᠤᠷᠢᠯᠡᠬᠦ ᠲᠠᠯᠠᠪᠠᠶ ᠳᠤ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠤᠷᠢᠯᠡᠬᠦ ᠨᠠᠮᠵᠢᠭᠤᠨ ᠰᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ 1 ᠰᠢᠨ᠎ᠡ ᠪᠠᠷ ᠪᠠᠶᠢᠭᠤᠯᠵᠤ᠂ 80 ᠮᠥ ᠭᠠᠵᠠᠷ ᠡᠵᠡᠯᠡᠨ᠂ ᠡᠳᠦᠷ ᠲᠤ ᠠᠮᠢᠳᠤᠷᠠᠯ ᠤᠨ ᠬᠤᠭ ᠨᠣᠪᠰᠢ 400 ᠲᠣᠨ᠂ ᠬᠤᠭᠤᠯᠠᠨ ᠬᠡᠷ ᠤᠨ ᠬᠤᠭ ᠨᠣᠪᠰᠢ 50 ᠲᠣᠨ᠂ ᠪᠠᠷᠢᠯᠭ᠎ᠠ ᠶᠢᠨ ᠬᠤᠭ ᠨᠣᠪᠰᠢ 200 ᠲᠣᠨ᠂ ᠬᠤᠲᠠ ᠶᠢᠨ ᠶᠠᠪᠤᠳᠠᠯ ᠤᠨ ᠪᠣᠬᠢᠷ ᠰᠢᠪᠠᠷ ᠢ 30 ᠲᠣᠨ ᠰᠢᠢᠳᠪᠤᠷᠢᠯᠠᠨ᠎ᠠ᠃ ᠪᠦᠬᠦ ᠰᠢᠶᠠᠨ ᠤ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠤᠷᠬᠤᠭ ᠪᠠᠯᠭᠠᠰᠤ ᠠᠴᠠ ᠪᠤᠰᠤᠳ ᠠᠮᠢᠳᠤᠷᠠᠯ ᠤᠨ ᠬᠤᠭ ᠨᠣᠪᠰᠢ ᠶᠢ ᠪᠦᠬᠦᠨ ᠢ ᠨᠠᠮᠵᠢᠭᠤᠨ ᠰᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠨ ᠰᠢᠢᠳᠪᠦᠷᠢᠯᠡᠵᠦ᠂ ᠬᠤᠭ ᠨᠣᠪᠰᠢ ᠶᠢᠨ ᠰᠢᠢᠳᠪᠦᠷᠢᠯᠡᠯᠲᠡ ᠶᠢ ᠡᠬᠢ ᠪᠠᠶᠠᠯᠢᠭᠵᠢᠭᠤᠯᠬᠤ᠂ ᠬᠡᠮᠵᠢᠶ᠎ᠡ ᠶᠢ ᠪᠠᠭᠠᠰᠬᠠᠬᠤ᠂ ᠬᠤᠣᠷ ᠦᠭᠡᠶᠢᠵᠢᠭᠦᠯᠬᠦ ᠶᠢ ᠪᠡᠶᠡᠯᠡᠭᠦᠯᠦᠨ᠎ᠡ᠃ 380 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 10 ᠤᠰᠤ ᠪᠠᠷ ᠠᠷᠢᠭᠤᠳᠬᠠᠬᠤ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ 527 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 13 ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ 2 ᠢᠵᠢ ᠪᠦᠷᠢᠨ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠬᠥᠰᠬᠡ ᠶᠢ ᠰᠢᠨ᠎ᠡ ᠪᠠᠷ ᠪᠠᠶᠢᠭᠤᠯᠤᠨ᠎ᠠ᠃ 46 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 240L ᠬᠤᠭ ᠤᠨ ᠰᠠᠪᠠ 300᠂ ᠵᠢᠮᠢᠰ ᠤᠨ ᠬᠠᠶᠢᠷᠴᠠᠭ 500 ᠬᠤᠳᠠᠯᠳᠤᠨ ᠠᠪᠤᠪᠠ᠃ 715 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠥᠨᠳᠥᠷ ᠳᠠᠷᠤᠯᠲᠠᠲᠤ ᠤᠬᠢᠶᠠᠯᠭ᠎ᠠ ᠶᠢᠨ ᠲᠡᠷᠭᠡ᠂ ᠤᠬᠢᠶᠠᠯᠭ᠎ᠠ ᠶᠢᠨ ᠲᠡᠷᠭᠡ᠂ ᠲᠣᠭᠤᠰᠣ ᠥᠬᠡᠶ ᠵᠠᠮ ᠱᠦᠭᠦᠷᠳᠡᠯᠲᠡ ᠶᠢᠨ ᠲᠡᠷᠭᠡ ᠵᠡᠷᠭᠡ ᠶᠢ ᠨᠡᠶᠢᠲᠡ 14 ᠲᠥᠪᠯᠡᠷᠡᠭᠦᠯᠦᠨ ᠬᠤᠳᠠᠯᠳᠤᠨ ᠠᠪᠴᠠᠶ᠃ 1100 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠤᠷᠢᠯᠡᠬᠦ ᠲᠠᠯᠠᠪᠠᠶ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠤᠷᠢᠯᠡᠬᠦ ᠲᠥᠷᠥᠯ ᠵᠤᠶᠢᠯ ᠢ ᠬᠡᠷᠡᠭᠵᠢᠭᠦᠯᠦᠨ᠎ᠡ᠂ ᠲᠣᠰ ᠲᠥᠷᠥᠯ ᠵᠤᠶᠢᠯ ᠪᠣᠯ ᠬᠤᠲᠠ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠷᠥᠯ  ᠵᠤᠶᠢᠯ ᠪᠣᠯᠤᠨ᠎ᠠ᠂ ᠣᠲᠣ ᠶᠢᠨ ᠪᠠᠶᠢᠭ᠎ᠠ ᠰᠢᠮᠡᠳᠦᠨ ᠱᠦᠭᠦᠬᠦ ᠰᠢᠩᠭᠡᠨ ᠢ ᠰᠢᠢᠳᠪᠤᠷᠢᠯᠡᠬᠦ ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠵᠦ ᠂ 2021 ᠣᠨ ᠤ ᠵᠢᠯ ᠤᠨ ᠡᠴᠦᠰ ᠠᠴᠠ ᠡᠮᠦᠨ᠎ᠡ ᠳᠠᠭᠤᠰᠬᠠᠬᠤ ᠶᠢ ᠦᠨᠡᠨ ᠬᠦ ᠪᠠᠲᠤᠯᠠᠨ᠎ᠠ᠃ 25 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠠᠬᠢᠯᠭᠠᠨ ᠬᠥᠳᠡᠯᠭᠡᠭᠦᠷᠲᠦ ᠬᠢᠨᠠᠨ ᠪᠠᠶᠢᠴᠠᠭᠠᠬᠤ ᠲᠡᠷᠭᠡ 4 ᠶᠢ ᠬᠤᠳᠠᠯᠳᠤᠨ ᠠᠪᠤᠨ᠎ᠠ᠃ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠬᠦ ᠭᠤᠷᠪᠠᠳᠠᠬᠢ ᠡᠲᠡᠭᠡᠳ ᠢ ᠤᠷᠢᠵᠤ ᠬᠤᠭ ᠨᠣᠪᠰᠢ ᠰᠢᠢᠳᠪᠤᠷᠢᠯᠡᠬᠦ ᠲᠠᠯᠠᠪᠠᠶ ᠶᠢᠨ ᠤᠰᠤᠨ ᠤ ᠴᠢᠨᠠᠷ ᠵᠡᠷᠭᠡ ᠡᠯ᠎ᠡ ᠵᠤᠶᠢᠯ ᠤᠨ ᠭᠦᠢᠴᠳᠭᠡᠯ ᠲᠤᠭ᠎ᠠ ᠳᠤ ᠪᠠᠶᠢᠴᠠᠭᠠᠨ ᠬᠡᠮᠵᠢᠯᠲᠡ ᠬᠢᠯᠭᠡᠨ᠎ᠡ᠃    ᠬᠤᠲᠠ ᠶᠢᠨ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠬᠤ ᠲᠠᠯ᠎ᠠ ᠪᠠᠷ᠂ 120 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠯᠤᠤᠬ᠎ᠠ ᠶᠢᠨ ᠭᠤᠣᠯ ᠵᠡᠭᠡᠯᠢ ᠶᠢᠨ ᠥᠨᠳᠥᠷ ᠵᠢᠶᠠᠰᠠ ᠲᠠᠢ ᠬᠥᠭᠦᠷᠭᠡ ᠶᠢᠨ ᠳᠣᠤᠷ᠎ᠠ 1 ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ 20 ᠮᠥ ᠭᠠᠵᠠᠷ ᠡᠵᠡᠯᠡᠨ᠂ 300 ᠲᠡᠷᠭᠡᠨ ᠵᠣᠭᠰᠣᠭᠠᠯ ᠢ ᠪᠥᠲᠥᠭᠡᠨ ᠪᠠᠶᠢᠭᠤᠯᠤᠨ᠎ᠠ᠃ 30 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 6500 ᠮᠧᠲᠷ ᠵᠠᠰᠠᠮᠠᠯ ᠵᠠᠮ ᠤᠨ ᠢᠷᠮᠡᠭ ᠢ ᠨᠠᠯᠠᠤ ᠪᠠᠷ ᠳᠡᠪᠢᠰᠬᠦ ᠶᠢ ᠬᠡᠷᠡᠭᠵᠢᠭᠦᠯᠦᠨ᠎ᠡ᠃ 60 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠠᠷᠠᠴᠢᠯᠠᠯᠲᠠ ᠶᠢᠨ ᠲᠡᠷᠭᠡ 1 ᠶᠢ ᠬᠤᠳᠠᠯᠳᠤᠨ ᠠᠪᠤᠨ᠎ᠠ᠃ 167 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠤᠲᠠ ᠶᠢᠨ ᠲᠣᠭᠤᠷᠢᠭ ᠤᠨ ᠬᠡᠰᠡᠭ ᠵᠠᠮ ᠵᠢᠴᠢ ᠤᠰᠤ ᠵᠠᠯᠠᠬᠤ ᠲᠥᠬᠦᠭᠡᠷᠦᠮᠵᠢ ᠶᠢ ᠬᠠᠮᠠᠭᠠᠯᠠᠨ ᠲᠠᠰ ᠳᠡᠪᠰᠢᠭᠦᠯᠦᠨ᠎ᠡ᠃ 311 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠵᠠᠮ ᠤᠨ ᠳ᠋ᠧᠩ ᠢ ᠰᠡᠯᠪᠢᠨ ᠵᠠᠰᠠᠵᠤ ᠥᠭᠡᠷᠡᠴᠢᠯᠡᠬᠦ ᠶᠢ ᠰᠠᠶᠢᠲᠤᠷ ᠠᠳᠬᠤᠬᠤ ᠶᠢᠨ ᠬᠠᠮᠲᠤ᠂ ᠵᠠᠮ ᠤᠨ ᠳ᠋ᠧᠩ ᠤᠨ ᠡᠳᠦᠷ ᠲᠤᠲᠤᠮ ᠤᠨ ᠰᠡᠯᠪᠢᠨ ᠵᠠᠰᠠᠬᠤ ᠠᠵᠢᠯ ᠢ ᠰᠠᠶᠢᠲᠤᠷ ᠠᠳᠬᠤᠵᠤ᠂ ᠳ᠋ᠧᠩ ᠠᠰᠠᠭᠠᠬᠤ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ 12 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠭᠠᠬᠤ ᠱᠤᠭᠤᠮ ᠢ ᠰᠢᠨ᠎ᠡ ᠪᠠᠷ ᠬᠤᠪᠢᠶᠠᠷᠢᠯᠠᠬᠤ ᠵᠢᠴᠢ 12 ᠲᠦᠮᠡᠨ ᠤᠷᠲᠤᠳᠬᠠᠭᠰᠠᠨ ᠮᠧᠲᠷ ᠨᠥᠬᠦᠵᠦ ᠬᠤᠪᠢᠶᠠᠷᠢᠯᠠᠬᠤ ᠶᠢ ᠬᠡᠷᠡᠭᠵᠢᠭᠦᠯᠵᠦ᠂ ᠲᠡᠷᠭᠡ ᠵᠣᠭᠰᠣᠭᠠᠬᠤ ᠡᠮᠬᠢ ᠳᠢᠭᠯᠢᠮ ᠤᠨ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠬᠥᠲᠥᠯᠥᠭᠴᠢ᠄ ᠬᠤᠲᠠ ᠶᠢᠨ ᠬᠠᠮᠢᠶᠠᠷᠤᠯᠲᠠ ᠶᠢ ᠳᠠᠬᠢᠨ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ 2021 ᠣᠨ ᠳᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠳᠦᠷᠰᠦ ᠪᠠᠶᠢᠳᠠᠯ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠵᠡᠷᠭᠡ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠲᠥᠯᠥᠪᠯᠡᠵᠦ ᠪᠠᠶᠢᠬᠤ ᠪᠣᠶ︖ ᠵᠣᠴᠢᠨ ᠺᠦᠩ ᠴᠢᠩ ᠪᠢᠨ᠄ 2021 ᠣᠨ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠷᠢᠭᠤᠨ ᠴᠡᠪᠡᠷ ᠨᠢᠩᠴᠧᠩ᠂ ᠡᠮᠬᠢ ᠳᠢᠭᠯᠢᠮ ᠲᠠᠢ ᠨᠢᠩᠴᠧᠩ᠂ ᠦᠵᠡᠰᠬᠦᠯᠡᠩᠲᠦ ᠰᠠᠶᠢᠬᠠᠨ ᠨᠢᠩᠴᠧᠩ ᠬᠤᠲᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠡᠷᠬᠢᠨ ᠬᠠᠷᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ︽ᠬᠤᠸᠠᠷ ᠬᠠᠳᠬᠤᠬᠤ ᠡᠷᠳᠡᠮ︾ ᠢᠶᠠᠷ ᠬᠤᠲᠠ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠬᠤᠲᠠ ᠶᠢᠨ ᠨᠠᠷᠢᠨ ᠵᠤᠶᠢᠯᠡᠰ ᠢ ᠰᠢᠯᠢᠳᠡᠭᠵᠢᠭᠦᠯᠦᠨ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠥᠬᠦ ᠬᠤᠲᠠ ᠶᠢᠨ ᠬᠤᠰᠢᠭᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠨᠢᠭᠡᠳᠦᠭᠡᠷ ᠵᠢᠭᠰᠠᠭᠠᠯ ᠢ ᠦᠷᠭᠦᠯᠵᠢᠯᠡᠨ ᠪᠠᠲᠤᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠳᠤ ᠨᠠᠩ ᠰᠢᠯᠢᠳᠡᠭ ᠬᠢᠷᠢ ᠪᠦᠲᠦᠮᠵᠢ ᠪᠠᠷ ᠪᠡᠯᠡᠭ ᠬᠦᠷᠭᠡᠬᠦ ᠬᠡᠷᠡᠭᠲᠡᠶ᠃        ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠡᠷᠭᠢᠵᠦ ᠦᠵᠡᠬᠦ︾ ᠲᠤᠰᠬᠠᠶ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ᠂ ᠬᠤᠲᠠ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶ ᠠᠬᠢᠭᠤᠯᠤᠨ᠎ᠠ᠃ ︽ᠵᠢᠷᠭᠤᠭ᠎ᠠ ᠶᠢ ᠥᠴᠦᠬᠡᠨ ᠴᠦ ᠠᠭᠤᠴᠢᠯᠠᠬᠤ ᠥᠬᠡᠶ︾ ︽ᠠᠷᠪᠠᠨ ᠬᠤᠶᠠᠷ ᠴᠢᠩᠭ᠎ᠠ ᠬᠠᠮᠢᠶᠠᠷᠤᠯᠲᠠ︾ ᠶᠢᠨ ᠱᠠᠭᠠᠷᠳᠠᠯᠭ᠎ᠠ ᠶᠢᠨ ᠲᠣᠭᠤᠷᠢᠨ ᠳᠤ ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠶᠡᠬᠡᠪᠡᠷ ᠥᠷᠨᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠵᠠᠮ ᠬᠠᠷᠢᠯᠴᠠᠭᠠᠨ ᠤ ᠡᠮᠬᠢ ᠳᠢᠭᠯᠢᠮ ᠢ ᠴᠢᠩᠭᠠᠳᠬᠠᠵᠤ᠂ ᠵᠠᠮ ᠡᠵᠡᠯᠡᠨ ᠡᠵᠡᠩᠨᠡᠵᠦ ᠴᠡᠭᠴᠡᠯᠡᠨ ᠵᠠᠰᠠᠵᠤ᠂ ᠬᠡᠷ ᠤᠨ ᠭᠠᠳᠠᠨᠠᠬᠢ ᠵᠠᠷ ᠮᠡᠳᠡᠭᠡ ᠵᠢᠴᠢ ᠫᠠᠶᠢᠰᠠ ᠢᠯᠡᠷᠬᠡᠶᠢᠯᠡᠯ ᠢ ᠵᠢᠷᠤᠮᠵᠢᠭᠤᠯᠤᠨ᠎ᠠ᠃ ᠥᠨᠳᠥᠷ ᠳᠠᠷᠤᠯᠲᠠ ᠲᠠᠢ ᠪᠠᠶᠢᠳᠠᠯ ᠢ ᠦᠷᠭᠦᠯᠵᠢᠯᠡᠨ ᠪᠠᠲᠤᠯᠠᠵᠤ᠂ ᠭᠠᠳᠠᠨ᠎ᠠ ᠰᠢᠷᠠᠬᠤ ᠶᠢ ᠴᠠᠭᠠᠵᠠᠯᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠲᠠᠯᠠᠪᠤᠷ ᠤᠨ ᠲᠤᠰᠤᠨ ᠤᠲᠤᠭ᠎ᠠ ᠶᠢ ᠵᠠᠰᠠᠬᠤ ᠠᠵᠢᠯ ᠢ ᠰᠠᠶᠢᠲᠤᠷ ᠠᠳᠬᠤᠨ᠎ᠠ᠃ ᠪᠠᠷᠢᠯᠭ᠎ᠠ ᠪᠠᠷᠢᠬᠤ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠪᠠᠷᠢᠬᠤ ᠭᠠᠵᠠᠷ ᠤᠨ ᠬᠦᠷᠢᠶᠡᠯᠡᠨ ᠬᠠᠰᠢᠵᠤ ᠪᠠᠷᠢᠯᠭ᠎ᠠ ᠪᠠᠷᠢᠵᠤ᠂ ᠲᠠᠯᠠᠪᠠᠢ ᠳᠤ ᠣᠷᠣᠬᠤ ᠵᠠᠮ ᠢ ᠪᠥᠬᠦᠨ ᠢ ᠬᠠᠲᠠᠭᠤᠷᠠᠭᠤᠯᠵᠤ᠂ ᠤᠬᠢᠶᠠᠵᠤ ᠴᠡᠪᠡᠷᠯᠡᠬᠦ ᠲᠥᠬᠦᠭᠡᠷᠦᠮᠵᠢ ᠪᠠᠶᠢᠷᠢᠯᠠᠭᠤᠯᠤᠨ᠎ᠠ᠃        ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠠᠯ᠎ᠠ ᠪᠠᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠷᠠᠯᠲᠠᠲᠤ ᠰᠢᠯᠭᠠᠨ ᠬᠢᠨᠠᠬᠤ ᠲᠣᠭᠲᠠᠴᠠ ᠶᠢ ᠭᠤᠤᠯᠳᠠᠯᠭ᠎ᠠ ᠲᠠᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠡᠪᠡᠷᠯᠡᠬᠦ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ︽ᠭᠤᠷᠪᠠ ᠶᠢ ᠴᠡᠪᠡᠷᠯᠡᠵᠦ ᠨᠢᠭᠡ ᠶᠢ ᠪᠠᠲᠤᠯᠠᠬᠤ︾ ᠠᠵᠢᠯ ᠤᠨ ᠡᠷᠴᠢᠮ ᠢ ᠴᠢᠩᠭᠠᠷᠠᠭᠤᠯᠵᠤ᠂ ᠲᠥᠪᠯᠡᠷᠡᠭᠦᠯᠦᠨ ᠪᠠᠶᠢᠯᠳᠤᠬᠤ ᠵᠡᠷᠭᠡ ᠠᠷᠭ᠎ᠠ ᠮᠠᠶ᠋ᠢᠭ ᠢ ᠠᠪᠤᠨ᠎ᠠ᠃ ᠴᠡᠪᠡᠷᠯᠡᠬᠦ ᠪᠠ ᠤᠰᠤ ᠰᠦᠷᠴᠢᠬᠦ ᠤᠳᠠᠭ᠎ᠠ ᠶᠢ ᠨᠡᠮᠡᠭᠳᠡᠭᠦᠯᠵᠦ᠂ ᠵᠠᠮ ᠤᠨ ᠮᠠᠰᠢᠨᠴᠢᠯᠠᠭᠰᠠᠨ ᠴᠡᠪᠡᠷᠯᠡᠬᠦ ᠨᠣᠷᠮ᠎ᠠ ᠶᠢ ᠳᠡᠭᠡᠭᠰᠢᠯᠡᠭᠦᠯᠦᠨ᠂ ᠵᠠᠮ ᠤᠨ ᠠᠷᠢᠭᠤᠨ ᠴᠡᠪᠡᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦᠯᠢ ᠡᠳᠦᠷ ᠢᠶᠠᠷ ᠴᠡᠪᠡᠷᠯᠡᠵᠦ᠂ ᠬᠤᠭ ᠨᠣᠪᠰᠢ ᠶᠢ ᠡᠳᠦᠷ ᠲᠤ ᠨᠢ ᠴᠡᠪᠡᠷᠯᠡᠬᠦ ᠶᠢ ᠪᠡᠶᠡᠯᠡᠭᠦᠯᠦᠨ᠎ᠡ᠃ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠴᠢᠨᠠᠷ ᠴᠢᠨᠰᠠᠭ᠎ᠠ ᠪᠣᠯᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠶ  ᠳᠡᠭᠡᠭᠰᠢᠯᠡᠭᠦᠯᠦᠨ᠎ᠡ᠃ ᠨᠡᠶᠢᠲᠡ ᠶᠢᠨ ᠵᠣᠷᠯᠣᠩ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠲᠣᠭᠤᠷᠢᠭ ᠤᠨ ᠨᠡᠶᠢᠲᠡ ᠶᠢᠨ ᠵᠣᠷᠯᠣᠩ ᠢ ᠪᠥᠬᠦ ᠲᠠᠯ᠎ᠠ ᠪᠠᠷ ᠪᠠᠶᠢᠴᠠᠭᠠᠨ ᠵᠠᠰᠠᠵᠤ᠂ ᠪᠥᠬᠦ ᠡᠳᠦᠷ ᠢᠶᠠᠷ ᠢᠶᠠᠨ ᠭᠠᠳᠠᠭᠰᠢ ᠨᠡᠭᠡᠭᠡᠵᠦ᠂ ᠠᠷᠢᠭᠤᠨ ᠴᠡᠪᠡᠷ ᠢ ᠰᠠᠶᠢᠲᠤᠷ ᠬᠢᠵᠦ᠂ ᠨᠡᠶᠢᠲᠡ ᠶᠢᠨ ᠵᠣᠷᠯᠣᠩ ᠤᠨ ᠠᠷᠢᠭᠤᠨ ᠴᠡᠪᠡᠷ ᠢ ᠪᠠᠷᠢᠮᠵᠢᠶ᠎ᠠ ᠳᠤ ᠬᠦᠷᠦᠭᠦᠯᠬᠦ᠂ ᠰᠣᠨᠢᠨ ᠦᠨᠦᠷ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠤᠷᠢᠯᠡᠬᠦ ᠠᠵᠢᠯ ᠢ ᠴᠢᠩᠭᠠᠳᠬᠠᠵᠤ᠂ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠤᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃     ᠬᠥᠲᠥᠯᠥᠭᠴᠢ᠄ ᠣᠳᠣᠬᠠᠨ ᠳᠤ᠂ ᠨᠢᠩᠴᠧᠩ ᠰᠢᠶᠠᠨ ᠤ ︽ᠰᠢᠨ᠎ᠡ ᠮᠠᠶ᠋ᠢᠭ ᠤᠨ ᠤᠶᠤᠨᠲᠤ ᠬᠤᠲᠠ︾ ᠶᠢᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠪᠡ᠂ ᠵᠠᠯᠭᠠᠭᠠᠳ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠨᠢ ᠶᠠᠮᠠᠷ ᠶᠠᠮᠠᠷ ᠠᠵᠢᠯ ᠢ ᠭᠤᠤᠯᠳᠠᠯᠭ᠎ᠠ ᠲᠠᠢ ᠪᠡᠶᠡᠯᠡᠭᠦᠯᠬᠦ ᠪᠣᠶ︖     ᠵᠣᠴᠢᠨ ᠺᠦᠩ ᠴᠢᠩ ᠪᠢᠨ᠄ ᠣᠳᠣᠬᠠᠨ ᠳᠤ᠂ ᠤᠶᠤᠨᠲᠤ ᠬᠤᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ ᠤᠨ ᠤᠷᠢᠨ ᠬᠡᠷᠡᠭᠯᠡᠬᠦ ᠬᠥᠮᠦᠰ ᠢ ᠨᠢᠭᠡᠨᠲᠡ ᠪᠣᠳᠠᠲᠠᠶᠢᠵᠢᠭᠤᠯᠵᠤ᠂ ᠶᠠᠭ ᠪᠣᠯᠪᠠᠰᠤᠷᠠᠭᠤᠯᠤᠯ ᠢ ᠴᠢᠩᠭᠠᠳᠬᠠᠨ᠂ ᠠᠵᠢᠯ ᠤᠨ ᠶᠠᠪᠤᠴᠠ ᠶᠢ ᠲᠡᠭᠦᠯᠳᠡᠷᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠲᠣᠭᠠᠴᠢᠯᠠᠭᠰᠠᠨ ᠲᠠᠪᠴᠠᠩ ᠢ ᠨᠢᠭᠡᠨᠲᠡ ᠪᠥᠬᠦ ᠲᠠᠯ᠎ᠠ ᠪᠠᠷ ᠡᠬᠢᠯᠡᠨ ᠠᠵᠢᠯᠯᠠᠭᠤᠯᠪᠠ᠃ ᠲᠠᠷᠠᠭᠠᠴᠢ ᠶᠢᠨ ᠠᠯᠬᠤᠮ ᠳᠤ ᠲᠢᠶᠠᠨ ᠢ ᠬᠤᠲᠠ ᠲᠣᠭᠤᠷᠢᠭ ᠲᠤ ᠰᠠᠭᠤᠷᠢ ᠭᠠᠵᠠᠷ ᠵᠦᠶ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠨᠡᠶᠢᠳᠡᠮ ᠪᠠᠶᠢᠴᠠᠭᠠᠯᠲᠠ ᠬᠢᠵᠦ᠂ ᠬᠤᠲᠠ ᠲᠣᠭᠤᠷᠢᠭ ᠤᠨ ᠳᠣᠲᠣᠷᠠᠬᠢ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠶ ᠲᠥᠷᠥᠯᠵᠢᠭᠦᠯᠦᠨ ᠬᠤᠪᠢᠶᠠᠷᠢᠯᠠᠵᠤ᠂ ᠬᠤᠲᠠ ᠶᠢᠨ ᠬᠠᠮᠢᠶᠠᠷᠤᠯᠲᠠ ᠶᠢ ︽ ᠨᠠᠷᠢᠯᠢᠭᠵᠢᠭᠤᠯᠤᠨ᠎ᠠ︾᠃ ︽ᠲᠩᠷᠢ ᠶᠢᠨ ᠨᠢᠳᠦ︾ ᠶᠢᠨ ᠰᠢᠰᠲ᠋ᠧᠮ ᠢ ᠡᠬᠢᠯᠡᠭᠦᠯᠦᠨ᠎ᠡ᠂ ᠲᠤᠬᠠᠶᠢᠯᠠᠪᠠᠯ ᠵᠢᠯᠣᠭᠤᠴᠢ ᠥᠬᠡᠶ ᠨᠢᠰᠬᠡᠯ ᠬᠢᠭᠡᠳ ᠬᠤᠲᠠ ᠲᠣᠭᠤᠷᠢᠭ ᠤᠨ ᠵᠠᠮ ᠤᠨ ᠲᠣᠤᠷ ᠤᠨ ᠳᠣᠲᠣᠷᠠᠬᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠬᠠᠶᠢᠭᠤᠷ ᠢ ᠡᠬᠢᠯᠡᠨ ᠬᠡᠷᠡᠭᠯᠡᠵᠦ᠂ ᠬᠤᠲᠠ ᠲᠣᠭᠤᠷᠢᠭ ᠲᠤ ᠥᠯᠥ ᠣᠨᠣᠭᠳᠠᠬᠤ ᠭᠠᠵᠠᠷ ᠥᠬᠡᠶ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ︽12319 ᠬᠠᠯᠠᠭᠤᠨ ᠤᠲᠠᠰᠤ︾ ᠶᠢᠨ ᠲᠠᠪᠴᠠᠩ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽12319 ᠬᠠᠯᠠᠮᠰᠢᠯ ᠤᠲᠠᠰᠤ︾ ᠶᠢᠨ ᠪᠣᠯᠪᠠᠰᠤᠷᠠᠭᠤᠯᠤᠯ ᠢ ᠨᠢᠭᠡᠳᠦᠯᠲᠡᠶ ᠬᠢᠵᠦ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠣᠶᠢᠯᠠᠭᠠᠵᠤ᠂ ᠭᠤᠮᠣᠳᠠᠯ ᠱᠠᠭᠠᠷᠳᠠᠯᠭ᠎ᠠ ᠨᠢᠭᠡᠪᠦᠷᠢ ᠶᠢ ᠨᠠᠷᠢᠨ ᠬᠢᠨᠠᠮᠠᠭᠠᠶ ᠰᠢᠯᠵᠢᠭᠦᠯᠦᠨ ᠵᠥᠪᠰᠢᠶᠡᠷᠡᠬᠦ᠂ ᠰᠢᠯᠵᠢᠭᠦᠯᠦᠨ ᠰᠢᠢᠳᠪᠤᠷᠢᠯᠡᠭᠦᠯᠵᠦ᠂ ᠬᠡᠷᠡᠭ ᠢ ᠳᠠᠭᠤᠰᠬᠠᠬᠤ᠂ ᠮᠡᠳᠡᠭᠦᠯᠦᠨ ᠳᠠᠩᠰᠠᠯᠠᠭᠤᠯᠬᠤ ᠠᠵᠢᠯ ᠢ ᠰᠠᠶᠢᠲᠤᠷ ᠬᠢᠨ᠎ᠡ᠃ ᠬᠤᠳᠠ ᠶᠢᠨ ᠬᠠᠮᠢᠶᠠᠷᠤᠯᠲᠠ ᠶᠢ ᠲᠣᠭᠠᠴᠢᠯᠠᠬᠤ᠂ ᠤᠶᠤᠨᠴᠢᠯᠠᠬᠤ ᠶᠢ ᠪᠡᠶᠡᠯᠡᠭᠦᠯᠦᠨ᠎ᠡ᠃ ᠬᠥᠲᠥᠯᠥᠭᠴᠢ᠄ 2021 ᠣᠨ ᠳᠤ᠂ ᠮᠠᠨ ᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ᠂ ᠬᠠᠤᠯᠢ ᠶᠢ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠢᠢᠳᠪᠤᠷᠢᠯᠡᠬᠦ ᠵᠢᠴᠢ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ ᠵᠣᠴᠢᠨ ᠺᠦᠩ ᠴᠢᠩ ᠪᠢᠨ᠄ ᠬᠠᠤᠯᠢ ᠶᠢ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠢᠢᠳᠪᠤᠷᠢᠯᠡᠬᠦ ᠲᠠᠯ᠎ᠠ ᠪᠠᠷ᠂ ᠬᠤᠲᠠ ᠶᠢᠨ ᠲᠣᠤᠷᠵᠢᠭᠤᠯᠤᠭᠰᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠢᠳᠡᠪᠬᠢᠲᠡᠶ ᠳᠥᠯᠭᠢᠨ ᠠᠬᠢᠭᠤᠯᠵᠤ᠂ ᠬᠡᠰᠡᠭ ᠬᠤᠪᠢᠶᠠᠨ ᠲᠣᠭᠤᠷᠢᠨ ᠪᠠᠶᠢᠴᠠᠭᠠᠬᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠴᠢᠩᠭ᠎ᠠ ᠬᠠᠮᠢᠶᠠᠷᠤᠨ ᠡᠵᠡᠮᠳᠡᠵᠦ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢᠨ  ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ᠨᠢᠭᠡ ᠭᠠᠵᠠᠷ ᠢ ᠣᠯᠵᠤ ᠮᠡᠳᠡᠪᠡᠯ ᠨᠢᠭᠡ ᠭᠠᠵᠠᠷ ᠢ ᠪᠠᠶᠢᠴᠠᠭᠠᠨ ᠰᠢᠢᠳᠪᠤᠷᠢᠯᠡᠵᠦ᠂ ᠨᠢᠭᠡ ᠭᠠᠵᠠᠷ ᠢ ᠨᠤᠷᠠᠭᠠᠵᠤ᠂ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠲᠣᠭᠲᠠᠭᠠᠯ ᠠᠴᠠ ᠵᠥᠷᠢᠴᠡᠨ ᠪᠠᠶᠢᠭᠤᠯᠬᠤ ᠶᠢ ︽ᠨᠡᠮᠡᠭᠳᠡᠭᠦᠯᠬᠦ ᠥᠭᠡᠢ︾ ᠬᠠᠷᠠᠯᠲᠠ ᠶᠢ ᠪᠡᠶᠡᠯᠡᠭᠦᠯᠵᠦ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠴᠤᠬᠤᠶᠢᠵᠤ ᠪᠠᠶᠢᠭ᠎ᠠ ᠪᠠᠶᠢᠳᠠᠯ ᠳᠤ ᠨᠢ ᠦᠨᠡᠨᠬᠦ ᠬᠢᠵᠠᠭᠠᠷᠯᠠᠨ᠎ᠠ᠃    ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠬᠤᠪᠢᠰᠬᠠᠯᠲᠤ ᠠᠳᠠᠯ ᠠᠬᠤᠶ︾ ᠶᠢ ᠢᠳᠡᠪᠬᠢᠲᠡᠶ ᠪᠣᠶ ᠪᠣᠯᠭᠠᠵᠤ᠂ ᠡᠯ᠎ᠡ ᠠᠳᠠᠯ ᠠᠬᠤᠶ ᠶᠢᠨ ᠺᠣᠮᠫᠠᠨᠢ ᠳᠤ ᠬᠡᠮᠵᠢᠶᠡᠵᠢᠭᠦᠯᠦᠨ ᠰᠢᠯᠭᠠᠨ ᠬᠢᠨᠠᠬᠤ ᠶᠢ ᠬᠡᠷᠡᠭᠵᠢᠭᠦᠯᠦᠨ᠂ ᠣᠷᠣᠨ ᠰᠠᠭᠤᠴᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠤᠯᠳᠠᠯᠭ᠎ᠠ ᠲᠠᠢ ᠵᠠᠰᠠᠵᠤ᠂ ᠴᠠᠬᠢᠯᠭᠠᠨ ᠴᠡᠨᠡᠭᠯᠡᠬᠦ ᠱᠤᠭᠤᠮ ᠢ ᠳᠤᠷ᠎ᠠ ᠪᠠᠷ ᠢᠶᠠᠨ ᠲᠠᠲᠠᠵᠤ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠶᠢ ᠵᠠᠰᠠᠵᠤ᠂ ᠲᠣᠭᠤᠷᠢᠭ ᠤᠨ ᠬᠤᠭ ᠨᠣᠪᠰᠢ ᠶᠢ ᠡᠳᠦᠷ ᠲᠤ ᠨᠢ ᠴᠡᠪᠡᠷᠯᠡᠬᠦ᠂ ᠬᠤᠭ ᠨᠣᠪᠰᠢ ᠣᠪᠣᠭᠠᠯᠠᠬᠤ ᠥᠬᠡᠶ ᠪᠠᠷ ᠭᠡᠭᠡᠬᠦ᠂ ᠣᠯᠠᠨ ᠨᠡᠶᠢᠲᠡ ᠶᠢᠨ ᠲᠠᠯᠠᠪᠤᠷ ᠭᠠᠵᠠᠷ᠂ ᠵᠠᠮ ᠵᠡᠷᠭᠡ ᠶᠢ ᠴᠡᠪᠡᠷ ᠲᠡᠭᠰᠢ ᠪᠠᠶᠢᠯᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠥᠨᠴᠥᠭ ᠪᠤᠯᠤᠩ ᠥᠬᠡᠶ ᠪᠠᠶᠢᠯᠭᠠᠵᠤ᠂ ᠲᠡᠷᠭᠡ ᠬᠥᠰᠬᠡ ᠶᠢ ᠡᠮᠬᠢ ᠵᠢᠷᠤᠮ ᠲᠠᠢ ᠲᠠᠯᠪᠢᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠬᠥᠲᠥᠯᠥᠭᠴᠢ᠄ ᠪᠣᠯᠤᠨ᠎ᠠ᠂ ᠵᠠᠯᠭᠠᠭᠠᠳ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠠᠰᠠᠭᠤᠬᠤ ᠴᠠᠭ ᠲᠤ ᠣᠷᠣᠯ᠎ᠠ᠂ ᠣᠯᠠᠨ ᠢᠶᠠᠷ ᠢᠶᠠᠨ ᠶᠠᠮᠠᠷ ᠠᠰᠠᠭᠤᠳᠠᠯ ᠪᠠᠶᠢᠪᠠᠯ ᠺᠦᠩ ᠲᠣᠪᠴᠢᠶᠠᠨ ᠳᠠᠷᠤᠭ᠎ᠠ ᠠᠴᠠ ᠠᠰᠠᠭᠤᠯᠲᠠ ᠠᠰᠠᠭᠤᠵᠤ ᠪᠣᠯᠤᠨ᠎ᠠ᠃     ᠰᠦᠯᠵᠢᠶᠡᠨ ᠤ ᠨᠠᠶᠢᠵᠠ᠄ ᠮᠠᠨ ᠤ ᠮᠡᠳᠡᠵᠦ ᠪᠠᠶᠢᠬᠤ ᠪᠠᠷ᠂ ᠰᠤᠷᠭᠠᠭᠤᠯᠢ ᠶᠢᠨ ᠡᠭᠦᠳᠡᠨ ᠳᠤ ᠣᠨᠴᠠ ᠵᠠᠷᠢᠮ ᠵᠢᠵᠢᠭ ᠬᠤᠳᠠᠯᠳᠤᠭᠠᠴᠢᠨ ᠵᠢᠵᠢᠭ ᠮᠠᠶᠢᠮᠠᠶᠢᠴᠢᠨ ᠵᠢᠳᠬᠦᠭᠦᠷ ᠲᠡᠷᠭᠡ ᠪᠠᠨ ᠲᠦᠯᠬᠢᠭᠡᠳ ᠰᠤᠷᠭᠠᠭᠤᠯᠢ ᠶᠢᠨ ᠣᠶᠢᠷᠠᠯᠴᠠᠭ᠎ᠠ ᠵᠠᠮ ᠡᠵᠡᠯᠡᠨ ᠡᠵᠡᠩᠨᠡᠵᠦ᠂ ᠲᠣᠰᠣᠨ ᠳᠤ ᠪᠤᠴᠠᠯᠭᠠᠭᠰᠠᠨ ᠢᠳᠡᠭᠡᠨ᠂ ᠰᠤᠯᠠ ᠢᠳᠡᠭᠡᠨ ᠵᠡᠷᠭᠡ ᠶᠢ ᠬᠤᠳᠠᠯᠳᠤᠵᠤ᠂ ᠵᠠᠮ ᠬᠠᠷᠢᠯᠴᠠᠭ᠎ᠠ ᠶᠢ ᠪᠥᠭᠯᠡᠬᠦ ᠪᠠᠷ ᠪᠠᠷᠠᠬᠤ ᠦᠭᠡᠢ᠂ ᠬᠤᠭ ᠨᠣᠪᠰᠢ ᠶᠢ ᠭᠠᠵᠠᠷ ᠰᠠᠢ ᠦᠭᠡᠢ ᠬᠠᠶᠠᠵᠤ᠂ ᠢᠳᠡᠭᠡᠨ ᠤ ᠠᠷᠢᠭᠤᠨ ᠴᠡᠪᠡᠷ ᠤᠨ ᠪᠠᠶᠢᠳᠠᠯ ᠴᠤ ᠠᠨᠠᠶ ᠪᠠᠶᠢᠵᠤ᠂ ᠬᠤᠲᠠ ᠶᠢᠨ ᠦᠵᠡᠮᠵᠢ ᠪᠠ ᠪᠠᠭᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠷᠰᠢᠯᠠᠳᠠᠭ ᠪᠠᠶᠢᠨ᠎ᠠ᠂ ᠲᠡᠭᠡᠪᠡᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠡᠭᠦᠨ ᠢ ᠬᠡᠷᠬᠢᠨ ᠬᠤᠷᠢᠭᠯᠠᠨ ᠵᠣᠭᠰᠣᠭᠠᠬᠤ ᠪᠤᠢ︖    ᠵᠣᠴᠢᠨ ᠺᠦᠩ ᠴᠢᠩ ᠪᠢᠨ᠄ ᠮᠠᠨ ᠤ ᠭᠤᠤᠯ ᠠᠷᠭ᠎ᠠ ᠬᠡᠮᠵᠢᠶ᠎ᠡ ᠪᠣᠯ᠄ ᠨᠢᠭᠡ ᠳᠤ ᠵᠥᠪ ᠲᠠᠯ᠎ᠠ ᠠᠴᠠ ᠬᠥᠲᠥᠯᠦᠨ ᠵᠢᠯᠣᠭᠤᠳᠤᠨ᠎ᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠡᠭᠡᠯᠢ ᠳᠠᠭᠠᠤ ᠶᠢᠨ ᠳᠡᠯᠭᠡᠭᠦᠷ᠂ ᠨᠡᠭᠦᠳᠡᠯ ᠳᠡᠯᠭᠡᠭᠦᠷ ᠪᠠ ᠥᠷᠭᠡᠨ ᠣᠯᠠᠨ ᠪᠠᠭᠰᠢ ᠰᠤᠷᠤᠭᠴᠢᠳ ᠲᠤ ᠬᠤᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠳᠡᠯᠭᠡᠭᠦᠷ ᠤᠨ ᠡᠵᠡᠨ ᠪᠠ ᠳᠡᠯᠭᠡᠭᠦᠷᠴᠢᠨ ᠢ ᠬᠥᠲᠥᠯᠦᠨ ᠵᠢᠯᠣᠭᠤᠳᠴᠤ ᠪᠠᠶᠢᠭᠠᠳ ᠬᠤᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠢᠷᠤᠮᠵᠢᠯ ᠲᠠᠢ ᠡᠮᠬᠢ ᠵᠢᠷᠤᠮ ᠲᠠᠢ ᠬᠠᠤᠯᠢ ᠶᠣᠰᠣᠨ ᠤ ᠡᠵᠡᠩᠨᠡᠯᠲᠡ ᠶᠢ ᠵᠢᠷᠤᠮᠵᠢᠭᠤᠯᠤᠨ᠎ᠠ᠃ ᠰᠤᠷᠭᠠᠭᠤᠯᠢ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠬᠦᠷᠴᠦ᠂ ᠰᠤᠷᠭᠠᠭᠤᠯᠢ ᠳᠤ ᠬᠦᠷᠴᠦ ᠰᠣᠷᠣᠭᠴᠢ ᠶᠢ ᠲᠤᠰᠴᠤ ᠬᠦᠷᠭᠡᠬᠦ ᠬᠡᠷ ᠤᠨ ᠠᠬᠠᠮᠠᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠪᠠᠶᠢᠭᠤᠯᠤᠨ᠂ ᠬᠡᠷ ᠪᠦᠯᠢ᠂ ᠨᠡᠶᠢᠭᠡᠮ ᠢᠶᠠᠷ ᠢᠶᠠᠨ ᠬᠠᠮᠲᠤᠪᠠᠷ ᠬᠠᠮᠢᠶᠠᠷᠬᠤ ᠂ ᠬᠢᠨᠠᠯᠲᠠ ᠲᠠᠯᠪᠢᠬᠤ᠂ ᠥᠪᠡᠷ ᠢ ᠪᠠᠨ ᠱᠠᠭᠠᠷᠳᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠠᠮᠤᠷ ᠲᠦᠪᠰᠢᠨ ᠪᠤᠰᠤ ᠲᠠᠸᠠᠷ ᠢ ᠬᠠᠮᠲᠤᠪᠠᠷ ᠡᠰᠡᠷᠭᠦᠴᠡᠨ ᠬᠤᠷᠢᠭᠯᠠᠵᠤ᠂ ᠲᠡᠳᠡᠨ ᠤ ᠠᠷᠢᠭᠤᠨ ᠴᠡᠪᠡᠷ ᠪᠠᠶᠢᠬᠤ ᠶᠢᠨ ᠬᠠᠮᠲᠤ ᠬᠢᠨᠠᠯᠲᠠ ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠤᠶᠠᠷ ᠲᠤ ᠨᠡᠭᠦᠳᠡᠯ ᠳᠡᠯᠭᠡᠭᠦᠷᠴᠢᠨ ᠤ ᠬᠠᠮᠢᠶᠠᠷᠤᠯᠲᠠ ᠳᠤ᠂ ᠡᠶ᠎ᠡ ᠵᠣᠬᠢᠴᠠᠯ ᠲᠠᠢ ᠬᠠᠮᠢᠶᠠᠷᠤᠯᠲᠠ ᠶᠢᠨ ᠵᠠᠭᠪᠤᠷ ᠢ ᠴᠢᠷᠮᠠᠶᠢᠨ ᠪᠠᠶᠢᠭᠤᠯᠵᠤ᠂ ︽ᠰᠠᠶᠢᠲᠤᠷ ᠬᠠᠮᠢᠶᠠᠷᠬᠤ ᠮᠥᠷᠲᠡᠭᠡᠨ ᠪᠠᠰᠠ ᠭᠠᠷᠬᠤ ᠵᠠᠮ ᠣᠯᠭᠤᠬᠤ︾ ᠵᠢᠯᠣᠭᠤᠳᠬᠤ ᠦᠵᠡᠯ ᠰᠠᠨᠠᠭ᠎ᠠ ᠶᠣᠰᠣᠭᠠᠷ᠂ ᠵᠥᠷᠢᠴᠡᠯ ᠢ ᠬᠤᠷᠴᠠᠳᠬᠠᠬᠤ ᠦᠭᠡᠢ ᠮᠥᠷᠲᠡᠭᠡᠨ ᠵᠠᠰᠠᠬᠤ ᠵᠣᠷᠢᠯᠭ᠎ᠠ ᠳᠠᠭᠠᠨ ᠬᠦᠷᠴᠦ ᠴᠢᠳᠠᠬᠤ ᠶᠢ ᠪᠡᠶᠡᠯᠡᠭᠦᠯᠦᠨ᠎ᠡ᠃ ᠵᠠᠮ ᠬᠠᠷᠢᠯᠴᠠᠭᠠᠨ ᠤ ᠡᠮᠬᠢ ᠳᠢᠭᠯᠢᠮ ᠢ ᠥᠯᠥ ᠨᠥᠯᠥᠭᠡᠯᠡᠬᠦ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠥᠯᠥ ᠨᠥᠯᠥᠭᠡᠯᠡᠬᠦ ᠰᠠᠭᠤᠷᠢᠨ ᠳᠡᠭᠡᠷ᠎ᠡ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠨᠡᠭᠦᠳᠡᠯ ᠳᠡᠯᠭᠡᠭᠡ ᠮᠠᠶᠢᠮᠠᠶ ᠶᠢ ᠵᠠᠯᠠᠵᠤ ᠵᠢᠯᠣᠭᠤᠳᠬᠤ ᠲᠣᠭᠤᠷᠢᠭ ᠢ ᠵᠣᠬᠢᠰᠲᠠᠶ ᠪᠠᠶᠢᠭᠤᠯᠤᠨ᠎ᠠ᠃ ᠭᠤᠷᠪᠠ ᠳᠤ᠂ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠭᠦᠳᠡᠨ ᠳᠠᠬᠢ ᠬᠤᠳᠠᠯᠳᠤᠭᠠᠴᠢᠨ ᠤ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠳᠡᠯᠭᠡᠭᠡ ᠮᠠᠶᠢᠮᠠᠶ ᠬᠢᠵᠦ ᠴᠡᠭ ᠭᠠᠷᠭᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠵᠤ᠂ ᠠᠷᠠᠳ ᠲᠤ ᠲᠦᠭᠦᠮ ᠦᠵᠡᠭᠦᠯᠬᠦ ᠵᠠᠬ᠎ᠠ ᠳᠡᠯᠭᠡᠭᠦᠷ ᠠᠴᠠ ᠭᠠᠳᠠᠨᠠᠬᠢ ᠨᠡᠭᠦᠳᠡᠯ ᠳᠡᠯᠭᠡᠭᠡ ᠮᠠᠶᠢᠮᠠᠶ ᠶᠢᠨ ᠭᠠᠵᠠᠷ ᠲᠤ ︽ᠴᠢᠩᠭ᠎ᠠ ᠪᠥᠭᠡᠳ ᠬᠦᠨᠳᠦ ᠪᠠᠷ ᠰᠢᠳᠬᠡᠬᠦ︾ ᠶᠢ ᠬᠡᠷᠡᠭᠵᠢᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠴᠠᠭᠠᠵᠠᠯᠠᠨ᠎ᠠ᠃ ᠬᠥᠲᠥᠯᠥᠭᠴᠢ᠄ ᠺᠦᠩ ᠲᠣᠪᠴᠢᠶᠠᠨ ᠳᠠᠷᠤᠭ᠎ᠠ ᠶᠢᠨ ᠲᠠᠶᠢᠯᠪᠤᠷᠢᠯᠠᠯᠲᠠ ᠪᠠᠷ ᠳᠡᠮᠵᠢᠨ᠂ ᠪᠢᠳᠡ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠳᠤ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠵᠠᠶ᠂ ᠥᠷᠭᠡᠨ ᠣᠯᠠᠨ ᠲᠦᠮᠡᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠠᠩᠬᠠᠷᠤᠯ ᠲᠠᠯᠪᠢᠬᠤ ᠪᠠ ᠳᠡᠮᠵᠢᠯᠭᠡ ᠦᠵᠡᠭᠦᠯᠬᠦ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠬᠤᠲᠠ ᠶᠢᠨ ᠬᠠᠮᠢᠶᠠᠷᠤᠯᠲᠠ ᠶᠢᠨ ᠬᠦᠴᠢᠷ ᠠᠰᠠᠭᠤᠳᠠᠯ ᠠᠯᠬᠤᠮ ᠠᠯᠬᠤᠮ ᠢᠶᠠᠷ ᠠᠷᠢᠯᠵᠤ᠂ ᠨᠢᠩᠴᠧᠩ ᠰᠢᠶᠠᠨ ᠤ ᠬᠤᠲᠠ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠬᠤ ᠪᠣᠯᠤᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ︕    ᠬᠠᠮᠤᠭ ᠰᠡᠭᠦᠯ ᠳᠤ᠂ ᠺᠦᠩ ᠲᠣᠪᠴᠢᠶᠠᠨ ᠳᠠᠷᠤᠭ᠎ᠠ ᠳᠤ ᠲᠠᠯᠠᠷᠬᠠᠵᠤ ᠪᠠᠶᠢᠨ᠎ᠠ᠂ ᠲᠠ ᠪᠦᠬᠦᠨ ᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠠᠨᠳᠠ ᠨᠠᠷ ᠪᠠᠶᠠᠷᠲᠠᠶ︕
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号