| ᠣᠯᠠᠨ ᠲᠦᠮᠡᠨ ᠤ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠵᠤ᠂ ᠪᠥᠬᠦ ᠰᠢᠶᠠᠨ ᠤ ᠰᠠᠭᠤᠭᠠᠯᠢ ᠠᠷᠠᠳ ᠤᠨ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠳᠡᠭᠡᠳᠦ ᠱᠠᠲᠤᠨ ᠤ ᠬᠤᠯᠪᠣᠭᠳᠠᠯ ᠪᠥᠬᠦᠶ | ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠡᠳᠦᠷ ᠠᠴᠠ ᠡᠬᠢᠯᠡᠨ᠂ ᠮᠠᠨ ᠤ ᠰᠢᠶᠠᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠸᠠᠺᠼᠢᠨ ᠢ ᠰᠦᠢᠳᠭᠡᠯ ᠬᠤᠷᠢᠶᠠᠬᠤ ᠥᠬᠡᠶ ᠪᠠᠷ ᠳᠠᠷᠢᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠠᠷᠢᠯᠭ᠎ᠠ ᠬᠢᠬᠦ ᠡᠲᠡᠭᠡᠳ | ᠣᠳᠣᠬᠢ ᠱᠠᠲᠤᠨ ᠳᠤ 18 — 59 ᠪᠦᠬᠦᠯᠢ ᠨᠠᠰᠤᠨ ᠤ ᠮᠠᠨ ᠤ ᠰᠢᠶᠠᠨ ᠳᠤ ᠪᠠᠶᠢᠩᠭᠤ ᠰᠠᠭᠤᠭ᠎ᠠ | ᠰᠠᠭᠤᠭᠠᠯᠢ ᠠᠷᠠᠳ ︵ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ᠂ ᠣᠷᠣᠰᠢᠨ ᠰᠠᠭᠤᠭ᠎ᠠ ᠭᠠᠵᠠᠷ ᠪᠤᠶᠤ | ᠠᠵᠢᠯᠯᠠᠵᠤ ᠪᠠᠶᠢᠭ᠎ᠠ ᠭᠠᠵᠠᠷ ᠨᠢ ᠨᠢᠩᠴᠧᠩ ᠰᠢᠶᠠᠨ ᠤ ᠰᠠᠭᠤᠭᠠᠯᠢ ᠠᠷᠠᠳ︶᠃ | ᠬᠤᠶᠠᠷ᠂ ᠲᠠᠷᠢᠯᠭ᠎ᠠ ᠶᠢᠨ ᠲᠣᠬᠢᠷᠠᠭᠤᠯᠤᠯᠲᠠ | ᠮᠠᠨ ᠤ ᠰᠢᠶᠠᠨ ᠤ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠬᠠᠷᠢᠶ᠎ᠠ ᠣᠷᠣᠨ ᠤ ᠪᠠᠨ ᠪᠠᠶᠢᠳᠠᠯ ᠢ | ᠣᠶᠢᠯᠠᠭᠠᠵᠤ ᠳᠠᠩᠰᠠᠯᠠᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠪᠠᠶᠢᠭᠤᠯᠭ᠎ᠠ ᠨᠢᠭᠡᠴᠢ ᠶᠢᠨ ᠠᠵᠢᠯᠳᠠᠨ | ᠪᠠᠶᠢᠭᠤᠯᠭ᠎ᠠ ᠨᠢᠭᠡᠴᠢ ᠪᠠᠷ ᠢᠶᠠᠨ ᠳᠠᠮᠵᠢᠨ ᠨᠢᠭᠡᠳᠦᠯᠲᠡᠶ ᠪᠣᠯᠵᠣᠵᠤ ᠲᠠᠷᠢᠯᠭ᠎ᠠ ᠬᠢᠯᠭᠡᠬᠦ ᠬᠡᠷᠡᠭᠲᠡᠶ᠃ ᠣᠳᠣᠬᠠᠨ ᠤ | ᠸᠠᠺᠼᠢᠨ ᠤ ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠨᠠᠮᠳᠠᠭᠤᠯᠬᠤ ᠶᠢᠨ ᠲᠥᠯᠥᠭᠡ᠂ 3 ᠰᠠᠷ᠎ᠠ ᠶᠢᠨ 30 ᠤ | ᠡᠳᠦᠷ ᠤᠨ 16 ᠴᠠᠭ ᠠᠴᠠ ᠡᠮᠦᠨ᠎ᠡ᠂ ᠰᠠᠭᠤᠭᠠᠯᠢ ᠠᠷᠠᠳ ᠥᠪᠡᠰᠦᠪᠡᠨ ᠵᠢᠭᠠᠨ ᠲᠣᠭᠲᠠᠭᠠᠭᠰᠠᠨ ᠲᠠᠷᠢᠯᠭ᠎ᠠ ᠶᠢᠨ | ᠡᠮᠨᠡᠯᠭᠡ ᠶᠢᠨ ᠬᠤᠷᠢᠶ᠎ᠠ ᠪᠤᠶᠤ ᠲᠠᠷᠢᠯᠭ᠎ᠠ ᠶᠢᠨ ᠴᠡᠭ ᠲᠤ ᠬᠦᠷᠴᠦ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠸᠠᠺᠼᠢᠨ ᠤ ᠲᠠᠷᠢᠯᠭ᠎ᠠ ᠬᠢᠵᠦ ᠪᠣᠯᠤᠨ᠎ᠠ᠃ 3 ᠰᠠᠷ᠎ᠠ ᠶᠢᠨ 31 ᠤ ᠡᠳᠦᠷ ᠠᠴᠠ ᠡᠬᠢᠯᠡᠨ᠂ ᠤᠷᠢᠳᠴᠢᠯᠠᠨ ᠪᠣᠯᠵᠣᠵᠤ | ᠳᠠᠷᠢᠬᠤ ᠲᠦᠷᠢᠮ ᠢ ᠬᠡᠷᠡᠭᠵᠢᠭᠦᠯᠵᠦ᠂ ᠲᠣᠰ ᠬᠥᠮᠦᠨ ᠨᠢ ᠲᠠᠷᠢᠯᠭ᠎ᠠ ᠶᠢᠨ ᠡᠮᠨᠡᠯᠭᠡ ᠶᠢᠨ ᠬᠤᠷᠢᠶ᠎ᠠ ᠪᠤᠶᠤ | ᠲᠠᠷᠢᠯᠭ᠎ᠠ ᠶᠢᠨ ᠴᠡᠭ ᠲᠤ ᠤᠷᠢᠳᠴᠢᠯᠠᠨ ᠬᠦᠷᠴᠦ ᠪᠦᠷᠢᠳᠬᠡᠨ ᠳᠠᠩᠰᠠᠯᠠᠭᠤᠯᠵᠤ᠂ ᠲᠠᠷᠢᠯᠭ᠎ᠠ ᠶᠢᠨ ᠮᠡᠳᠡᠭᠳᠡᠯ ᠢ | ᠬᠦᠯᠢᠶᠡᠬᠦ ᠬᠡᠷᠡᠭᠲᠡᠶ᠃ | ᠭᠤᠷᠪᠠ᠂ ᠸᠠᠺᠼᠢᠨ ᠤ ᠦᠢᠯᠡᠳᠦᠯ | ᠮᠠᠨ ᠤ ᠰᠢᠶᠠᠨ ᠤ ᠬᠡᠷᠡᠭᠯᠡᠵᠦ ᠪᠠᠶᠢᠭ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠪᠣᠯ ᠴᠥᠮ | ᠵᠠᠬ᠎ᠠ ᠳᠡᠯᠭᠡᠭᠦᠷ ᠲᠤ ᠭᠠᠷᠭᠠᠬᠤ ᠪᠠᠷ ᠵᠥᠪᠰᠢᠶᠡᠷᠡᠭᠳᠡᠭᠰᠡᠨ ᠤᠯᠤᠰ ᠲᠠᠭᠠᠨ ᠦᠢᠯᠡᠳᠪᠤᠷᠢᠯᠡᠭᠰᠡᠨ ᠬᠢᠷᠢ ᠲᠡᠩᠴᠡᠭᠰᠡᠨ | ᠸᠠᠺᠼᠢᠨ ᠮᠥᠨ᠂ ᠠᠮᠤᠷ ᠲᠦᠪᠰᠢᠨ ᠴᠢᠨᠠᠷ ᠪᠠ ᠪᠦᠲᠦᠮᠵᠢᠲᠦ ᠴᠢᠨᠠᠷ ᠨᠢ ᠳᠡᠯᠡᠬᠡᠶ ᠳᠡᠭᠡᠷ᠎ᠡ ᠲᠡᠷᠢᠭᠦᠯᠡᠵᠦ ᠪᠠᠶᠢᠨ᠎ᠠ᠃ | ᠤᠯᠤᠰ ᠤᠨ ᠨᠡᠶᠢᠲᠡᠯᠡᠭᠰᠡᠨ ᠡᠮᠦᠨᠡᠬᠢ ᠬᠤᠭᠤᠴᠠᠭᠠᠨ ᠤ ᠢᠳᠡᠪᠬᠢ ᠥᠬᠡᠶᠢᠳᠡᠭᠦᠯᠬᠦ ᠸᠠᠺᠼᠢᠨ ᠤ ᠡᠮᠴᠢᠯᠡᠭᠡᠨ ᠤ | ᠲᠤᠷᠰᠢᠯᠲᠠ ᠶᠢᠨ ᠰᠤᠳᠤᠯᠭᠠᠨ ᠢ ᠦᠨᠳᠦᠰᠦᠯᠡᠪᠡᠯ᠂ ᠬᠤᠶᠠᠳᠠᠬᠢ ᠤᠳᠠᠭ᠎ᠠ ᠢᠳᠡᠪᠬᠢ ᠥᠬᠡᠶᠢᠳᠡᠭᠦᠯᠬᠦ ᠸᠠᠺᠼᠢᠨ ᠢ | ᠳᠠᠷᠢᠭᠰᠠᠨ ᠤ 2 ᠭᠠᠷᠠᠭ ᠤᠨ ᠳᠠᠷᠠᠭ᠎ᠠ᠂ ᠲᠠᠷᠢᠯᠭ᠎ᠠ ᠲᠠᠷᠢᠭᠤᠯᠤᠬᠰᠠᠨ ᠬᠥᠮᠦᠰ ᠨᠡᠯᠢᠶᠡᠳ ᠰᠠᠶᠢᠨ ᠡᠭᠡᠯᠢᠯᠡᠭᠡ ᠶᠢᠨ | ᠦᠷ᠎ᠡ ᠳ᠋ᠦᠩ ᠲᠠᠢ ᠪᠣᠯᠤᠨ᠎ᠠ᠃ ᠲᠣᠰ ᠤᠳᠠᠭᠠᠨ ᠤ ᠲᠠᠷᠢᠯᠭ᠎ᠠ ᠶᠢᠨ ᠵᠠᠷᠤᠳᠠᠯ ᠢ ᠴᠥᠮ ᠵᠠᠰᠠᠭ ᠤᠨ ᠣᠷᠳᠣᠨ | ᠡᠭᠦᠷᠭᠡᠯᠡᠨ᠎ᠡ᠃ | ᠳᠥᠷᠪᠡ᠂ ᠲᠠᠷᠢᠯᠭ᠎ᠠ ᠶᠢᠨ ᠶᠠᠪᠤᠴᠠ | 1. ᠲᠠᠷᠢᠯᠭ᠎ᠠ ᠬᠢᠬᠦ ᠠᠴᠠ ᠡᠮᠦᠨ᠎ᠡ᠄ ᠰᠢᠨ᠎ᠡ ᠲᠢᠳᠢᠮᠯᠢᠭ ᠤᠨ ᠡᠪᠡᠳᠴᠢᠨ᠂ ᠰᠢᠨ᠎ᠡ ᠲᠢᠳᠢᠮᠯᠢᠭ ᠤᠨ ᠸᠢᠷᠦ᠋ᠰ ᠤᠨ | ᠸᠠᠺᠼᠢᠨ ᠤ ᠬᠠᠮᠢᠶ᠎ᠠ ᠪᠥᠬᠦᠶ ᠮᠡᠳᠡᠯᠭᠡ ᠵᠢᠴᠢ ᠲᠠᠷᠢᠯᠭ᠎ᠠ ᠶᠢᠨ ᠶᠠᠪᠤᠴᠠ ᠶᠢ ᠤᠷᠢᠳᠴᠢᠯᠠᠨ ᠣᠶᠢᠯᠠᠭᠠᠬᠤ ᠬᠡᠷᠡᠭᠲᠡᠶ᠃ | 2. ᠲᠠᠷᠢᠯᠭ᠎ᠠ ᠬᠢᠬᠦ ᠳᠡᠭᠡᠨ ᠬᠠᠮᠢᠶ᠎ᠠ ᠪᠥᠬᠦᠶ ᠦᠨᠡᠮᠯᠡᠯ ︵ᠪᠡᠶ᠎ᠡ ᠶᠢᠨ ᠦᠨᠡᠮᠯᠡᠯ᠂ ᠫᠠᠰᠫᠣᠷᠲ ᠵᠡᠷᠭᠡ︶ ᠢᠶᠠᠨ | ᠪᠡᠯᠡᠳᠭᠡᠬᠦ ᠶᠢᠨ ᠬᠠᠮᠲᠦ ᠠᠮᠠᠪᠴᠢ ᠵᠡᠭᠦᠵᠦ᠂ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠲᠤᠬᠠᠶ ᠶᠢᠨ | ᠲᠠᠯᠠᠪᠤᠷ ᠤᠨ ᠰᠡᠷᠭᠡᠶᠢᠯᠡᠬᠦ ᠲᠠᠷᠢᠯᠭ᠎ᠠ ᠶᠢᠨ ᠠᠵᠢᠯᠲᠠᠨ ᠤ ᠯᠠᠪᠯᠠᠨ ᠠᠰᠠᠭᠤᠬᠤ ᠳᠤ ᠬᠠᠮᠵᠢᠯᠴᠠᠨ᠂ ᠲᠣᠰ ᠬᠥᠮᠦᠨ ᠤ | ᠡᠷᠡᠭᠦᠯ ᠮᠡᠨᠳᠦ ᠶᠢᠨ ᠪᠠᠶᠢᠳᠠᠯ ᠪᠠ ᠲᠠᠷᠢᠯᠭ᠎ᠠ ᠶᠢᠨ ᠴᠡᠭᠡᠷ ᠲᠠᠢ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠬᠠᠩᠭᠠᠬᠤ | ᠬᠡᠷᠡᠭᠲᠡᠶ᠃ | 3. ᠲᠠᠷᠢᠯᠭ᠎ᠠ ᠬᠢᠭᠰᠡᠨ ᠤ ᠳᠠᠷᠠᠭ᠎ᠠ᠄ 30 ᠮᠢᠨᠦ᠋ᠲ ᠠᠵᠢᠭᠯᠠᠯᠲᠠ ᠬᠢᠨ᠎ᠡ᠂ ᠡᠮᠴᠢ ᠶᠢᠨ ᠵᠢᠭᠠᠪᠤᠷᠢ ᠶᠢ ᠵᠢᠷᠤᠮᠯᠠᠬᠤ | ᠬᠡᠷᠡᠭᠲᠡᠶ︔ ᠬᠡᠷᠪᠡ ᠬᠡᠪ ᠤᠨ ᠪᠤᠰᠦ ᠢᠯᠡᠷᠡᠯ ᠲᠠᠢ ᠪᠣᠯ ᠲᠠᠷᠢᠯᠭ᠎ᠠ ᠶᠢᠨ ᠨᠢᠭᠡᠴᠢ ᠳᠤ ᠮᠡᠳᠡᠭᠦᠯᠵᠦ᠂ ᠴᠢᠬᠤᠯᠠ ᠲᠠᠢ | ᠦᠶ᠎ᠡ ᠳᠤ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ | ᠲᠠᠪᠤ᠂ ᠲᠠᠷᠢᠯᠭ᠎ᠠ ᠬᠢᠬᠦ ᠭᠠᠵᠠᠷ | 1.ᠨᠢᠩᠴᠧᠩ ᠰᠢᠶᠠᠨ ᠤ ᠲᠥᠪ ᠡᠮᠨᠡᠯᠭᠡ ᠶᠢᠨ ᠬᠤᠷᠢᠶ᠎ᠠ | 2.ᠨᠢᠩᠴᠧᠩ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ | 3. ᠨᠢᠩᠴᠧᠩ ᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠪᠡᠶ᠎ᠡ ᠶᠢᠨ ᠲᠠᠮᠢᠷ ᠤᠨ ᠲᠠᠯᠠᠪᠠᠶ ︵ᠣᠯᠠᠨ | ᠤᠯᠤᠰ ᠤᠨ ᠪᠠᠭᠤᠳᠠᠯ ᠤᠨ ᠡᠰᠡᠷᠭᠦ ᠲᠠᠯ᠎ᠠ︶ | 4. ᠤᠤᠯ ᠤᠨ ᠵᠧᠩ ᠵᠢᠶ ᠬᠠᠶ ᠢ ᠪᠠᠭᠤᠳᠠᠯ ︵ᠨᠢᠩ ᠴᠧᠩ ᠪᠠᠭᠤᠳᠠᠯ ᠤᠨ ᠡᠰᠡᠷᠭᠦ ᠲᠠᠯ᠎ᠠ︶ | | ᠯᠠᠪᠯᠠᠬᠤ ᠤᠲᠠᠰᠤ᠄ 0476 — 4237980 | | ᠨᠢᠩᠴᠧᠩ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 3 ᠰᠠᠷ᠎ᠠ ᠶᠢᠨ 28 ᠤ ᠡᠳᠤᠷ | | |