ᠭᠤᠷᠪᠠᠨ ᠤᠪᠤᠭ᠎ᠠ ᠪᠠᠯᠭᠠᠰᠤᠨ ᠤ ᠬᠥᠳᠡᠭᠡ ᠲᠣᠰᠬᠤᠨ ᠤ ᠤᠷᠤᠰᠢᠨ ᠰᠠᠭᠤᠷᠢᠰᠢᠬᠤ ᠣᠷᠴᠢᠨ ᠨᠦᠭᠦᠴᠡᠯ ᠲᠠᠰᠤᠷᠠᠯᠲᠠ ᠦᠭᠡᠢ ᠰᠠᠶᠢᠵᠢᠷᠠᠪᠠ
ᠨᠡᠶᠢᠲᠡᠯᠡᠭᠰᠡᠨ ᠴᠠᠭ᠄
2021/2/22
 ᠬᠥᠳᠡᠭᠡ ᠲᠣᠰᠬᠤᠨ ᠤ ᠤᠷᠤᠰᠢᠨ ᠰᠠᠭᠤᠷᠢᠰᠢᠬᠤ ᠣᠷᠴᠢᠨ ᠨᠦᠭᠦᠴᠡᠯ ᠢ ᠤᠯᠠᠮ ᠴᠢᠨᠠᠭᠰᠢᠳᠠ ᠰᠠᠶᠢᠵᠢᠷᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠨᠢᠩᠴᠧᠩ ᠰᠢᠶᠠᠨ ᠤ ᠭᠤᠷᠪᠠᠨ ᠤᠪᠤᠭ᠎ᠠ ᠪᠠᠯᠭᠠᠰᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢᠶᠠᠷ ᠭᠠᠷᠳᠠᠴᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠲᠠᠢ ᠤᠶᠠᠯᠳᠤᠭᠤᠯᠤᠨ᠂ ᠲᠠᠨᠢᠯᠲᠠ ᠪᠠᠨ ᠭᠦᠨᠵᠡᠭᠡᠶᠢᠷᠡᠭᠦᠯᠬᠦ ᠳᠤᠮᠳᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠳᠤᠮᠳᠠ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠪᠦᠬᠦᠯᠢ ᠴᠣᠭᠴᠠ ᠪᠠᠷ ᠨᠢ ᠠᠬᠢᠭᠤᠯᠬᠤ ᠳᠤᠮᠳᠠ ᠭᠤᠣᠯᠳᠠᠯᠭ᠎ᠠ ᠲᠠᠢ ᠨᠠᠶᠢᠳᠠᠪᠤᠷᠢᠵᠢᠭᠤᠯᠬᠤ ᠶᠢ ᠲᠤᠪᠤᠶᠢᠯᠭᠠᠵᠥ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤᠮᠳᠠ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠯᠬᠤᠭ᠎ᠠ ᠶᠢ ᠪᠦᠬᠦ ᠲᠠᠯ᠎ᠠ ᠪᠠᠷ ᠲᠦᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠃ ᠲᠤᠰ ᠪᠠᠯᠭᠠᠰᠦ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠷ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠣᠷᠭᠠᠨᠢᠭ ᠢᠶᠠᠷ ᠤᠶᠠᠯᠳᠤᠭᠤᠯᠵᠤ᠂ ᠬᠥᠳᠡᠭᠡ ᠲᠣᠰᠬᠤᠨ ᠤ  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠤᠷᠳᠤ ᠬᠤᠭᠤᠴᠠᠭ᠎ᠠ ᠪᠦᠲᠦᠮᠵᠢᠲᠡᠢ ᠠᠵᠢᠯᠯᠠᠬᠤ ᠳᠤ ᠰᠠᠭᠤᠷᠢᠯᠠᠨ᠂ ᠨᠠᠮ ᠤᠨ ᠪᠠᠶᠢᠭᠤᠯᠤᠯᠲᠠ ᠶᠢᠨ ᠪᠦᠷᠬᠦᠴᠡ ᠶᠢᠨ ᠲᠤᠤᠷᠵᠢᠯ ᠢ ᠪᠠᠶᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠠᠶᠢᠯ ᠲᠣᠰᠬᠤᠨ ᠢ ᠳᠠᠭᠠᠭᠠᠴᠢᠯᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠤᠷᠳᠤ ᠬᠤᠭᠤᠴᠠᠭ᠎ᠠ ᠪᠦᠲᠦᠮᠵᠢᠲᠡᠢ ᠠᠬᠢᠭᠤᠯᠬᠤ ᠲᠠᠢ ᠤᠶᠠᠯᠳᠤᠭᠤᠯᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号