ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2021 ᠣᠨ ᠤ ᠨᠢᠭᠡᠳᠦᠭᠡᠷ ᠬᠤᠭᠤᠴᠠᠭᠠᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/3/29
         ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠲᠡᠭᠦᠨ ᠢ ᠬᠡᠷᠡᠭᠵᠢᠭᠦᠯᠬᠦ ᠳᠦᠷᠢᠮ ᠵᠡᠷᠭᠡ ᠲᠣᠭᠲᠠᠭᠠᠯ ᠢ ᠦᠨᠳᠦᠰᠦᠯᠡᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ᠂ ᠢᠳᠡᠭᠡᠨ ᠤ ᠠᠶᠤᠯᠭᠦᠢ ᠶᠢᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠥᠷᠭᠡᠨ ᠤᠯᠠᠨ ᠠᠷᠠᠳ ᠲᠦᠮᠡᠨ ᠳᠤ ᠢᠳᠡᠭᠡᠨ ᠤ ᠵᠠᠬ᠎ᠠ ᠳᠡᠯᠭᠡᠭᠦᠷ ᠤᠨ ᠬᠡᠷᠡᠭᠯᠡᠭᠡᠨ ᠤ ᠡᠶ᠎ᠡ ᠨᠠᠶᠢᠷᠠᠮᠳᠠᠭᠤ ᠠᠮᠤᠷ ᠲᠦᠪᠰᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ 2021 ᠣᠨ ᠤ ᠴᠠᠭᠠᠨ ᠰᠠᠷ᠎ᠠ ᠠᠴᠠ ᠡᠮᠦᠨ᠎ᠡ ᠪᠦᠬᠦ ᠰᠢᠶᠠᠨ ᠤ ᠬᠡᠰᠡᠭ ᠢᠳᠡᠭᠡᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠪᠡ᠂ ᠡᠳᠦᠭᠡ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠳᠣᠣᠷᠠᠬᠢ ᠮᠡᠲᠦ ᠨᠡᠶᠢᠲᠡᠯᠡᠶ᠎ᠡ᠄        ᠲᠣᠰ ᠬᠤᠭᠤᠴᠠᠭᠠᠨ ᠤ ᠠᠯᠪᠠᠨ ᠵᠠᠷ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ ᠨᠢ ᠨᠡᠶᠢᠲᠡ 23 ᠶᠡᠭᠡ ᠲᠥᠷᠥᠯ ᠳᠤ ᠬᠤᠯᠪᠣᠭᠳᠠᠵᠤ᠂ ᠨᠡᠶᠢᠲᠡ 357 ᠪᠦᠯᠦᠭ ᠤᠳᠠᠭ᠎ᠠ ᠶᠢᠨ ᠦᠢᠯᠡᠳᠭᠦᠨ ᠪᠣᠯᠤᠨ᠎ᠠ᠃ ᠡᠭᠦᠨ ᠳᠤ᠂ ᠢᠳᠡᠭᠡᠨ ᠤᠮᠳᠠᠭᠠᠨ ᠤ ᠵᠦᠢᠯ 61 ᠪᠦᠯᠦᠭ ᠤᠳᠠᠭ᠎ᠠ᠂ ᠪᠢᠩᠭᠠᠨ 2 ᠪᠦᠯᠦᠭ ᠤᠳᠠᠭ᠎ᠠ᠂ ᠴᠠᠶ ᠪᠣᠯᠤᠨ ᠬᠤᠯᠪᠣᠭᠳᠠᠯ ᠪᠦᠬᠦᠢ ᠪᠦᠲᠦᠭᠡᠭᠳᠡᠬᠦᠨ ᠢ 2 ᠪᠦᠯᠦᠭ ᠤᠳᠠᠭ᠎ᠠ᠂ ᠬᠠᠭᠤᠷᠤᠭᠰᠠᠨ ᠢᠳᠡᠭᠡᠨ ᠪᠣᠯᠤᠨ ᠬᠠᠲᠠᠭᠤ ᠵᠢᠮᠢᠰ ᠤᠨ ᠪᠦᠲᠦᠭᠡᠭᠳᠡᠬᠦᠨ ᠢ 4 ᠪᠦᠯᠦᠭ ᠤᠳᠠᠭ᠎ᠠ᠂ ᠪᠤᠷᠴᠠᠭ ᠤᠨ ᠢᠳᠡᠭᠡᠨ 2 ᠪᠦᠯᠦᠭ ᠤᠳᠠᠭ᠎ᠠ᠂  ᠲᠦᠭᠦᠮ ᠢᠳᠡᠭᠡᠨ ᠤ ᠵᠦᠢᠯ ᠢ 2 ᠪᠦᠯᠦᠭ ᠤᠳᠠᠭ᠎ᠠ᠂ ᠠᠷᠢᠬᠢᠨ ᠤ ᠵᠦᠢᠯ 15 ᠪᠦᠯᠦᠭ ᠤᠳᠠᠭ᠎ᠠ᠂ ᠬᠥᠯᠳᠡᠭᠦᠦ ᠤᠮᠳᠠᠭᠠᠨ ᠢ 1 ᠪᠦᠯᠦᠭ ᠤᠳᠠᠭ᠎ᠠ  ᠂ ᠴᠠᠭᠠᠨ ᠢᠳᠡᠭᠡ ᠶᠢ 7 ᠪᠦᠯᠦᠭ ᠤᠳᠠᠭ᠎ᠠ᠂ ᠰᠢᠬᠢᠷ ᠢ 4 ᠪᠦᠯᠦᠭ ᠤᠳᠠᠭ᠎ᠠ᠂ ᠢᠳᠡᠰᠢᠨ ᠲᠤᠰᠤ᠂ ᠥᠭᠡᠬᠦ ᠲᠤᠰᠦ ᠵᠢᠴᠢ ᠪᠦᠲᠦᠭᠡᠭᠳᠡᠬᠦᠨ ᠢ 10 ᠪᠦᠯᠦᠭ ᠤᠳᠠᠭ᠎ᠠ᠂ ᠴᠠᠷᠳᠠᠭᠤᠯ ᠵᠢᠴᠢ ᠴᠠᠷᠳᠠᠭᠤᠯ ᠤᠨ ᠪᠦᠲᠦᠭᠡᠭᠳᠡᠬᠦᠨ ᠢ 16 ᠪᠦᠯᠦᠭ ᠤᠳᠠᠭ᠎ᠠ᠂ ᠮᠢᠬᠠᠨ ᠪᠦᠲᠦᠭᠡᠭᠳᠡᠬᠦᠨ ᠢ 27 ᠪᠦᠯᠦᠭ ᠤᠳᠠᠭ᠎ᠠ᠂ ᠪᠣᠣᠪᠤ 14 ᠪᠦᠯᠦᠭ ᠤᠳᠠᠭ᠎ᠠ᠂ ᠠᠮᠤ ᠪᠤᠳᠠᠭ᠎ᠠ ᠡᠳ᠋ᠰᠢᠭᠦᠯᠦᠭᠰᠡᠨ ᠪᠦᠲᠦᠭᠡᠭᠳᠡᠬᠦᠨ 35 ᠪᠦᠯᠦᠭ ᠤᠳᠠᠭ᠎ᠠ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ 3 ᠪᠦᠯᠦᠭ ᠤᠳᠠᠭ᠎ᠠ᠂ ᠲᠥᠮᠥᠰᠥ ᠶᠢᠨ ᠵᠦᠢᠯ ᠪᠠ ᠬᠥᠭᠡᠯᠭᠡᠭᠰᠡᠨ ᠢᠳᠡᠭᠡᠨ 2 ᠪᠦᠯᠦᠭ ᠤᠳᠠᠭ᠎ᠠ᠂ ᠵᠢᠮᠢᠰ ᠤᠨ ᠪᠦᠲᠦᠭᠡᠭᠳᠡᠬᠦᠨ 1 ᠪᠦᠯᠦᠭ ᠤᠳᠠᠭ᠎ᠠ᠂ ᠲᠦᠷᠭᠡᠨ ᠬᠥᠯᠳᠡᠭᠡᠭᠰᠡᠨ ᠢᠳᠡᠭᠡᠨ 6 ᠪᠦᠯᠦᠭ ᠤᠳᠠᠭ᠎ᠠ᠂ ᠰᠢᠬᠢᠷ ᠵᠢᠮᠢᠰ ᠤᠨ ᠪᠦᠲᠦᠭᠡᠭᠳᠡᠬᠦᠨ 2 ᠪᠦᠯᠦᠭ ᠤᠳᠠᠭ᠎ᠠ᠂ ᠠᠮᠲᠠ ᠣᠷᠣᠭᠤᠯᠬᠤ ᠡᠳ᠋ 35 ᠪᠦᠯᠦᠭ ᠤᠳᠠᠭ᠎ᠠ᠂ ᠤᠮᠳᠠᠭᠠᠨ 7 ᠪᠦᠯᠦᠭ ᠤᠳᠠᠭ᠎ᠠ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ 99 ᠪᠦᠯᠦᠭ ᠤᠳᠠᠭ᠎ᠠ ᠪᠠᠶᠢᠴᠠᠭᠠᠪᠠ᠃ ᠰᠢᠯᠭᠠᠨ ᠪᠠᠶᠢᠴᠠᠭᠠᠭᠰᠠᠨ ᠢᠶᠠᠷ᠂ ᠪᠣᠶ ᠪᠥᠬᠦᠶ ᠪᠦᠯᠦᠭ ᠤᠳᠠᠭ᠎ᠠ ᠶᠢᠨ ᠦᠢᠯᠡᠳᠭᠦᠨ ᠤ ᠳᠣᠲᠣᠷᠠᠬᠢ 323 ᠪᠦᠯᠦᠭ ᠤᠳᠠᠭ᠎ᠠ ᠨᠢ ᠬᠢᠷᠢ ᠲᠡᠩᠴᠡᠭᠰᠡᠨ ᠦᠢᠯᠡᠳᠭᠦᠨ᠂ 34 ᠪᠦᠯᠦᠭ ᠤᠳᠠᠭ᠎ᠠ ᠨᠢ ᠬᠢᠷᠢ ᠲᠡᠩᠴᠡᠭᠰᠡᠨ ᠥᠬᠡᠶ ᠦᠢᠯᠡᠳᠭᠦᠨ ᠪᠣᠯᠤᠨ᠎ᠠ᠃                ᠳᠠᠭᠠᠯᠳᠤᠭᠤᠯᠤᠯ᠄ ᠢᠳᠡᠭᠡᠨ ᠤ ᠠᠶᠤᠯᠭᠦᠶ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠢᠯᠡᠳᠬᠦᠨ ᠤ ᠮᠡᠳᠡᠭᠡ ᠵᠠᠩᠭᠢ ᠶᠢᠨ ᠬᠦᠰᠦᠨᠦᠭᠲᠦ        ᠢᠳᠡᠭᠡᠨ ᠤ ᠠᠶᠤᠯᠭᠦᠶ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠦᠢᠯᠡᠳᠬᠦᠨ ᠤ ᠮᠡᠳᠡᠭᠡ ᠵᠠᠩᠭᠢ ᠶᠢᠨ ᠬᠦᠰᠦᠨᠦᠭᠲᠦ  http://www.ningchengxian.gov.cn/contents/133/16071.html
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号