ᠵᠢᠭᠠᠰᠤᠨ ᠠᠵᠤ ᠠᠬᠤᠶ ᠵᠢᠭᠠᠰᠤᠨ ᠶᠠᠪᠤᠳᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/1
    ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ  ᠲᠣᠪᠴᠢᠶ᠎ᠠ ᠳᠤ᠄      ᠣᠳᠣᠬᠠᠨ ᠳᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠠᠩᠭᠢᠯᠠᠭ᠎ᠠ ᠶᠢᠨ ᠬᠤᠭᠤᠴᠠᠭᠠᠨ   ᠳᠤ ᠣᠷᠣᠵᠤ᠂ ᠤᠯᠠᠨ ᠭᠠᠵᠠᠷ ᠲᠤ ᠰᠢᠷᠦᠭᠦᠨ ᠪᠣᠷᠣᠭᠠᠨ ᠣᠷᠣᠵᠤ᠂ ᠲᠠᠷᠢᠶᠠᠯᠠᠩ ᠬᠥᠳᠡᠭᠡ ᠲᠣᠰᠬᠤᠨ ᠤ ᠭᠠᠮᠰᠢᠭ   ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠬᠤ ᠶᠢᠨ ᠬᠠᠮᠲᠤ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠴᠤ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠤᠯᠤᠰ ᠪᠠ  ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ  ᠠᠷᠭᠠᠴᠠᠭᠠᠬᠤ᠂ ᠵᠢᠭᠠᠰᠤᠨ ᠠᠵᠤ ᠠᠬᠤᠶ ᠶᠢᠨ ᠦᠶᠯᠡᠳᠪᠦᠷᠢᠯᠡᠯ ᠪᠠ ᠤᠰᠤᠨ ᠭᠠᠷᠤᠯᠲᠠ ᠶᠢ ᠲᠣᠭᠲᠠᠭᠤᠨ  ᠪᠠᠶᠢᠯᠭᠠᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠵᠡᠷᠭᠡ ᠴᠢᠬᠤᠯᠠ ᠵᠣᠷᠢᠭ ᠰᠠᠨᠠᠭ᠎ᠠ ᠶᠢ ᠬᠢᠨᠠᠮᠠᠭᠠᠶ  ᠳᠤᠭᠤᠰᠢᠯᠠᠭᠤᠯᠬᠤ ᠶᠢᠨ ᠲᠤᠰᠠᠳᠠ᠂ ᠡᠳᠦᠭᠡ ᠵᠢᠭᠠᠰᠤᠨ ᠠᠵᠤ ᠠᠬᠤᠶ ᠵᠢᠭᠠᠰᠤᠨ ᠶᠠᠪᠤᠳᠠᠯ ᠤᠨ ᠠᠵᠢᠯ ᠢ ᠤᠯᠠᠮ  ᠨᠢᠭᠡ ᠠᠯᠬᠤᠮ ᠰᠠᠶᠢᠲᠤᠷ ᠬᠢᠬᠦ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠪᠡ᠃       ᠨᠢᠭᠡ᠂ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠵᠤ᠂ ᠤᠰᠤᠨ  ᠭᠠᠷᠤᠯᠲᠠ ᠶᠢ ᠲᠣᠭᠲᠠᠭᠤᠨ ᠪᠠᠶᠢᠯᠭᠠᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ      ︽ᠤᠰᠤᠨ ᠭᠠᠷᠤᠯᠲᠠ ᠶᠢᠨ ᠪᠣᠬᠢᠷᠲᠤᠯ ᠦᠭᠡᠶ ᠡᠷᠡᠭᠦᠯ ᠢᠶᠠᠷ ᠲᠡᠵᠢᠭᠡᠨ ᠦᠷᠡᠵᠢᠭᠦᠯᠬᠦ ᠮᠡᠷᠭᠡᠵᠢᠯ ᠢ  ᠳᠡᠯᠭᠡᠷᠡᠭᠦᠯᠬᠦ ︿ᠲᠠᠪᠤᠨ ᠶᠡᠭᠡ ᠠᠵᠢᠯᠯᠠᠭ᠎ᠠ﹀ ᠶᠢ ᠬᠡᠷᠡᠭᠵᠢᠭᠦᠯᠬᠦ ᠲᠤᠬᠠᠢ ᠲᠠᠷᠢᠶᠠᠯᠠᠩ ᠬᠦᠳᠡᠭᠡ ᠲᠤᠰᠬᠤᠨ ᠤ  ᠶᠠᠮᠤᠨ ᠤ ᠮᠡᠳᠡᠭᠳᠡᠯ︾ ︵ᠲᠠᠷᠢᠶᠠᠯᠠᠩ ᠠᠯᠪᠠᠨ ᠵᠢᠭᠠᠰᠤ ﹇2021﹈ 6 ᠳ᠋ᠣᠭᠠᠷ ᠲᠤᠭᠠᠲᠤ︶ ᠤᠨ ᠱᠠᠭᠠᠷᠳᠠᠯᠭ᠎ᠠ  ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ   ᠤ ᠲᠢᠩᠬᠢᠮ ᠵᠡᠷᠭᠡ 10 ᠲᠢᠩᠬᠢᠮ ᠲᠣᠪᠴᠢᠶ᠎ᠠ ︵ᠵᠥᠪᠯᠡᠯ᠂ ᠠᠯᠪᠠᠨ ᠬᠡᠷ︶ ᠶᠢᠨ ᠬᠠᠮᠲᠤᠷᠠᠨ ᠳᠠᠷᠤᠮᠠᠯᠯᠠᠨ  ᠲᠠᠷᠬᠠᠭᠠᠭᠰᠠᠨ ︽ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠶᠯᠡᠰ ᠤᠨ ᠪᠣᠬᠢᠷᠲᠤᠯ ᠥᠬᠡᠶ ᠬᠥᠭᠵᠢᠯᠲᠡ   ᠶᠢ ᠲᠦᠷᠭᠡᠳᠬᠡᠨ ᠠᠬᠢᠭᠤᠯᠬᠤ ᠰᠠᠨᠠᠯ ᠤᠳ ᠤᠨ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠲᠠᠷᠢᠶᠠᠯᠠᠩ ᠮᠠᠯ  ᠵᠢᠭᠠᠰᠤ ᠥᠰᠥᠭ  ﹇2019﹈ 64 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠦᠨᠳᠦᠰᠦᠯᠡᠨ᠂ ᠡᠯ᠎ᠡ ᠱᠠᠲᠤᠨ ᠤ ᠵᠢᠭᠠᠰᠤᠨ ᠠᠵᠤ ᠠᠬᠤᠶ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ  ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠦᠲᠦᠮᠵᠢᠲᠡᠶ  ᠠᠷᠭ᠎ᠠ ᠬᠡᠮᠵᠢᠶ᠎ᠡ ᠠᠪᠴᠣ᠂ ᠠᠮᠢ ᠠᠬᠤᠶ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠵᠠᠭᠪᠤᠷ ᠢ ᠳᠡᠯᠭᠡᠷᠡᠭᠦᠯᠬᠦ ᠪᠠᠷ  ᠳᠠᠮᠵᠢᠭᠤᠯᠤᠨ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠢᠯᠭᠠᠳᠠᠰᠤ ᠤᠰᠤᠨ ᠤ ᠵᠠᠰᠠᠯᠲᠠ ᠶᠢ ᠯᠠᠪᠳᠠᠭᠤᠨ   ᠢᠶᠠᠷ ᠲᠦᠯᠬᠢᠨ ᠠᠬᠢᠭᠤᠯᠵᠤ᠂  ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠡᠮ ᠤᠨ ᠬᠡᠮᠵᠢᠶ᠎ᠡ ᠶᠢ  ᠪᠠᠭᠠᠰᠬᠠᠬᠤ ᠶᠢ ᠦᠷᠭᠦᠯᠵᠢᠯᠡᠨ ᠠᠬᠢᠭᠤᠯᠤᠨ᠂ ᠪᠣᠷᠳᠤᠭ᠎ᠠ ᠪᠠᠷ ᠬᠤᠯᠢᠮᠠᠭ ᠵᠢᠷᠠᠭᠠᠬᠠᠢ ᠶᠢ ᠣᠷᠣᠯᠠᠭᠤᠯᠬᠤ ᠪᠠ ᠤᠰᠤᠨ  ᠭᠠᠷᠤᠯᠲᠠ ᠶᠢᠨ ᠦᠷ᠎ᠡ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠤᠰᠤᠨ ᠭᠠᠷᠤᠯᠲᠠ ᠶᠢᠨ  ᠪᠣᠬᠢᠷᠲᠤᠯ ᠦᠭᠡᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠬᠦ ︽ᠲᠠᠪᠤᠨ ᠶᠡᠭᠡ ᠠᠵᠢᠯᠯᠠᠭ᠎ᠠ︾   ᠶᠢ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠡᠭᠦᠯᠳᠡᠷ ᠢ ᠳᠡᠯᠭᠡᠷᠡᠭᠦᠯᠦᠨ᠂  ᠤᠰᠤᠨ ᠭᠠᠷᠤᠯᠲᠠ ᠶᠢ ᠪᠣᠬᠢᠷᠲᠤᠯ ᠥᠬᠡᠶ ᠡᠷᠡᠭᠦᠯ ᠢᠶᠠᠷ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠱᠠᠭᠠᠷᠳᠠᠯᠭ᠎ᠠ   ᠳᠤ ᠨᠡᠶᠢᠴᠡᠭᠰᠡᠨ ᠨᠢᠭᠡ ᠪᠦᠯᠦᠭ ᠮᠡᠷᠭᠡᠵᠢᠯ ᠤᠨ ᠵᠠᠭᠪᠤᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠤᠰᠤᠨ  ᠭᠠᠷᠤᠯᠲᠠ ᠶᠢᠨ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢ ᠲᠦᠷᠭᠡᠳᠬᠡᠨ ᠬᠤᠪᠢᠷᠠᠭᠤᠯᠤᠨ᠂ ᠲᠡᠵᠢᠭᠡᠨ  ᠦᠷᠡᠵᠢᠭᠦᠯᠬᠦ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠦᠶᠯᠡᠰ ᠤᠨ  ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ   ᠤᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠵᠤ᠂ ᠤᠰᠤᠨ ᠭᠠᠷᠤᠯᠲᠠ ᠶᠢᠨ ᠲᠣᠭᠲᠠᠭᠤᠨ  ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠬᠤᠶᠠᠷ᠂ ᠵᠢᠭᠠᠰᠤᠨ ᠠᠵᠤ ᠠᠬᠤᠶ ᠶᠢᠨ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠪ ᠤᠨ ᠦᠢᠯᠡᠳᠪᠦᠷᠢᠯᠡᠯ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠶ      ᠣᠳᠣᠬᠠᠨ ᠳᠤ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ ᠳᠠᠭᠤᠰᠴᠤ᠂ ᠦᠶᠡᠷ ᠤᠨ ᠬᠤᠭᠤᠴᠠᠭ᠎ᠠ  ᠨᠢᠭᠡᠨᠲᠡ ᠲᠤᠯᠵᠤ ᠢᠷᠡᠭᠰᠡᠨ ᠪᠣᠯᠬᠤᠷ᠂ ᠡᠯ᠎ᠡ ᠭᠠᠵᠠᠷ ᠤᠳ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠲᠠᠢ ᠪᠠᠨ  ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠦᠶᠡᠷ ᠢ ᠰᠡᠷᠭᠡᠶᠢᠯᠡᠨ ᠪᠠᠴᠢᠮ  ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ   ᠢ ᠪᠠᠭᠠᠰᠬᠠᠬᠤ ᠠᠵᠢᠯ ᠢ ᠰᠠᠶᠢᠲᠤᠷ ᠠᠳᠬᠤᠵᠤ᠂ ᠵᠢᠭᠠᠰᠤᠨ ᠠᠵᠤ ᠠᠬᠤᠶ ᠶᠢᠨ ᠠᠶᠤᠯ ᠦᠭᠡᠶ ᠦᠢᠯᠡᠳᠪᠦᠷᠢᠯᠡᠯ ᠢ  ᠦᠨᠡᠨ ᠬᠦ ᠰᠠᠶᠢᠲᠤᠷ ᠠᠳᠬᠤᠬᠤ ᠬᠡᠷᠡᠭᠲᠡᠶ᠃      ︵ᠨᠢᠭᠡ︶ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ   ᠤᠨ ᠠᠵᠢᠯᠯᠠᠭ᠎ᠠ ᠶᠢᠨ ᠣᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃      ᠶᠡᠷᠦᠩᠬᠡᠶ ᠱᠦᠵᠢ ᠰᠢ ᠶᠢᠨ ᠫᠢᠩ ᠤᠨ ︽ᠠᠮᠢ ᠨᠠᠰᠤ ᠲᠠᠶᠢᠱᠠᠨ ᠠᠭᠤᠯᠠᠨ ᠠᠴᠠ ᠴᠢᠬᠤᠯᠠ︾ ᠭᠡᠬᠦ  ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠤ᠂ ᠮᠠᠨ ᠤ ᠣᠷᠣᠨ ᠤ ︽ᠵᠢᠭᠠᠰᠤᠨ ᠠᠵᠤ ᠠᠬᠤᠶ ᠶᠢᠨ ᠠᠶᠤᠯ  ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ   ᠤᠨ ᠲᠥᠰᠦᠯ︾ ︵ᠥᠪᠥᠷ ᠲᠠᠷᠢᠶᠠᠯᠠᠩ ᠮᠠᠯ ᠵᠢᠭᠠᠰᠤ ᠲᠠᠷᠬᠠᠭᠠᠭᠰᠠᠨ ﹇2020﹈ 184 ᠳ᠋ᠦ᠋ᠭᠡᠷ ᠲᠣᠭᠠᠲᠤ︶  ᠤᠨ  ᠱᠠᠭᠠᠷᠳᠠᠯᠭ᠎ᠠ ᠶᠣᠰᠣᠭᠠᠷ᠂ 8 ᠰᠠᠷ᠎ᠠ ᠠᠴᠠ 10 ᠰᠠᠷ᠎ᠠ ᠪᠣᠯᠲᠠᠯ᠎ᠠ ᠪᠦᠬᠦ ᠣᠷᠣᠨ ᠤ ᠬᠡᠪᠴᠢᠶᠡᠨ ᠳᠤ ᠣᠨ ᠤ  ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠠᠬᠢᠭᠤᠯᠬᠤ  ᠬᠡᠷᠡᠭᠲᠡᠢ᠃ ᠵᠢᠭᠠᠰᠤᠨ ᠠᠵᠤ ᠠᠬᠤᠶ ᠶᠢᠨ ᠠᠮᠤᠷ ᠲᠦᠪᠰᠢᠨ ᠤ ᠰᠤᠷᠤᠯᠴᠠᠯᠭ᠎ᠠ ᠬᠥᠮᠦᠵᠢᠯ ᠤᠨ ᠡᠭᠡᠯᠵᠢᠯᠡᠨ  ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠡᠨᠡ ᠵᠢᠯ ᠤᠨ 9 ᠰᠠᠷ᠎ᠠ ᠶᠢᠨ 1 ᠤ ᠡᠳᠦᠷ ᠠᠴᠠ ᠡᠬᠢᠯᠡᠨ  ᠬᠡᠷᠡᠭᠵᠢᠭᠦᠯᠦᠭᠰᠡᠨ ᠰᠢᠨ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠬᠡᠶ  ᠦᠶᠯᠡᠳᠪᠦᠷᠢᠯᠡᠯ ᠤᠨ ᠬᠠᠤᠯᠢ︾ ᠶᠢ ᠭᠤᠤᠯᠳᠠᠯᠭ᠎ᠠ ᠲᠠᠢ ᠰᠤᠷᠤᠯᠴᠠᠵᠤ ᠤᠬᠠᠭᠤᠯᠬᠤ ᠬᠡᠷᠡᠭᠲᠡᠢ᠃ ᠵᠢᠭᠠᠰᠤᠨ ᠠᠵᠤ  ᠠᠬᠤᠶ ᠶᠢᠨ ᠠᠶᠤᠯ ᠦᠭᠡᠶ ᠦᠢᠯᠡᠳᠪᠦᠷᠢᠯᠡᠯ ᠳᠤ ᠡᠷᠬᠡᠪᠰᠢ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ᠂  ᠪᠠᠶᠢᠩᠭᠤ ᠠᠳᠬᠤᠵᠤ ᠰᠢᠨᠳᠠᠷᠠᠰᠢ ᠦᠭᠡᠢ ᠪᠠᠶᠢᠬᠤ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠶ ᠨᠡᠶᠢᠭᠡᠮ ᠤᠨ  ᠣᠷᠴᠢᠨ ᠠᠬᠤᠶ ᠶᠢ ᠪᠣᠢ ᠪᠣᠯᠭᠠᠨ᠎ᠠ᠃ ᠵᠢᠭᠠᠰᠤᠨ ᠣᠩᠭᠤᠴᠠ ᠪᠠ ᠵᠢᠭᠠᠰᠤᠨ ᠤᠩᠭᠤᠴᠠᠨ ᠤ ᠭᠠᠷᠠᠮ ᠤᠨ ᠠᠮᠤᠷ  ᠲᠦᠪᠰᠢᠨ ᠤ ᠬᠡᠮ ᠰᠣᠭᠤᠭ ᠢ ᠥᠪᠡᠰᠦᠪᠡᠨ ᠪᠠᠶᠢᠴᠠᠭᠠᠬᠤ ᠪᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ  ᠬᠡᠷᠡᠭᠲᠡᠢ᠃ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ  ᠵᠠᠰᠠᠵᠤ ᠶᠡᠭᠡ ᠪᠠᠷ ᠳᠡᠭᠡᠭᠰᠢᠯᠡᠭᠦᠯᠬᠦ ᠠᠵᠢᠯᠯᠠᠭ᠎ᠠ ᠦᠷᠨᠢᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ  ᠳᠤᠷᠠᠳᠴᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠎ᠠ᠃ ᠵᠢᠭᠠᠰᠤᠨ ᠠᠵᠤ ᠠᠬᠤᠶ ᠶᠢᠨ ᠣᠩᠭᠤᠴᠠᠴᠢᠨ ᠤ  ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠵᠦᠢᠯ ᠢᠶᠠᠷ ᠵᠠᠰᠠᠵᠤ᠂ ᠣᠩᠭᠤᠴᠠᠴᠢᠨ ᠤ  ᠲᠤᠨᠤᠭ ᠲᠦᠬᠦᠬᠡᠷᠦᠮᠵᠢ ᠨᠢ ᠪᠦᠷᠢᠨ ᠪᠤᠰᠤ ᠪᠠᠶᠢᠬᠤ ᠪᠠ ︽ᠬᠥᠮᠦᠨ ᠪᠠ ᠦᠨᠡᠮᠯᠡᠯ ᠨᠢ ᠨᠡᠶᠢᠴᠡᠬᠦ ᠦᠭᠡᠶ︾  ᠦᠵᠡᠭᠳᠡᠯ ᠢ ᠭᠤᠣᠯᠳᠠᠯᠭ᠎ᠠ ᠲᠠᠢ ᠲᠤᠰᠬᠠᠶ ᠵᠦᠢᠯ ᠢᠶᠠᠷ ᠴᠡᠭᠴᠡᠯᠡᠨ ᠵᠠᠰᠠᠨ᠎ᠠ᠃ ᠵᠢᠭᠠᠰᠤᠨ ᠠᠵᠤ ᠠᠬᠤᠶ ᠶᠢᠨ ᠠᠮᠤᠷ  ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠵᠦ᠂ ᠵᠢᠭᠠᠰᠤᠨ ᠠᠵᠤ ᠠᠬᠤᠶ ᠶᠢᠨ ᠠᠮᠤᠷ  ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃  ᠵᠢᠭᠠᠰᠤᠨ ᠣᠩᠭᠤᠴᠠᠨ ᠤ ᠬᠠᠷᠢᠶ᠎ᠠ ᠭᠠᠷᠠᠮ ᠤᠨ ᠪᠠᠶᠢᠭ᠎ᠠ ᠭᠠᠵᠠᠷ ᠤᠨ ᠵᠢᠭᠠᠰᠤᠨ ᠠᠵᠤ ᠠᠬᠤᠢ ᠶᠢᠨ ᠭᠤᠣᠯᠴᠢᠯᠠᠨ  ᠬᠠᠮᠢᠶᠠᠷᠬᠤ ᠰᠠᠯᠠᠭ᠎ᠠ ᠮᠥᠴᠢᠷ ᠤᠳ ᠵᠢᠯ ᠪᠦᠷᠢ ᠣᠩᠭᠤᠴᠠᠨ ᠤ ᠡᠵᠡᠨ ᠯᠦᠭᠡ ᠠᠶᠤᠯ ᠥᠭᠡᠢ ᠦᠢᠯᠡᠳᠪᠦᠷᠢᠯᠡᠯ ᠤᠨ  ᠬᠠᠷᠢᠭᠤᠴᠠᠯᠭ᠎ᠠ ᠶᠢᠨ ᠪᠢᠴᠢᠭ ᠲᠣᠭᠲᠠᠭᠠᠬᠤ ᠲᠥᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠵᠢᠭᠠᠰᠤᠨ ᠣᠩᠭᠤᠴᠠᠨ   ᠤ ᠤᠰᠤᠨ ᠳᠡᠭᠡᠷᠡᠬᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠵᠡᠷᠭᠡ ᠬᠠᠮᠢᠶ᠎ᠠ  ᠪᠦᠬᠦᠢ ᠲᠣᠭᠲᠠᠭᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠵᠢᠯ ᠤᠨ ᠳᠡᠰ ᠳᠠᠷᠠᠭᠠᠯᠠᠯ ᠢᠶᠠᠨ ᠤᠯᠠᠮ  ᠨᠢᠭᠡ ᠠᠯᠬᠤᠮ ᠲᠣᠳᠣᠷᠬᠠᠶᠢᠯᠠᠨ᠂ ᠵᠢᠭᠠᠰᠤᠨ ᠣᠩᠭᠤᠴᠠᠨ ᠤ ᠤᠰᠤᠨ ᠳᠡᠭᠡᠷᠡᠬᠢ ᠭᠡᠨᠡᠳᠲᠡ ᠶᠢᠨ ᠬᠡᠷᠡᠭ ᠢ ᠴᠠᠭ  ᠲᠤᠬᠠᠶ ᠳᠤ ᠨᠢ᠂ ᠪᠦᠲᠦᠮᠵᠢᠲᠡᠶ ᠰᠢᠶᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠵᠢᠭᠠᠰᠤᠨ ᠠᠵᠤ ᠠᠬᠤᠢ   ᠶᠢᠨ ᠠᠶᠤᠯ ᠦᠭᠡᠢ ᠦᠢᠯᠡᠳᠪᠦᠷᠢᠯᠡᠯ ᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠨᠡᠶᠢᠲᠡᠯᠡᠵᠦ᠂  ᠵᠢᠭᠠᠰᠤᠨ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ  ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠶ᠎ᠠ ᠭᠠᠵᠠᠷ ᠤᠨ  ᠬᠠᠷᠢᠭᠤᠴᠠᠯᠭ᠎ᠠ ᠪᠠ ᠵᠢᠭᠠᠰᠤᠨ ᠠᠵᠤ ᠠᠬᠤᠢ ᠶᠢᠨ ᠰᠠᠯᠠᠭ᠎ᠠ ᠮᠥᠴᠢᠷ  ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ  ᠪᠦᠲᠦᠮᠵᠢᠲᠡᠢ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠯ᠎ᠡ ᠠᠶᠢᠮᠠᠭ ᠬᠤᠲᠠ ᠶᠢᠨ ᠵᠢᠭᠠᠰᠤᠨ  ᠠᠵᠤ ᠠᠬᠤᠶ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠭᠠᠰᠤᠨ ᠠᠵᠤ ᠠᠬᠤᠶ ᠶᠢᠨ ᠠᠶᠤᠯ ᠦᠭᠡᠶ  ᠦᠢᠯᠡᠳᠪᠦᠷᠢᠯᠡᠯ ᠢ ᠲᠥᠪᠯᠡᠷᠡᠭᠦᠯᠦᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢᠶᠠᠨ ᠳ᠋ᠦᠩᠨᠡᠵᠦ᠂  ᠪᠢᠴᠢᠭ ᠤᠨ ᠬᠡᠯᠪᠡᠷᠢ ᠶᠢᠨ ᠳ᠋ᠦᠩᠨᠡᠯᠲᠡ ᠶᠢᠨ ᠮᠡᠳᠡᠭᠦᠯᠦᠯᠲᠡ ᠬᠢᠵᠦ᠂ 11 ᠰᠠᠷ᠎ᠠ ᠶᠢᠨ ᠰᠡᠭᠦᠯᠴᠢ ᠠᠴᠠ ᠡᠮᠦᠨ᠎ᠡ  ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠢᠭᠠᠰᠤᠨ ᠠᠵᠤ ᠠᠬᠤᠶ   ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ      ︵ᠬᠤᠶᠠᠷ︶ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ  ᠬᠡᠮ ᠰᠣᠭᠤᠭ ᠢ ᠵᠢᠭᠰᠠᠭᠠᠨ ᠪᠠᠶᠢᠴᠠᠭᠠᠬᠤ ᠬᠡᠷᠡᠭᠲᠡᠢ      ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ᠂ ᠡᠯ᠎ᠡ ᠱᠠᠲᠤᠨ ᠤ ᠵᠢᠭᠠᠰᠤᠨ ᠠᠵᠤ ᠠᠬᠤᠶ ᠶᠢᠨ  ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠭᠠᠰᠤᠨ ᠤᠩᠭᠤᠴᠠᠨ ᠤ ᠭᠠᠷᠠᠮ ᠪᠣᠯᠤᠨ  ᠵᠢᠭᠠᠰᠤᠨ ᠣᠩᠭᠤᠴᠠ ᠶᠢ ᠲᠥᠪᠯᠡᠷᠡᠭᠦᠯᠦᠨ ᠵᠣᠭᠰᠣᠭᠠᠬᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠬᠢᠨᠠᠨ  ᠡᠵᠡᠮᠳᠡᠵᠦ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠵᠢᠭᠠᠰᠤᠨ ᠤᠩᠭᠤᠴᠠᠨ ᠤ ᠭᠠᠷᠠᠮ ᠤᠨ ᠪᠡᠯᠡᠳᠬᠡᠮᠵᠢ᠂  ᠳᠠᠯᠠᠩ ᠬᠠᠰᠢᠯᠭ᠎ᠠ ᠪᠣᠯᠤᠨ ᠲᠡᠵᠢᠭᠡᠨ ᠦᠷᠡᠵᠢᠭᠦᠯᠬᠦ ᠪᠡᠯᠡᠳᠬᠡᠮᠵᠢ ᠶᠢ ᠤᠷᠢᠳᠴᠢᠯᠠᠨ ᠪᠠᠬᠢᠵᠢᠭᠦᠯᠦᠨ ᠬᠠᠮᠠᠭᠠᠯᠠᠬᠤ  ᠬᠡᠷᠡᠭᠲᠡᠶ᠃ ᠵᠢᠭᠠᠰᠤᠨ ᠠᠵᠤ ᠠᠬᠤᠶ ᠶᠢᠨ ᠠᠶᠤᠯ ᠦᠭᠡᠶ ᠦᠶᠯᠡᠳᠪᠦᠷᠢᠯᠡᠯ ᠳᠤ ᠦᠵᠡᠭᠦᠯᠬᠦ ᠪᠠᠶᠢᠭᠠᠯᠢ ᠶᠢᠨ ᠭᠠᠮᠰᠢᠭ   ᠤᠨ ᠨᠥᠯᠥᠭᠡ ᠶᠢ ᠨᠢᠭᠲᠠ ᠠᠩᠬᠠᠷᠴᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠪᠲᠡᠷᠡᠭᠦᠯᠬᠦ ᠠᠵᠢᠯ ᠢ ᠰᠠᠶᠢᠲᠤᠷ ᠬᠢᠬᠦ  ᠬᠡᠷᠡᠭᠲᠡᠶ᠃ ᠬᠡᠰᠡᠭ ᠭᠠᠵᠠᠷ ᠣᠷᠣᠨ ᠦᠶᠡᠷ ᠤᠰᠤᠲᠤᠯ ᠤᠨ ᠭᠠᠮᠰᠢᠭ ᠠᠴᠠ ᠪᠣᠯᠵᠣ᠂ ᠦᠶᠯᠡᠳᠪᠦᠷᠢᠯᠡᠯ ᠤᠨ  ᠪᠡᠯᠡᠳᠬᠡᠮᠵᠢ ᠡᠪᠳᠡᠭᠳᠡᠪᠡ᠂ ᠭᠠᠮᠰᠢᠭ ᠤᠨ ᠳᠠᠷᠠᠭᠠᠬᠢ ᠦᠶᠯᠡᠳᠪᠦᠷᠢᠯᠡᠯ ᠢᠶᠠᠨ ᠰᠡᠷᠭᠦᠭᠡᠬᠦ ᠵᠢᠯᠣᠭᠤᠳᠣᠯᠭ᠎ᠠ ᠪᠠᠨ  ᠴᠢᠩᠭᠠᠳᠬᠠᠵᠤ᠂ ᠤᠰᠤ ᠲᠠᠲᠠᠭᠰᠠᠨ ᠤ ᠳᠠᠷᠠᠭ᠎ᠠ ᠲᠡᠵᠢᠭᠡᠨ ᠦᠷᠡᠵᠢᠭᠦᠯᠬᠦ ᠨᠠᠭᠤᠷ ᠤᠨ ᠪᠠᠶᠢᠳᠠᠯ ᠢ ᠴᠠᠭ ᠲᠤᠬᠠᠶ ᠳᠤ   ᠨᠢ ᠪᠠᠶᠢᠴᠠᠭᠠᠨ ᠦᠨᠡᠯᠡᠨ ᠵᠢᠱᠢᠵᠦ᠂ ᠭᠠᠮᠰᠢᠭ ᠠᠴᠠ ᠪᠣᠯᠵᠣ ᠡᠪᠳᠡᠭᠳᠡᠭᠰᠡᠨ ᠪᠡᠯᠡᠳᠬᠡᠮᠵᠢ ᠶᠢ ᠰᠡᠯᠪᠢᠨ ᠵᠠᠰᠠᠵᠤ᠂  ᠨᠠᠮᠤᠷ ᠤᠨ ᠤᠯᠠᠷᠢᠯ ᠤᠨ ᠵᠢᠷᠠᠭᠠᠬᠠᠶ ᠶᠢ ᠨᠥᠬᠦᠵᠦ ᠲᠠᠯᠪᠢᠬᠤ ᠬᠡᠷᠡᠭᠲᠡᠶ᠃ ᠤᠰᠤᠨ ᠳᠤ ᠠᠪᠲᠠᠭᠳᠠᠭᠰᠠᠨ ᠵᠢᠭᠠᠰᠤᠨ  ᠴᠥᠭᠦᠷᠥᠮ ᠳᠤ ᠤᠰᠤ ᠵᠠᠯᠠᠵᠤ ᠤᠰᠤᠲᠤᠯ ᠢ ᠰᠡᠷᠭᠡᠶᠢᠯᠡᠬᠦ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠤᠨ  ᠥᠷᠨᠢᠭᠦᠯᠵᠦ᠂ ᠭᠠᠮᠰᠢᠭ ᠲᠤ ᠡᠪᠳᠡᠭᠳᠡᠭᠰᠡᠨ ᠲᠡᠵᠢᠭᠡᠨ ᠦᠷᠡᠵᠢᠭᠦᠯᠬᠦ ᠪᠡᠯᠡᠳᠬᠡᠮᠵᠢ ᠶᠢ ᠰᠡᠯᠪᠢᠨ ᠰᠡᠷᠭᠦᠭᠡᠬᠦ ᠶᠢ  ᠲᠦᠷᠭᠡᠳᠬᠡᠵᠦ᠂ ᠬᠠᠰᠢᠶᠠᠯᠠᠨ ᠨᠥᠬᠦᠵᠦ ᠲᠡᠵᠢᠭᠡᠨ ᠠᠷᠠᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃       ︵ᠭᠤᠷᠪᠠ︶ ᠵᠢᠭᠠᠰᠤᠨ ᠠᠵᠤ ᠠᠬᠤᠶ ᠶᠢᠨ ᠠᠶᠤᠯ ᠦᠭᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ  ᠳᠦᠷᠢᠮ ᠢ ᠨᠠᠶᠢᠳᠠᠪᠤᠷᠢᠵᠢᠭᠤᠯᠵᠤ᠂ ᠦᠶᠯᠡᠳᠪᠦᠷᠢᠯᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ  ᠪᠣᠳᠠᠲᠠᠶᠢᠵᠢᠭᠤᠯᠬᠤ ᠬᠡᠷᠡᠭᠲᠡᠶ᠃       ᠡᠯ᠎ᠡ ᠱᠠᠲᠤᠨ ᠤ ᠵᠢᠭᠠᠰᠤᠨ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ  ᠮᠥᠴᠢᠷ ᠤᠳ ᠵᠢᠭᠠᠰᠤᠨ ᠠᠵᠤ ᠠᠬᠤᠶ ᠶᠢᠨ ᠦᠶᠯᠡᠳᠪᠦᠷᠢᠯᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠢᠭᠠᠰᠤᠨ ᠠᠵᠤ ᠠᠬᠤᠶ ᠶᠢᠨ ᠣᠩᠭᠤᠴᠠᠴᠢᠨ   ᠢ ᠵᠢᠷᠤᠮᠵᠢᠭᠤᠯᠬᠤ ᠬᠠᠮᠢᠶᠠᠷᠤᠯᠲᠠ ᠪᠠᠨ ᠴᠢᠩᠭᠠᠳᠬᠠᠨ᠂ ᠵᠢᠭᠠᠰᠤᠨ ᠠᠵᠤ ᠠᠬᠤᠶ ᠶᠢᠨ ᠣᠩᠭᠤᠴᠠ ᠪᠠᠷ ᠠᠶᠠᠨᠴᠢᠳ   ᠢ ᠬᠠᠤᠯᠢ ᠪᠤᠰᠤ ᠪᠠᠷ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠦᠨᠡᠮᠯᠡᠯ ᠦᠭᠡᠶ ᠵᠢᠭᠠᠰᠤᠨ ᠠᠵᠤ ᠠᠬᠤᠶ ᠶᠢᠨ  ᠣᠩᠭᠤᠴᠠ ᠰᠠᠯ ᠵᠢᠭᠠᠰᠤᠨ ᠣᠩᠭᠤᠴᠠᠨ ᠤ ᠭᠠᠷᠠᠮ ᠢᠶᠠᠷ ᠣᠷᠣᠵᠤ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃   ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠱᠠᠭᠠᠷᠳᠠᠯᠭ᠎ᠠ ᠪᠠ ᠲᠥᠯᠥᠪᠯᠡᠭᠡ ᠶᠣᠰᠣᠭᠠᠷ᠂ ᠵᠢᠭᠠᠰᠤᠨ ᠠᠵᠤ  ᠠᠬᠤᠶ ᠶᠢᠨ ᠣᠩᠭᠤᠴᠠᠴᠢᠨ ᠢ ᠪᠣᠯᠪᠠᠰᠤᠷᠠᠭᠤᠯᠬᠤ᠂ ᠰᠢᠯᠭᠠᠬᠤ᠂ ᠬᠠᠮᠢᠶᠠᠷᠬᠤ ᠵᠡᠷᠭᠡ ᠡᠯ᠎ᠡ ᠵᠦᠢᠯ ᠤᠨ ᠳᠦᠷᠢᠮ ᠢ  ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠵᠢᠭᠠᠰᠤᠨ ᠠᠵᠤ ᠠᠬᠤᠶ ᠶᠢᠨ ᠣᠩᠭᠤᠴᠠᠴᠢᠨ ᠤ ᠪᠣᠯᠪᠠᠰᠤᠷᠠᠭᠤᠯᠤᠯ ᠬᠢᠭᠡᠳ  ᠠᠮᠤᠷ ᠲᠦᠪᠰᠢᠨ ᠤ ᠬᠥᠮᠦᠵᠢᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯ ᠢ ᠰᠠᠶᠢᠲᠤᠷ ᠬᠢᠵᠦ᠂  ᠵᠢᠭᠠᠰᠤᠨ ᠠᠵᠤ ᠠᠬᠤᠶ ᠶᠢᠨ ᠣᠩᠭᠤᠴᠠᠴᠢᠨ ᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠠᠶᠤᠯ ᠦᠭᠡᠶ  ᠦᠢᠯᠡᠳᠪᠦᠷᠢᠯᠡᠬᠦ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ   ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠵᠤ᠂ ᠣᠩᠭᠤᠴᠠᠴᠢᠨ ᠤ ᠠᠮᠢ ᠨᠠᠰᠤ ᠡᠳ᠋ ᠬᠥᠷᠥᠩᠭᠡ ᠶᠢᠨ  ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ︵ᠳᠥᠷᠪᠡ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠭᠠᠷᠤᠯᠲᠠ ᠶᠢᠨ  ᠣᠷᠣᠨ ᠤ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠬᠤ ᠬᠡᠷᠡᠭᠲᠡᠶ᠃      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ︽ᠤᠰᠤᠨ ᠭᠠᠷᠤᠯᠲᠠ ᠶᠢᠨ ᠲᠡᠵᠢᠭᠡᠨ  ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠡᠳ᠋ ᠤᠨ ᠬᠡᠷᠡᠭᠯᠡᠬᠦ ᠴᠠᠭᠠᠨ ᠨᠡᠷᠡᠰ ᠤᠨ ᠳᠦᠷᠢᠮ ᠢ ᠬᠡᠷᠡᠭᠵᠢᠭᠦᠯᠬᠦ  ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ︵ᠲᠠᠷᠢᠶᠠᠯᠠᠩ ᠠᠯᠪᠠᠨ ᠵᠢᠭᠠᠰᠤ ﹇2021﹈ 8 ᠳ᠋ᠤᠭᠠᠷ  ᠲᠣᠭᠠᠲᠤ︶ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠡᠳ᠋ ᠤᠨ ᠬᠢᠨᠠᠯᠲᠠ ᠬᠠᠮᠢᠶᠠᠷᠤᠯᠲᠠ   ᠶᠢ ᠴᠢᠩᠭᠠᠳᠬᠠᠨ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ  ᠨᠠᠶᠢᠳᠠᠪᠤᠷᠢᠵᠢᠭᠤᠯᠵᠤ᠂ ᠭᠠᠷᠤᠯᠲᠠ ᠶᠢᠨ ᠣᠷᠣᠨ ᠤ ᠤᠰᠤᠨ ᠭᠠᠷᠤᠯᠲᠠ ᠶᠢ ᠰᠤᠭᠤᠴᠠᠨ ᠪᠠᠶᠢᠴᠠᠭᠠᠬᠤ ᠠᠵᠢᠯ ᠢ  ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ  ᠦᠷᠭᠦᠯᠵᠢᠯᠡᠨ ᠴᠢᠩᠭᠠᠷᠠᠭᠤᠯᠬᠤ ᠬᠡᠷᠡᠭᠲᠡᠶ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠤᠰᠬᠠᠢ ᠴᠡᠭᠴᠡᠯᠡᠨ ᠵᠠᠰᠠᠬᠤ  ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ  ᠤᠬᠠᠭᠤᠯᠭ᠎ᠠ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ   ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃      ᠭᠤᠷᠪᠠ᠂ ᠵᠢᠭᠠᠰᠤᠨ ᠠᠵᠤ ᠠᠬᠤᠶ ᠶᠢᠨ ᠦᠶᠯᠡᠳᠪᠦᠷᠢᠯᠡᠯ ᠤᠨ ᠡᠮᠬᠢ ᠳᠢᠭᠯᠢᠮ ᠢ ᠵᠢᠷᠤᠮᠵᠢᠭᠤᠯᠵᠤ᠂  ︽2021 ᠣᠨ ᠤ ᠳᠤᠮᠳᠠᠳᠤ ᠤᠯᠤᠰ ᠤᠨ ᠵᠢᠭᠠᠰᠤᠨ ᠤ ᠶᠠᠪᠤᠳᠠᠯ ᠬᠤᠷᠴᠠ ᠰᠡᠯᠡᠮ᠎ᠡ︾ ᠰᠢᠷᠢᠰ ᠲᠤᠰᠬᠠᠶ ᠬᠠᠤᠯᠢ  ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ      ︽2021 ᠣᠨ ᠤ ᠳᠤᠮᠳᠠᠳᠤ ᠤᠯᠤᠰ ᠤᠨ ᠵᠢᠭᠠᠰᠤᠨ ᠤ ᠶᠠᠪᠤᠳᠠᠯ ᠤᠨ ᠬᠤᠷᠴᠠ ᠰᠡᠯᠡᠮ᠎ᠡ︾ ᠰᠢᠷᠢᠰ  ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠵᠢᠭᠠᠰᠤᠨ ᠠᠵᠤ ᠠᠬᠤᠶ ᠶᠢᠨ ᠡᠬᠢ  ᠪᠠᠶᠠᠯᠢᠭ ᠢ ᠠᠷᠠᠴᠢᠯᠠᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠰᠤᠨ ᠤ ᠬᠡᠭᠡᠷ᠎ᠡ ᠶᠢᠨ ᠠᠮᠢᠲᠠᠨ   ᠢ ᠬᠠᠮᠠᠭᠠᠯᠠᠬᠤ ᠵᠢᠴᠢ ᠡᠵᠡᠩᠨᠡᠨ ᠠᠰᠢᠭᠯᠠᠬᠤ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠣᠷᠣᠭᠤᠯᠤᠯᠲᠠ ᠡᠳ᠋   ᠢ ᠬᠡᠷᠡᠭᠯᠡᠬᠦ ᠵᠡᠷᠭᠡ ᠠᠵᠢᠯᠯᠠᠭ᠎ᠠ ᠶᠢ ᠵᠢᠷᠤᠮᠵᠢᠭᠤᠯᠵᠤ᠂ ᠡᠯ᠎ᠡ ᠲᠥᠷᠥᠯ ᠤᠨ ᠵᠢᠭᠠᠰᠤᠨ ᠠᠵᠤ ᠠᠬᠤᠢ ᠶᠢᠨ ᠬᠠᠤᠯᠢ  ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠠᠰᠤᠨ ᠤ ᠶᠠᠪᠤᠳᠠᠯ  ᠬᠢᠭᠡᠳ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠠᠮᠵᠢᠯᠴᠠᠭᠠᠨ  ᠤ  ᠲᠣᠭᠲᠠᠴᠠ ᠶᠢ ᠲᠡᠭᠦᠯᠳᠡᠷᠵᠢᠭᠦᠯᠵᠦ᠂ ᠤᠰᠤᠨ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠃  ᠤᠰᠤᠨ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ  ᠢ  ᠬᠥᠭᠵᠢᠭᠦᠯᠦᠨ ᠮᠠᠨᠳᠤᠭᠤᠯᠬᠤ ᠪᠠ ᠵᠢᠭᠠᠰᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ  ᠪᠠᠷ  ᠠᠬᠢᠭᠤᠯᠬᠤ ᠬᠡᠷᠡᠭᠲᠡᠢ᠃       ᠳᠥᠷᠪᠡ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠳᠠᠯᠠᠵᠤ᠂ ᠵᠢᠭᠠᠰᠤᠨ ᠠᠵᠤ ᠠᠬᠤᠶ ᠶᠢᠨ  ᠲᠥᠷᠥᠯ ᠵᠦᠢᠯ ᠤᠨ ᠪᠡᠯᠡ ᠮᠥᠩᠭᠦ ᠶᠢ ᠱᠠᠭᠠᠷᠳᠠᠯᠭ᠎ᠠ ᠶᠣᠰᠣᠭᠠᠷ ᠰᠠᠶᠢᠲᠤᠷ ᠬᠡᠷᠡᠭᠯᠡᠬᠦ ᠬᠡᠷᠡᠭᠲᠡᠶ      ᠲᠤᠬᠠᠶ ᠶᠢᠨ ᠭᠠᠵᠠᠷ ᠤᠨ ᠵᠢᠭᠠᠰᠤᠨ ᠠᠵᠤ ᠠᠬᠤᠶ ᠶᠢᠨ ᠦᠶᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ  ᠤᠶᠠᠯᠳᠤᠭᠤᠯᠤᠨ᠂ ᠲᠥᠷᠥᠯ ᠵᠦᠶᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠵᠡᠷᠭᠡ ᠲᠣᠭᠲᠠᠭᠠᠯ  ᠶᠣᠰᠣᠭᠠᠷ᠂ ᠦᠷᠡᠵᠢᠭᠦᠯᠦᠨ ᠤᠷᠤᠰᠬᠠᠬᠤ᠂ ᠴᠥᠭᠦᠷᠥᠮ ᠢ ᠥᠭᠡᠷᠡᠴᠢᠯᠡᠬᠦ ᠪᠠ ᠢᠯᠭᠠᠳᠠᠰᠤ ᠤᠰᠤ ᠶᠢ ᠵᠠᠰᠠᠬᠤ᠂  ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠨᠥᠬᠦᠪᠥᠷᠢ ᠪᠠᠯᠠ ᠮᠥᠩᠭᠦ ᠶᠢ ᠦᠨᠡᠨ ᠬᠦ ᠰᠠᠶᠢᠲᠤᠷ  ᠬᠡᠷᠡᠭᠯᠡᠵᠦ᠂ ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠨ᠂  ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ᠂ ᠤᠰᠤᠨ ᠣᠷᠣᠨ ᠤ ᠠᠮᠢ ᠠᠬᠤᠶ  ᠣᠷᠴᠢᠨ ᠲᠣᠭᠤᠷᠢᠨ ᠢ ᠬᠠᠮᠠᠭᠠᠯᠠᠬᠤ᠂ ᠵᠢᠭᠠᠰᠤᠨ ᠠᠵᠤ ᠠᠬᠤᠶ ᠶᠢᠨ ᠲᠣᠨᠤᠭ ᠲᠥᠬᠦᠭᠡᠷᠦᠮᠵᠢ ᠶᠢᠨ ᠲᠦᠪᠰᠢᠨ ᠢ  ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠶᠯᠡᠳᠦᠯ ᠢᠶᠠᠨ ᠪᠠᠳᠠᠷᠠᠭᠤᠯᠵᠤ᠂ ᠪᠠᠯᠠ ᠮᠥᠩᠭᠦ ᠶᠢᠨ ᠬᠠᠮᠢᠶᠠᠷᠤᠯᠲᠠ ᠶᠢ  ᠴᠢᠩᠳᠠᠯᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ  ᠵᠢᠭᠠᠰᠤᠨ ᠠᠵᠤ ᠠᠬᠤᠶ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂  ᠬᠠᠷᠠᠯᠲᠠ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠᠨ ᠴᠢᠩᠭᠠᠷᠠᠭᠤᠯᠬᠤ ᠬᠡᠷᠡᠭᠲᠡᠶ᠃       ᠲᠠᠪᠤ᠂ ᠦᠶᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ  ᠲᠥᠯᠥᠪᠵᠢᠭᠦᠯᠦᠨ ᠰᠠᠶᠢᠲᠤᠷ ᠠᠳᠬᠤᠵᠤ᠂ ᠬᠤᠶᠠᠷ ᠢ ᠠᠬᠢᠭᠤᠯᠵᠤ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ  ᠪᠡᠶᠡᠯᠡᠭᠦᠯᠬᠦ ᠬᠡᠷᠡᠭᠲᠡᠢ      ᠤᠯᠤᠰ ᠪᠣᠯᠤᠨ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠬᠢᠵᠢᠭ ᠢ ᠰᠡᠷᠭᠡᠶᠢᠯᠡᠬᠦ  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠵᠤ᠂ ᠵᠢᠭᠠᠰᠤᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ  ᠪᠠᠲᠤᠲᠠᠶ ᠰᠠᠶᠢᠲᠤᠷ ᠬᠢᠬᠦ ᠬᠡᠷᠡᠭᠲᠡᠶ᠃ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠭᠴᠢ᠂ ᠵᠢᠭᠠᠰᠤᠨ ᠣᠩᠭᠤᠴᠠᠨ   ᠤ ᠥᠮᠴᠢᠯᠡᠭᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ  ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠬᠤᠪᠢ ᠬᠥᠮᠦᠨ   ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠤ ᠪᠡᠶ᠎ᠡ ᠶᠢᠨ ᠠᠮᠤᠷ  ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ   ᠳᠠᠬᠢ ᠠᠵᠢᠯᠴᠢᠨ ᠬᠡᠷᠡᠭᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠯᠡᠳᠪᠦᠷᠢᠯᠡᠯ ᠤᠨ ᠣᠷᠴᠢᠨ ᠲᠣᠭᠤᠷᠢᠨ   ᠤ ᠳᠣᠲᠣᠷᠠᠬᠢ ᠬᠥᠮᠦᠰ ᠤᠨ ᠪᠠᠶᠢᠳᠠᠯ ᠢ ᠲᠣᠳᠣᠷᠬᠠᠶ ᠣᠶᠢᠯᠠᠭᠠᠵᠤ᠂ ᠭᠠᠳᠠᠭᠰᠢ ᠭᠠᠷᠴᠤ ᠠᠵᠢᠯ ᠤᠨ ᠪᠠᠶᠢᠷᠢ ᠳᠤ ᠪᠠᠨ  ᠪᠤᠴᠠᠭᠰᠠᠨ ᠬᠥᠮᠦᠰ ᠤᠨ ᠪᠠᠶᠢᠳᠠᠯ ᠢ ᠣᠶᠢᠯᠠᠭᠠᠬᠤ ᠪᠠ ᠮᠡᠳᠡᠭᠡ ᠵᠠᠩᠭᠢ ᠶᠢ ᠲᠡᠮᠳᠡᠭᠯᠡᠵᠦ ᠮᠡᠳᠡᠭᠦᠯᠦᠨ ᠳᠠᠩᠰᠠᠯᠠᠭᠤᠯᠬᠤ  ᠠᠵᠢᠯ ᠢ ᠰᠠᠶᠢᠲᠤᠷ ᠬᠢᠬᠦ ᠬᠡᠷᠡᠭᠲᠡᠢ᠃ ᠦᠷ᠎ᠡ ᠵᠢᠷᠠᠭᠠᠬᠠᠢ᠂ ᠲᠡᠵᠢᠭᠡᠯ ᠪᠣᠷᠳᠤᠭ᠎ᠠ᠂ ᠲᠦᠯᠡᠰᠢ᠂ ᠡᠮ ᠵᠡᠷᠭᠡ  ᠲᠡᠵᠢᠭᠡᠪᠦᠷᠢ ᠶᠢᠨ ᠦᠢᠯᠡᠳᠪᠦᠷᠢᠯᠡᠯ ᠤᠨ ᠴᠢᠬᠤᠯᠠ ᠪᠦᠬᠦᠢ ᠡᠳ᠋ ᠪᠣᠳᠠᠰ ᠤᠨ ᠲᠥᠯᠥᠪᠯᠡᠭᠡ  ᠶᠢ ᠰᠠᠶᠢᠲᠤᠷ ᠬᠢᠵᠦ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠦᠢᠯᠡᠰ ᠤᠨ ᠪᠠᠶᠢᠳᠠᠯ ᠢ ᠨᠢᠭᠲᠠ ᠠᠩᠬᠠᠷᠴᠤ᠂ ᠬᠢᠵᠢᠭ   ᠤᠨ ᠪᠠᠶᠢᠳᠠᠯ ᠤᠨ ᠬᠤᠭᠤᠴᠠᠭᠠᠨ ᠳᠠᠬᠢ ᠦᠢᠯᠡᠳᠪᠦᠷᠢᠯᠡᠯ ᠤᠨ ᠬᠡᠪ ᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ  ᠬᠡᠷᠡᠭᠲᠡᠢ᠃       ᠡᠯ᠎ᠡ ᠠᠶᠢᠮᠠᠭ ᠬᠤᠲᠠ ᠨᠤᠭᠤᠳ ᠵᠢᠭᠠᠰᠤᠨ ᠠᠵᠤ ᠠᠬᠤᠶ ᠶᠢᠨ ᠵᠠᠰᠠᠭ ᠵᠠᠬᠢᠷᠭᠠᠨ ᠤ ᠡᠯ᠎ᠡ ᠵᠦᠶᠯ ᠤᠨ ᠠᠵᠢᠯ   ᠳᠤ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠦᠷᠡᠵᠢᠭᠦᠯᠵᠦ ᠲᠠᠯᠪᠢᠵᠤ ᠶᠠᠪᠤᠭᠤᠯᠬᠤ᠂ ᠲᠡᠵᠢᠭᠡᠨ  ᠦᠷᠡᠵᠢᠭᠦᠯᠬᠦ ᠦᠨᠡᠮᠯᠡᠯ ᠣᠯᠭᠤᠬᠤ᠂ ᠣᠩᠭᠤᠴᠠᠴᠢᠨ ᠢ ᠪᠣᠯᠪᠠᠰᠤᠷᠠᠭᠤᠯᠬᠤ᠂ ᠲᠥᠷᠥᠯ ᠵᠦᠶᠯ ᠢ ᠬᠡᠷᠡᠭᠵᠢᠭᠦᠯᠦᠭᠰᠡᠨ  ᠪᠠᠶᠢᠳᠠᠯ᠂ ᠠᠶᠤᠯ ᠦᠭᠡᠶ ᠦᠶᠯᠡᠳᠪᠦᠷᠢᠯᠡᠯ᠂ ᠵᠢᠭᠠᠰᠤᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ᠂ ᠠᠵᠢᠯ ᠲᠥᠷᠥᠯ   ᠤᠨ ᠵᠠᠰᠠᠯᠲᠠ ᠶᠢᠨ ᠠᠬᠢᠴᠠ ᠶᠢᠨ ᠪᠠᠶᠢᠳᠠᠯ ᠵᠡᠷᠭᠡ ᠡᠳᠦᠷ ᠲᠤᠲᠤᠮ ᠤᠨ ᠴᠢᠨᠠᠷᠲᠠᠶ ᠠᠵᠢᠯ ᠤᠨ ᠲᠣᠬᠢᠷᠠᠭᠤᠯᠤᠯᠲᠠ ᠶᠢ  ᠡᠵᠡᠮᠰᠢᠵᠦ᠂ ᠠᠵᠢᠯ ᠤᠨ ᠪᠠᠶᠢᠳᠠᠯ ᠢᠶᠠᠨ ᠴᠠᠭ ᠲᠤᠬᠠᠶ ᠳᠤ ᠨᠢ ᠮᠡᠳᠡᠭᠦᠯᠦᠨ ᠬᠦᠷᠭᠡᠵᠦ᠂ ᠲᠤᠷᠰᠢᠯᠭ᠎ᠠ ᠪᠠ  ᠬᠢᠳᠡᠯ ᠢᠶᠠᠨ ᠬᠠᠷᠢᠯᠴᠠᠨ ᠰᠣᠯᠢᠯᠴᠠᠵᠤ ᠬᠤᠪᠢᠶᠠᠯᠴᠠᠬᠤ ᠬᠡᠷᠡᠭᠲᠡᠶ᠃                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ  ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                           2021 ᠣᠨ ᠤ 8 ᠰᠠᠷ᠎ᠠ ᠶᠢᠨ 16 ᠤ ᠡᠳᠦᠷ     ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号