ᠬᠥᠪᠰᠥᠭᠡᠷ ᠰᠢᠷᠣᠶ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠲᠡᠶᠢᠨ ᠤ ᠢᠯᠠᠯᠲᠠ ᠶᠢ ᠵᠠᠪᠠᠯ ᠤᠯᠤᠨ᠎ᠠ
ᠨᠡᠶᠢᠲᠡᠯᠡᠭᠰᠡᠨ ᠴᠠᠭ᠄
2021/3/29
ᠰᠤᠷᠪᠤᠯᠵᠢᠯᠠᠭᠰᠠᠨ ᠵᠤᠴᠢᠨ᠄ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠶᠢᠨ ᠨᠢᠩᠴᠧᠩ ᠰᠢᠶᠠᠨ ᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ ᠹᠠᠨ ᠢᠦᠶ ᠵᠢᠶᠦ᠋ᠨ   ᠰᠤᠷᠪᠤᠯᠵᠢᠯᠠᠭᠰᠠᠨ ᠴᠠᠭ᠄ 2021ᠣᠨ ᠤ 1 ᠰᠠᠷ᠎ᠠ ᠶᠢᠨ 27 ᠤ ᠡᠳᠤᠷ ᠰᠤᠷᠪᠤᠯᠵᠢᠯᠠᠭᠰᠠᠨ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ  ᠰᠤᠷᠪᠤᠯᠵᠢᠯᠠᠭ᠎ᠠ ᠶᠢᠨ ᠭᠡᠷ   ᠬᠥᠲᠥᠯᠥᠭᠴᠢ᠄ ᠰᠦᠯᠵᠢᠶᠡᠨ ᠠᠨᠳᠠ ᠨᠠᠷ᠂ ᠲᠠ ᠪᠦᠬᠦᠨ ᠰᠠᠶᠢᠨ ᠪᠠᠶᠢᠵᠠᠭᠠᠨ᠎ᠠ︖ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠤᠭ᠍ᠷᠠᠮ ᠲᠠᠨᠠᠷ ᠢ ᠪᠠᠨ ᠪᠠᠶᠠᠷᠯᠠᠨ ᠤᠭᠲᠤᠵᠤ ᠪᠠᠶᠢᠨ᠎ᠠ᠃ ᠤᠢᠢᠷ᠎ᠠ ᠶᠢᠨ ᠵᠢᠯ ᠠᠴᠠ᠂ ᠠᠷᠠᠳ ᠤᠨ ᠠᠮᠢᠳᠤᠷᠠᠯ ᠤᠨ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠠᠷᠠᠳ ᠤᠯᠠᠨ ᠤ ᠴᠡᠪᠡᠷ ᠠᠭᠠᠷ᠂ ᠴᠡᠩᠬᠡᠭ ᠤᠰᠤ᠂ ᠠᠶᠣᠯᠭᠦᠢ ᠢᠳᠡᠭᠡᠨ ᠵᠡᠷᠭᠡ ᠴᠢᠨᠠᠷ ᠰᠠᠶᠢᠲᠠᠢ ᠠᠮᠢ ᠠᠬᠤᠢ ᠶᠢᠨ ᠪᠦᠲᠦᠭᠡᠭᠳᠡᠬᠦᠨ ᠤ ᠬᠡᠷᠡᠭᠴᠡᠭᠡ ᠤᠯᠠᠮ ᠠᠴᠠ ᠤᠯᠠᠮ ᠲᠤᠯᠭᠠᠮ᠎ᠠ ᠪᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠨᠥᠳᠦᠷ᠂ ᠪᠢᠳᠡ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠶᠢᠨ ᠨᠢᠩᠴᠧᠩ ᠰᠢᠶᠠᠨ ᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ ᠹᠠᠨ ᠢᠦᠶ ᠵᠢᠶᠦ᠋ᠨ ᠨᠥᠬᠦᠷ ᠢ ᠤᠷᠢᠵᠤ᠂ ᠨᠢᠩᠴᠧᠩ ᠰᠢᠶᠠᠨ ᠤ ᠬᠥᠪᠰᠥᠭᠡᠷ ᠰᠢᠷᠣᠶ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠠᠵᠢᠯ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠹᠠᠨ ᠲᠣᠪᠴᠢᠶᠠᠨ ᠳᠠᠷᠤᠭ᠎ᠠ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ ᠵᠣᠴᠢᠨ ᠹᠠᠨ ᠢᠦᠢ ᠵᠢᠶᠦ᠋ᠨ᠄ ᠬᠥᠲᠥᠯᠥᠭᠴᠢ ᠪᠣᠯᠣᠨ ᠰᠦᠯᠵᠢᠶᠡᠨ ᠠᠨᠳᠠ ᠨᠠᠷ ᠲᠠ ᠰᠠᠶᠢᠨ ᠪᠠᠶᠢᠨ᠎ᠠ︕ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠤᠭ᠍ᠷᠠᠮ ᠳᠤ ᠢᠷᠡᠵᠦ ᠤᠯᠠᠨ ᠲᠠᠢ ᠰᠠᠨᠠᠯ ᠢᠶᠠᠨ ᠰᠤᠯᠢᠯᠴᠠᠬᠤ   ᠵᠠᠪᠰᠢᠶᠠᠨ ᠭᠦᠷᠲᠡᠭᠡᠭᠰᠡᠨ ᠳᠤ ᠪᠠᠨ ᠲᠤᠩ ᠲᠠᠯᠠᠷᠬᠠᠵᠤ ᠪᠠᠶᠢᠨ᠎ᠠ᠃ ᠠᠳᠡ᠂ ᠪᠢ ᠤᠯᠠᠭᠠᠨᠬᠠᠳᠠ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠨᠢᠩᠴᠧᠩ ᠰᠢᠶᠠᠨ ᠤ ᠬᠤᠪᠢᠶᠠᠷᠢ ᠲᠣᠪᠴᠢᠶ᠎ᠠ ᠶᠢ ᠲᠥᠯᠥᠭᠡᠯᠡᠨ ᠰᠦᠯᠵᠢᠶᠡᠨ ᠤ ᠠᠨᠳᠠ ᠨᠠᠷ ᠤᠨ ᠤᠷᠳᠤ ᠬᠤᠭᠤᠴᠠᠭᠠᠨ ᠤ ᠲᠤᠷᠰᠢ ᠨᠢᠩᠴᠧᠩ ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠬᠥᠲᠥᠯᠥᠭᠴᠢ᠄ ᠹᠠᠨ ᠲᠣᠪᠴᠢᠶᠠᠨ ᠳᠠᠷᠤᠭ᠎ᠠ ᠪᠢᠳᠡᠨ ᠳᠤ ᠮᠠᠨ ᠤ ᠰᠢᠶᠠᠨ ᠤ ᠬᠥᠪᠰᠥᠭᠡᠷ ᠰᠢᠷᠣᠶ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠬᠤᠶ ᠪᠠᠶᠢᠳᠠᠯ᠂ ᠵᠣᠷᠢᠯᠭ᠎ᠠ ᠶᠢ ᠲᠠᠨᠢᠯᠴᠠᠭᠤᠯᠤᠭᠠᠳ ᠦᠭᠭᠦᠨ᠎ᠡ︖ ᠵᠣᠴᠢᠨ ᠹᠠᠨ ᠢᠦᠢ ᠵᠢᠶᠦ᠋ᠨ᠄ ᠬᠥᠪᠰᠥᠭᠡᠷ ᠰᠢᠷᠣᠶ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠣᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠶᠢᠨ ᠦᠨᠳᠦᠰᠦᠨ ᠵᠣᠷᠢᠯᠭ᠎ᠠ ᠪᠣᠯ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠬᠡᠳᠦᠨ ᠠᠷᠪᠠᠨ ᠵᠢᠯ ᠤᠨ ᠪᠦᠳᠦᠭᠦᠯᠢᠭ ᠬᠥᠭᠵᠢᠯᠲᠡ ᠠᠴᠠ ᠪᠣᠯᠤᠭᠰᠠᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠣᠷᠴᠢᠨ ᠲᠣᠭᠤᠷᠢᠨ ᠤ ᠶᠠᠰᠤ ᠴᠢᠨᠠᠷ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ ᠶᠤᠮ᠃ ᠬᠥᠲᠥᠯᠥᠭᠴᠢ᠄ ᠲᠡᠭᠡᠪᠡᠯ᠂ ᠮᠠᠨ ᠤ ᠰᠢᠶᠠᠨ ᠤ ᠬᠥᠪᠰᠥᠭᠡᠷ ᠰᠢᠷᠣᠶ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠶᠢᠨ ᠭᠤᠤᠯᠳᠠᠯᠭ᠎ᠠ ᠲᠠᠢ ᠡᠭᠦᠷᠭᠡ ᠨᠢ ᠶᠠᠭᠤ ᠪᠣᠶ︖ ᠵᠣᠴᠢᠨ ᠹᠠᠨ ᠢᠦᠶ ᠵᠢᠶᠦ᠋ᠨ᠄ ᠪᠢᠳᠡ ᠡᠨᠡ ᠤᠳᠠᠭ᠎ᠠ ᠬᠥᠪᠰᠥᠭᠡᠷ ᠰᠢᠷᠣᠶ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠷᠳᠠᠮ ᠢ ᠭᠦᠢᠴᠳᠭᠡᠭᠰᠡᠨ ᠪᠠᠶᠢᠳᠠᠯ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠳᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠤᠣᠯᠳᠠᠯᠭ᠎ᠠ ᠪᠣᠯᠭᠠᠨ᠂ ᠪᠥᠬᠦ ᠰᠢᠶᠠᠨ ᠤ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠮᠠᠨ ᠤ ᠰᠢᠶᠠᠨ ᠤ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠬᠦᠴᠦ ᠨᠡᠮᠡᠷᠢᠯᠡᠨ᠎ᠡ᠃ ᠬᠥᠲᠥᠯᠥᠭᠴᠢ᠄ ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠯᠠᠭ᠎ᠠ ᠮᠥᠴᠢᠷ ᠬᠥᠪᠰᠥᠭᠡᠷ ᠰᠢᠷᠣᠶ ᠶᠢᠨ ᠠᠵᠢᠯ ᠲᠥᠷᠥᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠡᠭᠡᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ᠵᠣᠴᠢᠨ ᠹᠠᠨ ᠢᠦᠶ ᠵᠢᠶᠦ᠋ᠨ᠄ ᠮᠠᠨ ᠤ ᠰᠢᠶᠠᠨ ᠤ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠴᠡᠭ ᠣᠯᠠᠨ ᠪᠥᠭᠡᠳ ᠬᠡᠪᠴᠢᠶ᠎ᠡ ᠥᠷᠭᠡᠨ ᠪᠠᠶᠢᠳᠠᠭ᠂ ᠲᠣᠰ ᠠᠵᠢᠯ ᠢ ᠤᠷᠤᠭᠰᠢᠲᠠᠶ ᠠᠬᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠲᠤᠰᠬᠠᠶ ᠵᠤᠶᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠵᠢᠯᠣᠭᠤᠳᠬᠤ ᠭᠠᠵᠠᠷ ᠪᠠ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠪᠠ ᠬᠤᠶᠠᠳᠠᠬᠢ ᠤᠳᠠᠭᠠᠨ ᠤ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠠᠰᠢᠭᠯᠠᠨ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠠᠵᠤ ᠠᠬᠤᠶᠢᠯᠠᠯ ᠢ ᠶᠡᠭᠡ ᠪᠠᠭ᠎ᠠ ᠭᠡᠵᠦ ᠢᠯᠭᠠᠯ ᠥᠬᠡᠶ ᠪᠠᠷ ᠪᠦᠬᠦᠨ ᠢ ᠬᠠᠮᠤᠷᠤᠭᠤᠯᠬᠤ ᠪᠠᠷ ᠴᠢᠷᠮᠠᠶᠢᠵᠠᠶ᠃ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠳᠤ ᠭᠤᠤᠯᠳᠠᠭᠤ ᠳᠣᠤᠷᠠᠬᠢ ᠮᠡᠲᠦ ᠳᠥᠷᠪᠡᠨ ᠲᠠᠯ᠎ᠠ ᠪᠣᠶ᠄ ᠨᠢᠭᠡ ᠳᠤ ᠡᠳᠦᠷ ᠤᠨ ᠪᠠᠶᠢᠴᠠᠭᠠᠯᠲᠠ᠂ ᠰᠥᠨᠢ ᠶᠢᠨ ᠪᠠᠶᠢᠴᠠᠭᠠᠯᠲᠠ᠂ ᠠᠮᠠᠷᠠᠯᠲᠠ ᠶᠢᠨ ᠡᠳᠦᠷ ᠤᠨ ᠪᠠᠶᠢᠴᠠᠭᠠᠯᠲᠠ᠂ ᠡᠷᠭᠢᠵᠦ ᠪᠠᠶᠢᠴᠠᠭᠠᠬᠤ᠂ ᠣᠯᠠᠨ ᠤᠳᠠᠭ᠎ᠠ ᠪᠠᠶᠢᠴᠠᠭᠠᠬᠤ ᠵᠡᠷᠭᠡ ᠬᠠᠤᠯᠢ ᠬᠡᠷᠡᠭᠵᠢᠭᠦᠯᠦᠯᠲᠡ ᠶᠢᠨ ᠣᠯᠠᠨ  ᠵᠤᠶᠢᠯ ᠤᠨ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠠᠪᠴᠤ᠂ ᠲᠤᠰᠬᠠᠶ ᠵᠤᠶᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠠᠮᠢᠳᠤᠯᠢᠭ ᠢᠶᠠᠷ ᠥᠷᠨᠢᠭᠦᠯᠵᠦ᠂ ᠲᠤᠰᠬᠠᠶ ᠵᠤᠶᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠠᠰᠢᠷᠠᠮ ᠤᠨ ᠴᠢᠨᠠᠷ᠂ ᠭᠡᠨᠡᠳᠲᠡ ᠶᠢᠨ ᠴᠢᠨᠠᠷ ᠢ ᠳᠣᠪᠤᠶᠢᠯᠭᠠᠨ᠂ ᠲᠤᠰᠬᠠᠶ ᠵᠤᠶᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠦᠨᠡᠨ ᠪᠣᠳᠠᠲᠠᠶ ᠴᠡᠭᠴᠡᠯᠡᠨ ᠵᠠᠰᠠᠬᠤ ᠦᠷ᠎ᠡ ᠪᠦᠲᠦᠮᠵᠢ ᠤᠯᠬᠤ ᠪᠠᠷ  ᠴᠢᠷᠮᠠᠶᠢᠪᠠ᠃ ᠬᠤᠶᠠᠷ ᠲᠤ᠂ ᠪᠣᠶ ᠪᠥᠬᠦᠶ ᠬᠥᠪᠰᠥᠭᠡᠷ ᠰᠢᠷᠣᠶ ᠶᠢᠨ ᠠᠵᠤ ᠠᠬᠤᠶᠢᠯᠠᠯ ᠢ ︽ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ︾ ᠵᠠᠷᠴᠢᠮ ᠢ ᠦᠨᠳᠦᠰᠦᠯᠡᠨ᠂ ᠣᠲᠣ ᠶᠢᠨ ᠪᠠᠶᠢᠭ᠎ᠠ ᠮᠠᠲ᠋ᠧᠷᠢᠶᠠᠯ ᠤᠨ ᠣᠪᠣᠭᠠᠨ ᠤ ᠡᠵᠡᠯᠡᠬᠦᠨ ᠢ ︽ᠪᠠᠭᠠᠰᠬᠠᠬᠤ ᠠᠴᠠ ᠪᠢᠰᠢ ᠨᠡᠮᠡᠭᠳᠡᠭᠦᠯᠬᠦ ᠥᠬᠡᠶ︾ ᠪᠠᠶᠢᠯᠭᠠᠬᠤ ᠶᠢ ᠪᠡᠶᠡᠯᠡᠭᠦᠯᠵᠦ᠂ ᠲᠦᠭᠦᠬᠡᠶ ᠮᠠᠲ᠋ᠧᠷᠢᠶᠠᠯ ᠢ ᠬᠤᠳᠠᠯᠳᠤᠬᠤ ᠦᠶ᠎ᠡ ᠳᠤ ᠵᠥᠪᠬᠡᠨ ᠰᠢᠭᠤᠳ ᠮᠠᠯᠲᠠᠵᠤ ᠠᠴᠢᠶᠠᠯᠠᠬᠤ ᠬᠡᠷᠡᠭᠲᠡᠶ᠂ ᠡᠳ᠋ ᠮᠠᠲ᠋ᠧᠷᠢᠶᠠᠯ ᠲᠡᠭᠡᠭᠡᠪᠦᠷᠢᠯᠡᠬᠦ ᠲᠡᠷᠭᠡ ᠬᠥᠰᠬᠡ ᠶᠢ ᠡᠷᠬᠡᠪᠰᠢ ᠨᠢᠭᠲᠠ ᠴᠢᠩᠭ᠎ᠠ ᠪᠦᠲᠡᠭᠡᠭᠰᠡᠨ ᠤ ᠳᠠᠷᠠᠭ᠎ᠠ ᠰᠠᠶ᠋ᠢ ᠵᠠᠮ ᠳᠤ ᠭᠠᠷᠭᠠᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠪᠦᠬᠦ ᠰᠢᠶᠠᠨ ᠤ ᠪᠤᠶ ᠪᠦᠬᠦᠢ ᠬᠥᠪᠰᠥᠭᠡᠷ ᠰᠢᠷᠣᠶ ᠶᠢᠨ ᠠᠵᠤ ᠠᠬᠤᠶᠢᠯᠠᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠤᠯᠠᠭᠠᠨᠬᠠᠳᠠ ᠬᠤᠲᠠ ᠶᠢᠨ ᠳᠡᠭᠳᠡᠮᠡᠯ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠥᠪᠰᠥᠭᠡᠷ ᠰᠢᠷᠣᠶ ᠶᠢᠨ ᠮᠠᠲ᠋ᠧᠷᠢᠶᠠᠯ ᠤᠨ ᠣᠪᠣᠭᠠᠨ ᠳᠤ ᠢᠳᠡᠪᠬᠢᠲᠡᠶ ᠪᠠᠷ ᠲᠣᠭᠤᠰᠣ ᠬᠤᠷᠢᠭᠯᠠᠬᠤ ᠠᠷᠭ᠎ᠠ ᠬᠡᠮᠵᠢᠶ᠎ᠡ ᠠᠪᠴᠤ᠂ ᠬᠥᠮᠥᠷᠭᠡ ᠳᠤ ᠣᠷᠣᠭᠤᠯᠵᠤ ᠨᠢᠭᠲᠠ ᠪᠢᠲᠡᠭᠦᠮᠵᠢᠯᠡᠨ ᠬᠠᠳᠠᠭᠠᠯᠠᠬᠤ ᠶᠢ ᠵᠣᠷᠢᠭᠵᠢᠭᠤᠯᠤᠨ᠂ ᠨᠢᠭᠲᠠ ᠪᠢᠲᠡᠭᠦᠮᠵᠢᠯᠡᠨ ᠬᠠᠳᠠᠭᠠᠯᠠᠬᠤ ᠶᠢ ᠦᠨᠡᠨᠬᠦ ᠪᠡᠶᠡᠯᠡᠭᠦᠯᠵᠦ ᠳᠡᠶᠢᠯᠬᠦ ᠥᠬᠡᠶ ᠪᠣᠯ᠂ ᠪᠣᠶ ᠪᠥᠬᠦᠶ ᠬᠥᠪᠰᠥᠭᠡᠷ ᠰᠢᠷᠣᠶ ᠶᠢᠨ ᠮᠠᠲ᠋ᠧᠷᠢᠶᠠᠯ ᠤᠨ ᠣᠪᠣᠭᠠᠨ ᠳᠤ ᠨᠢᠭᠲᠠ ᠴᠢᠩᠭ᠎ᠠ ᠪᠦᠷᠬᠦᠬᠦ ᠠᠷᠭ᠎ᠠ ᠬᠡᠮᠵᠢᠶ᠎ᠡ ᠠᠪᠬᠤ ᠶᠢ ᠱᠠᠭᠠᠷᠳᠠᠬᠤ ᠶᠢᠨ ᠬᠠᠮᠲᠤ᠂ ᠮᠠᠲ᠋ᠧᠷᠢᠶᠠᠯ ᠤᠨ ᠣᠪᠣᠭᠠᠨ ᠤ ᠳᠥᠷᠪᠡᠨ ᠲᠠᠯ᠎ᠠ ᠳᠤ ᠮᠠᠲ᠋ᠧᠷᠢᠶᠠᠯ ᠤᠨ ᠣᠪᠣᠭᠠᠨ ᠤ ᠥᠨᠳᠥᠷ ᠤᠨ ᠬᠡᠮᠵᠢᠶ᠎ᠡ ᠠᠴᠠ ᠥᠨᠳᠥᠷ ᠰᠠᠯᠬᠢ ᠪᠠ ᠲᠣᠭᠤᠰᠣ ᠬᠤᠷᠢᠭᠯᠠᠬᠤ ᠲᠣᠤᠷ ᠢ ᠪᠠᠶᠢᠭᠤᠯᠬᠤ ᠬᠡᠷᠡᠭᠲᠡᠶ᠃ ᠲᠦᠷᠪᠡ ᠳᠤ᠂ ᠲᠤᠰ ᠤᠳᠠᠭ᠎ᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠮᠠᠨ ᠤ ᠲᠤᠪᠴᠢᠶ᠎ᠠ ᠡᠯ᠎ᠡ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠲᠠᠢ ᠬᠠᠶᠠᠭᠳᠠᠮᠠᠯ ᠬᠡᠢ ᠶᠢᠨ ᠪᠣᠬᠢᠷᠲᠤᠯ ᠢ ᠵᠠᠰᠠᠬᠤ ᠲᠥᠬᠦᠭᠡᠷᠦᠮᠵᠢ ᠳᠤ ᠵᠡᠷᠭᠡᠪᠡᠷ ᠪᠠᠶᠢᠴᠠᠭᠠᠯᠲᠠ ᠬᠢᠵᠦ ᠂ ᠯᠸᠢ ᠮᠧᠩ ᠮᠠᠰᠢᠨ ᠤ ᠪᠦᠰ ᠤᠭᠤᠲᠠ ᠶᠢᠨ ᠲᠣᠭᠤᠰᠣ ᠠᠷᠢᠯᠭᠠᠬᠤ ᠲᠥᠬᠦᠭᠡᠷᠦᠮᠵᠢ ᠪᠣᠯᠤᠨ ᠲᠦᠭᠦᠬᠡᠢ ᠮᠠᠲ᠋ᠧᠷᠢᠶᠠᠯ ᠬᠠᠭᠰᠠᠭᠠᠬᠤ ᠵᠤᠤᠬ᠎ᠠ ᠶᠢᠨ ᠪᠦᠰ ᠤᠭᠤᠲᠠ ᠶᠢᠨ ᠲᠣᠭᠤᠰᠣ ᠠᠷᠢᠯᠭᠠᠬᠤ᠂ ᠬᠦᠬᠦᠷ ᠥᠬᠡᠶᠢᠳᠡᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠡᠯ᠎ᠡ ᠵᠦᠢᠯ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠵᠠᠢ᠃ ᠬᠥᠲᠥᠯᠥᠭᠴᠢ᠄ ᠹᠠᠨ ᠲᠣᠪᠴᠢᠶᠠᠨ ᠳᠠᠷᠤᠭ᠎ᠠ ᠶᠢᠨ ᠰᠠᠶ᠋ᠢᠬᠠᠨ ᠤ ᠲᠠᠨᠢᠯᠴᠠᠭᠤᠯᠭ᠎ᠠ ᠶᠢ ᠰᠣᠨᠣᠰᠤᠭᠠᠳ᠂ ᠪᠢᠳᠡ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠴᠡᠭᠴᠡᠯᠡᠨ ᠵᠠᠰᠠᠬᠤ ᠠᠵᠢᠯ ᠤᠨ ᠲᠤᠬᠠᠶ ᠶᠡᠭᠡ ᠲᠥᠯᠥᠪ ᠣᠶᠢᠯᠠᠭᠠᠯᠲᠠ ᠲᠠᠢ ᠪᠣᠯᠵᠠᠶ᠂ ᠲᠡᠭᠡᠪᠡᠯ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠡᠳ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ ᠪᠣᠶ︖ ᠵᠣᠴᠢᠨ ᠹᠠᠨ ᠢᠦᠶ ᠵᠢᠶᠦ᠋ᠨ᠄ ᠲᠣᠰ ᠤᠳᠠᠭᠠᠨ ᠤ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠴᠡᠭᠴᠡᠯᠡᠨ ᠵᠠᠰᠠᠬᠤ ᠪᠠᠷ ᠳᠡᠮᠵᠢᠨ᠂ ᠬᠥᠪᠰᠥᠭᠡᠷ ᠰᠢᠷᠣᠶ ᠶᠢᠨ ᠠᠵᠤ ᠠᠬᠤᠶᠢᠯᠠᠯ ᠤᠳ ᠥᠩᠭᠡᠷᠡᠭᠰᠡᠨ ᠤ ᠬᠢ ᠠᠴᠠ ᠴᠥᠮ ᠶᠡᠬᠡᠬᠡᠨ ᠰᠠᠶᠢᠵᠢᠷᠠᠯᠲᠠ ᠲᠠᠢ ᠪᠣᠯᠵᠠᠶ᠃ ᠨᠢᠭᠡ ᠳᠤ ᠵᠠᠳᠠᠭᠠᠶ ᠲᠦᠭᠦᠬᠡᠶ ᠡᠳ᠋ ᠣᠪᠣᠭᠠᠯᠠᠬᠤ ᠲᠠᠯᠠᠪᠠᠶ 1400 ᠭᠠᠷᠤᠶ ᠮᠥ ᠬᠠᠰᠤᠭᠳᠠᠵᠠᠶ᠃ ᠬᠤᠶᠠᠷ ᠲᠤ᠂ ᠬᠥᠪᠰᠥᠭᠡᠷ ᠰᠢᠷᠣᠶ ᠶᠢᠨ ᠠᠵᠤ ᠠᠬᠤᠶᠢᠯᠠᠯ ᠤᠨ ᠬᠠᠶᠠᠭᠳᠠᠮᠠᠯ ᠬᠡᠶ ᠶᠢ ᠵᠠᠰᠠᠬᠤ ᠲᠥᠬᠦᠭᠡᠷᠦᠮᠵᠢ ᠶᠢ ᠤᠯᠠᠮ ᠨᠢᠭᠡ ᠠᠯᠬᠤᠮ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠪᠡ᠂ ᠣᠳᠣᠬᠠᠨ ᠳᠤ᠂ ᠪᠣᠶ ᠪᠥᠬᠦᠶ ᠬᠥᠪᠰᠥᠭᠡᠷ ᠰᠢᠷᠣᠶ ᠶᠢᠨ ᠠᠵᠤ ᠠᠬᠤᠶᠢᠯᠠᠯ ᠳᠤ ᠴᠥᠮ ᠪᠥᠰ ᠤᠭᠤᠲᠠ ᠲᠠᠢ ᠲᠣᠭᠤᠰᠣ ᠠᠷᠢᠯᠭᠠᠬᠤ ᠪᠠ ᠬᠦᠬᠦᠷ ᠥᠬᠡᠶᠢᠳᠡᠭᠦᠯᠬᠦ ᠲᠥᠬᠦᠭᠡᠷᠦᠮᠵᠢ ᠤᠭᠰᠠᠷᠠᠵᠤ᠂ ᠬᠠᠶᠠᠭᠳᠠᠮᠠᠯ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠳᠤ ᠴᠥᠮ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠭᠤᠷᠪᠠ ᠳᠤ ᠂ ᠪᠤᠢ ᠪᠦᠬᠦᠢ ᠮᠠᠲ᠋ᠧᠷᠢᠶᠠᠯ ᠤᠨ ᠤᠪᠤᠭ᠎ᠠ ᠲᠠᠢ ᠬᠥᠪᠰᠥᠭᠡᠷ ᠰᠢᠷᠣᠶ ᠶᠢᠨ ᠠᠵᠤ ᠠᠬᠤᠶᠢᠯᠠᠯ ᠴᠥᠮ ᠲᠦᠭᠦᠬᠡᠢ ᠮᠠᠲ᠋ᠧᠷᠢᠶᠠᠯ ᠤᠨ ᠤᠪᠤᠭ᠎ᠠ ᠶᠢᠨ ᠲᠠᠯᠠᠪᠠᠢ ᠶᠢᠨ ᠡᠷᠬᠢᠨ ᠲᠣᠭᠤᠷᠢᠨ ᠳᠤ ᠮᠠᠲ᠋ᠧᠷᠢᠶᠠᠯ ᠤᠨ ᠤᠪᠤᠭ᠎ᠠ ᠶᠢᠨ ᠥᠨᠳᠥᠷ ᠤᠨ ᠬᠡᠮᠵᠢᠶ᠎ᠡ ᠠᠴᠠ ᠥᠨᠳᠥᠷ ᠰᠠᠯᠬᠢ ᠶᠢ ᠰᠡᠷᠭᠡᠶᠢᠯᠡᠵᠦ ᠲᠣᠭᠤᠰᠣ ᠶᠢ ᠬᠤᠷᠢᠭᠯᠠᠬᠤ ᠲᠣᠣᠷ ᠢ ᠪᠠᠶᠢᠭᠤᠯᠤᠭᠰᠠᠨ ᠪᠥᠭᠡᠳ ᠲᠦᠭᠦᠬᠡᠢ ᠮᠠᠲ᠋ᠧᠷᠢᠶᠠᠯ ᠤᠨ ᠤᠪᠤᠭ᠎ᠠ ᠶᠢᠨ ᠲᠠᠯᠠᠪᠠᠢ ᠳᠤ ᠪᠦᠲᠡᠭᠡᠯᠭᠡ ᠶᠢᠨ ᠠᠷᠭ᠎ᠠ ᠠᠪᠴᠠᠢ᠂ ᠡᠭᠦᠨ ᠳᠤ 39 ᠠᠵᠤ ᠠᠬᠤᠶᠢᠯᠠᠯ ᠨᠢ ᠪᠠᠰᠠ ᠮᠠᠰᠢᠨᠴᠢᠯᠠᠭᠰᠠᠨ ᠴᠡᠪᠡᠷᠯᠡᠬᠦ ᠮᠠᠰᠢᠨ ᠲᠡᠷᠭᠡ ᠬᠤᠳᠠᠯᠳᠤᠨ ᠠᠪᠴᠤ᠂ ᠵᠠᠮ ᠤᠨ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠪᠡ᠃ ᠳᠥᠷᠪᠡ ᠳᠤ ᠣᠷᠴᠢᠨ ᠠᠬᠤᠶ ᠶᠢᠨ ᠬᠠᠮᠠᠭᠠᠯᠠᠯᠲᠠ ᠶᠢᠨ ᠭᠠᠷ ᠭᠦᠢᠴᠳᠭᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠪᠰᠥᠭᠡᠷ ᠰᠢᠷᠣᠶ ᠶᠢᠨ 6 ᠠᠵᠤ ᠠᠬᠤᠶᠢᠯᠠᠯ ᠲᠣᠰ ᠤᠳᠠᠭᠠᠨ ᠤ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠴᠡᠭᠴᠡᠯᠡᠨ ᠵᠠᠰᠠᠬᠤ ᠶᠠᠪᠤᠴᠠ ᠳᠤ ᠪᠡᠶ᠎ᠡ ᠪᠠᠨ ᠳᠠᠭᠠᠭᠠᠵᠤ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠳᠠᠭᠤᠰᠤᠭᠠᠳ ᠰᠢᠯᠭᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠬᠥᠲᠥᠯᠥᠭᠴᠢ᠄ ᠹᠠᠨ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠪᠢᠳᠡ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠶᠢᠨ ᠨᠢᠩᠴᠧᠩ ᠰᠢᠶᠠᠨ ᠤ ᠬᠤᠪᠢᠶᠠᠷᠢ ᠲᠣᠪᠴᠢᠶ᠎ᠠ ᠶᠢᠨ ᠬᠥᠪᠰᠥᠭᠡᠷ ᠰᠢᠷᠣᠶ ᠶᠢᠨ ᠠᠵᠢᠯ ᠲᠥᠷᠥᠯ ᠤᠨ ᠴᠡᠭᠴᠡᠯᠡᠨ ᠵᠠᠰᠠᠬᠤ ᠠᠵᠢᠯ ᠤᠨ ᠳᠤᠮᠳᠠ ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠬᠢᠭᠰᠡᠨ ᠢ ᠣᠶᠢᠯᠠᠭᠠᠪᠠ᠃ ᠠᠷᠠᠳ ᠤᠯᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠬᠠᠨᠤᠮᠵᠢ ᠶᠢᠨ ᠬᠡᠮᠵᠢᠶ᠎ᠡ ᠤᠯᠠᠮ ᠠᠴᠠ ᠤᠯᠠᠮ ᠥᠨᠳᠥᠷ ᠪᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠬᠦᠷᠲᠡᠮᠵᠢ ᠶᠢᠨ ᠲᠦᠷᠦᠭᠳᠡᠯ ᠤᠯᠠᠮ ᠠᠴᠠ ᠤᠯᠠᠮ ᠴᠢᠩᠭ᠎ᠠ ᠪᠣᠯᠬᠤ ᠶᠢ ᠪᠢᠳᠡ ᠢᠲᠡᠭᠡᠵᠦ ᠪᠠᠶᠢᠨ᠎ᠠ᠃    ᠣᠲᠣ ᠰᠦᠯᠵᠢᠶᠡᠨ ᠤ ᠠᠨᠳᠠ ᠨᠠᠷ ᠤᠨ ᠠᠰᠠᠭᠤᠯᠲᠠ ᠳᠤᠷᠠᠳᠬᠤ ᠴᠠᠭ ᠪᠣᠯᠵᠣ ᠪᠠᠶᠢᠨ᠎ᠠ᠂ ᠰᠦᠯᠵᠢᠶᠡᠨ ᠤ ᠠᠨᠳᠠ ᠨᠠᠷ ᠣᠷᠴᠢᠨ ᠠᠬᠤᠶ ᠶᠢᠨ ᠬᠠᠮᠠᠭᠠᠯᠠᠯᠲᠠ ᠳᠤ ᠬᠤᠯᠪᠣᠭᠳᠠᠬᠤ ᠪᠤᠰᠤᠳ ᠠᠰᠠᠭᠤᠳᠠᠯ ᠢ ᠠᠰᠠᠭᠤᠵᠤ ᠪᠣᠯᠤᠨ᠎ᠠ᠂ ᠹᠠᠨ ᠲᠣᠪᠴᠢᠶᠠᠨ ᠳᠠᠷᠤᠭ᠎ᠠ ᠣᠯᠠᠨ ᠳᠤ ᠰᠦᠯᠵᠢᠶᠡᠨ ᠳᠡᠭᠡᠷ᠎ᠡ ᠬᠠᠷᠢᠭᠤᠯᠲᠠ ᠥᠭᠬᠦ ᠪᠣᠯᠤᠨ᠎ᠠ᠂ ᠰᠦᠯᠵᠢᠶᠡᠨ ᠤ ᠠᠨᠳᠠ ᠨᠠᠷ ᠢᠳᠡᠪᠬᠢᠲᠡᠶ ᠪᠠᠷ ᠠᠰᠠᠭᠤᠯᠲᠠ ᠲᠠᠯᠪᠢᠬᠤ ᠶᠢ ᠬᠦᠰᠡᠵᠦ ᠪᠠᠶᠢᠨ᠎ᠠ᠃ ᠰᠦᠯᠵᠢᠶᠡᠨ ᠤ ᠠᠨᠳᠠ ᠴᠠᠭᠠᠨ ᠬᠠᠨᠲᠠᠭᠠᠵᠠ᠄ ᠹᠠᠨ ᠲᠣᠪᠴᠢᠶᠠᠨ ᠳᠠᠷᠤᠭ᠎ᠠ ᠡ᠂ ᠣᠷᠴᠢᠨ ᠠᠬᠤᠶ ᠶᠢ ᠬᠠᠮᠠᠭᠠᠯᠠᠬᠤ ᠳᠤ ᠮᠠᠨ ᠤ ᠣᠯᠠᠨ ᠲᠦᠮᠡᠨ ᠴᠤᠬᠤᠮ ᠶᠠᠮᠠᠷ ᠬᠤᠪᠢ ᠨᠡᠮᠡᠷᠢ ᠦᠵᠡᠭᠦᠯᠵᠦ ᠴᠢᠳᠠᠬᠤ ᠪᠤᠶ  ︖᡼ ᠹᠠᠨ ᠢᠦᠶ ᠵᠢᠶᠦ᠋ᠨ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠪᠢᠳᠡᠨ ᠤ ᠪᠠᠶᠢᠭᠤᠯᠬᠤ ᠴᠢᠬᠤᠯᠠᠲᠠᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠨᠢ ᠡᠩ ᠲᠡᠷᠢᠭᠦᠨ ᠳᠤ ᠤᠯᠠᠨ ᠨᠡᠶᠢᠲᠡ ᠶᠢᠨ ᠬᠠᠮᠲᠤ ᠶᠢᠨ ᠣᠷᠣᠯᠴᠠᠯᠭ᠎ᠠ ᠶᠢ ᠱᠠᠭᠠᠷᠳᠠᠨ᠎ᠠ᠃ ᠡᠶᠢᠮᠦ ᠠᠴᠠ ᠪᠢᠳᠡ ᠪᠠᠰᠠ ᠣᠯᠠᠨ ᠨᠡᠶᠢᠲᠡ ᠶᠢ ᠵᠢᠯᠣᠭᠤᠳᠤᠨ ᠳᠠᠶᠢᠴᠢᠯᠠᠵᠤ ᠪᠠᠶᠢᠭᠠᠳ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠭᠤᠯᠤᠭᠰᠠᠭᠠᠷ ᠢᠷᠡᠵᠡᠢ᠂ ᠡᠨᠡ ᠨᠢ ᠪᠢᠳᠡᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠢ ᠲᠦᠯᠬᠢᠨ ᠠᠬᠢᠭᠤᠯᠬᠤ᠂ ᠲᠡᠭᠦᠨ ᠳᠤ ᠬᠢᠨᠠᠯᠲᠠ ᠲᠠᠯᠪᠢᠬᠤ᠂ ᠪᠣᠬᠢᠷᠲᠤᠯ ᠢ ᠰᠡᠷᠭᠡᠶᠢᠯᠡᠨ ᠵᠠᠰᠠᠬᠤ  ᠪᠤᠭᠤᠮᠲᠠ ᠰᠢᠪᠲᠤᠯᠬᠤ ᠲᠠᠶᠢᠨ ᠢ ᠰᠠᠶᠢᠲᠤᠷ ᠬᠢᠬᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠣᠷᠴᠢᠨ ᠠᠬᠤᠶ ᠶᠢᠨ ᠵᠠᠰᠠᠯᠲᠠ ᠶᠢᠨ ᠪᠠᠶᠢᠷᠢᠰᠢᠯ ᠢ ᠪᠦᠷᠢᠯᠳᠦᠭᠦᠯᠬᠦ᠂ ᠣᠷᠴᠢᠨ ᠠᠬᠤᠶ ᠶᠢᠨ ᠶᠠᠰᠤ ᠴᠢᠨᠠᠷ ᠢ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠳᠤ ᠮᠠᠰᠢ ᠶᠡᠭᠡ ᠢᠳᠡᠪᠬᠢᠲᠡᠶ ᠦᠢᠯᠡᠳᠦᠯ ᠲᠠᠢ ᠶᠤᠮ᠃ ᠮᠢᠨᠦ ᠦᠵᠡᠬᠦ ᠪᠠᠷ ᠤᠯᠠᠨ ᠢᠶᠠᠷ ᠢᠶᠠᠨ ᠡᠨᠡ ᠬᠡᠳᠦᠨ ᠲᠠᠯ᠎ᠠ ᠠᠴᠠ ᠡᠬᠢᠯᠡᠵᠦ ᠬᠢᠵᠦ ᠪᠣᠯᠤᠨ᠎ᠠ᠃    ᠨᠢᠭᠡ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠲᠦᠷᠦ ᠶᠢᠨ ᠪᠤᠳᠤᠯᠭ᠎ᠠ ᠶᠢ ᠢᠳᠡᠪᠬᠢᠲᠡᠢ ᠠᠩᠬᠠᠷᠴᠤ᠂ ᠪᠢᠳᠡᠨ ᠳᠤ ᠠᠷᠭ᠎ᠠ ᠤᠬᠠᠭᠠᠨ ᠭᠠᠷᠭᠠᠵᠤ᠂ ᠤᠶᠤᠨ ᠤᠬᠠᠭᠠᠨ ᠢᠶᠠᠨ ᠡᠷᠭᠦᠨ᠂ ᠣᠷᠴᠢᠨ ᠠᠬᠤᠶ ᠶᠢᠨ ᠠᠰᠠᠭᠤᠳᠠᠯ ᠳᠤ ᠬᠢᠨᠠᠯᠲᠠ ᠲᠠᠯᠪᠢᠭᠴᠢ ᠪᠤᠯᠵᠤ᠂ ᠠᠮᠢ ᠠᠬᠤᠶ ᠶᠢᠨ ᠡᠪᠳᠡᠭᠳᠡᠯ ᠪᠠ ᠣᠷᠴᠢᠨ ᠠᠬᠤᠶ ᠶᠢᠨ ᠪᠣᠬᠢᠷᠲᠤᠯ ᠤᠨ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ︽12369︾ ᠲᠠᠪᠴᠠᠩ ᠳᠤ ᠢᠯᠡᠴᠢᠯᠡᠨ ᠮᠡᠳᠡᠭᠦᠯᠦᠨ᠎ᠡ︔ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠮᠡᠳᠡᠯᠭᠡ ᠪᠠ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠢᠳᠡᠪᠬᠢᠲᠡᠶ ᠪᠠᠷ ᠤᠯᠠᠮᠵᠢᠯᠠᠨ ᠳᠡᠯᠭᠡᠷᠡᠭᠦᠯᠵᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠨ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠢᠳᠡᠪᠬᠢ ᠬᠦᠴᠦᠨ ᠢ ᠳᠠᠮᠵᠢᠭᠤᠯᠤᠨ᠎ᠠ᠃    ᠬᠤᠶᠠᠷ ᠲᠤ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠪᠠ ᠠᠮᠢᠳᠤᠷᠠᠯ ᠤᠨ ᠰᠢᠨ᠎ᠡ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠷᠪᠢᠯᠠᠨ ᠭᠠᠮᠨᠠᠵᠤ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠠᠷᠪᠢᠯᠠᠨ ᠭᠠᠮᠨᠠᠬᠤ ᠶᠢ ᠡᠷᠬᠢᠮᠯᠡᠬᠦ ᠪᠠᠷ ᠢᠷᠠᠭᠤ ᠠᠯᠳᠠᠷ ᠢᠶᠠᠨ ᠪᠣᠯᠭᠠᠵᠤ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠢᠴᠢᠭᠦᠷᠢ ᠭᠤᠲᠤᠮᠰᠢᠭ ᠢᠶᠠᠷ ᠦᠵᠡᠵᠦ᠂ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ ᠳᠡᠷᠭᠡᠳᠡᠬᠢ ᠡᠨᠧᠷᠭᠢ ᠶᠢᠨ ᠰᠤᠷᠪᠤᠯᠵᠢ ᠶᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ ᠶᠢᠨ ᠬᠠᠮᠲᠤ ᠬᠤᠪᠢ ᠬᠥᠮᠦᠨ ᠤ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠵᠤ ᠪᠣᠯᠤᠨ᠎ᠠ᠃    ᠭᠤᠷᠪᠠ ᠳᠤ᠂ ᠳᠡᠷᠭᠡᠳᠡᠬᠢ ᠵᠢᠵᠢᠭ ᠶᠠᠪᠤᠳᠠᠯ ᠢᠶᠠᠨ ᠰᠠᠶᠢᠲᠤᠷ ᠬᠢᠵᠦ᠂ ᠵᠢᠱᠢᠶᠡᠯᠡᠪᠡᠯ᠄ ᠤᠬᠠᠮᠰᠠᠷ ᠠᠴᠠ ᠪᠠᠨ ᠴᠠᠬᠢᠯᠭᠠᠨ ᠢ ᠠᠷᠪᠢᠯᠠᠬᠤ᠂ ᠪᠣᠬᠢᠷᠲᠤᠯ ᠦᠭᠡᠢ ᠪᠦᠲᠦᠭᠡᠭᠳᠡᠬᠦᠨ ᠢ ᠤᠷᠢᠳᠠᠪᠠᠷ ᠰᠣᠩᠭᠤᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠰᠣᠩᠭᠤᠬᠤ᠂ ᠬᠤᠭ ᠨᠣᠪᠰᠢ ᠶᠢ ᠲᠦᠷᠦᠯ ᠬᠤᠪᠢᠶᠠᠬᠤ ᠪᠠ ᠬᠤᠷᠢᠶᠠᠨ ᠠᠪᠴᠤ ᠠᠰᠢᠭᠯᠠᠬᠤ ᠮᠡᠳᠡᠯᠭᠡ ᠶᠢ ᠰᠤᠷᠤᠯᠴᠠᠨ ᠡᠵᠡᠮᠰᠢᠬᠦ᠂ ᠬᠤᠭ ᠨᠣᠪᠰᠢ᠂ ᠡᠰᠢ ᠰᠦᠷᠡᠯ ᠢ ᠰᠢᠲᠠᠭᠠᠬᠤ ᠦᠭᠡᠢ᠂ ᠰᠤᠯᠠ ᠨᠡᠭᠦᠷᠡᠰᠦ ᠶᠢ ᠪᠠᠭ᠎ᠠ ᠰᠢᠲᠠᠭᠠᠬᠤ᠂ ᠬᠤᠸᠠᠷ ᠫᠤᠤᠵᠢᠩ ᠴᠥᠭᠡᠨ ᠲᠠᠯᠪᠢᠬᠤ᠂ ᠲᠤᠰᠤᠨ ᠤᠲᠤᠭ᠎ᠠ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠢᠮᠢ ᠶᠢᠨ ᠤᠬᠢᠶᠠᠯᠭ᠎ᠠ ᠶᠢᠨ ᠡᠳ᠋ ᠢ ᠪᠠᠭ᠎ᠠ ᠬᠡᠷᠡᠭᠯᠡᠬᠦ᠂ ᠬᠢᠮᠢ ᠶᠢᠨ ᠪᠤᠷᠳᠤᠭᠤᠷ ᠲᠠᠷᠢᠶᠠᠨ ᠡᠮ ᠢ ᠪᠠᠭ᠎ᠠ ᠬᠡᠷᠡᠭᠯᠡᠬᠦ᠂ ᠱᠤᠤᠭᠢᠶᠠᠨ ᠢᠶᠠᠷ ᠠᠷᠠᠳ ᠢ ᠦᠢᠮᠡᠭᠦᠯᠬᠦ ᠠᠴᠠ ᠵᠠᠶᠢᠯᠠᠰᠬᠢᠬᠦ ᠵᠡᠷᠭᠡ ᠶᠢ ᠪᠦᠷ ᠭᠦᠢᠴᠡᠳᠬᠡᠵᠦ ᠪᠣᠯᠬᠤ ᠶᠤᠮ᠃ ᠬᠥᠲᠥᠯᠥᠭᠴᠢ᠄ ᠰᠦᠯᠵᠢᠶᠡᠨ ᠤ ᠠᠨᠳᠠ ᠨᠠᠷ ᠡ᠂ ᠹᠠᠨ ᠲᠣᠪᠴᠢᠶᠠᠨ ᠳᠠᠷᠤᠭ᠎ᠠ ᠶᠢᠨ ᠪᠢᠳᠡᠨ ᠳᠤ ᠣᠷᠴᠢᠨ ᠠᠬᠤᠶ ᠶᠢᠨ ᠬᠠᠮᠠᠭᠠᠯᠠᠯᠲᠠ ᠶᠢᠨ ᠲᠠᠯ᠎ᠠ ᠪᠠᠷ ᠬᠢ ᠬᠤᠯᠪᠣᠭᠳᠠᠯ ᠪᠥᠬᠦᠶ ᠪᠠᠶᠢᠳᠠᠯ ᠢ ᠲᠠᠶᠢᠯᠪᠤᠷᠢᠯᠠᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠪᠣᠯᠵᠣ᠂ ᠪᠢᠳᠡᠨ ᠤ ᠥᠨᠥᠳᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠠᠰᠠ ᠰᠦᠯᠵᠢᠶᠡᠨ ᠤ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠪᠢᠳᠡ ᠲᠠᠷᠠᠭᠠᠴᠢ ᠶᠢᠨ ᠫᠷᠤᠭ᠍ᠷᠠᠮ ᠳᠠᠭᠠᠨ ᠪᠠᠶᠠᠷᠲᠠᠶ ᠵᠣᠯᠭᠠᠶ᠎ᠠ︕
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号